ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ ᠪᠣᠳᠣᠬᠤ ᠴᠢᠳᠠᠪᠤᠷᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ 《ᠬᠣᠣᠰ ᠬᠣᠰᠢᠭᠤᠴᠢ》 ᠪᠣᠯᠪᠠ
ᠨᠡᠶ᠋ᠢᠲᠡᠯᠡᠭᠰᠡᠨ ᠴᠠᠭ᠄ 2025-12-15

ᠰᠤᠷᠪᠤᠯᠵᠢᠯᠠᠭ᠍ᠴᠢ ᠬᠥᠬᠡᠬᠣᠲᠠ᠎ᠶᠢᠨ ᠲᠣᠮᠣ᠌ ᠳ᠋ᠠᠢᠲ᠋ᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ᠎ᠢᠶᠠᠷ᠂ ᠣᠢᠷ᠎ᠠ᠎ᠳᠤ ᠬᠤᠷᠠᠯᠳᠤᠭᠤᠯᠤᠭᠰᠠᠨ 2025 ᠣᠨ᠎ᠤ ᠪᠣᠳᠣᠬᠤ ᠴᠢᠳᠠᠪᠤᠷᠢ᠎ᠶᠢᠨ ᠠᠵᠤ ᠦᠢᠯᠡᠰ᠎ᠦᠨ ᠠᠮᠢ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠶᠡᠬᠡ ᠬᠤᠷᠠᠯ ᠳᠡᠭᠡᠷ᠎ᠡ᠂ ᠬᠥᠬᠡᠬᠣᠲᠠ 《ᠣᠶᠤᠨᠴᠢ ᠪᠣᠳᠣᠬᠤ ᠴᠢᠳᠠᠪᠤᠷᠢ᠎ᠶᠢᠨ ᠦᠰᠦᠷᠦᠯᠲᠡ᠎ᠶᠢᠨ ᠬᠣᠰᠢᠭᠤᠴᠢ》 《ᠨᠣᠭᠣᠭᠠᠨ ᠪᠣᠳᠣᠬᠤ ᠴᠢᠳᠠᠪᠤᠷᠢ᠎ᠶᠢᠨ ᠬᠡᠪ ᠳᠠᠭᠤᠷᠢᠶᠠᠯ᠎ᠤᠨ ᠬᠣᠰᠢᠭᠤᠴᠢ》 ᠭᠡᠬᠦ ᠬᠣᠶᠠᠷ ᠠᠯᠳᠠᠷ ᠴᠣᠯᠠ ᠭᠥᠷᠳᠡᠵᠦ᠂ ᠪᠣᠳᠣᠬᠤ ᠴᠢᠳᠠᠪᠤᠷᠢ᠎ᠶᠢᠨ ᠠᠵᠤ ᠦᠢᠯᠡᠰ᠎ᠦᠨ ᠬᠥᠭᠵᠢᠯᠲᠡ᠎ᠳᠡᠬᠢ ᠯᠠᠪᠳᠠᠭᠤᠨ ᠪᠠᠲᠤᠲᠠᠢ ᠦᠷ᠎ᠡ ᠪᠦᠲᠦᠮᠵᠢ ᠬᠢᠭᠡᠳ ᠢᠯᠡ ᠲᠣᠳᠣ᠌ ᠳᠠᠪᠠᠭᠤᠯᠢᠭ᠋᠎ᠢᠶᠠᠨ ᠭᠦᠢᠴᠡᠳ ᠢᠯᠡᠷᠡᠭᠦᠯᠪᠡ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠬᠥᠬᠡᠬᠣᠲᠠ᠎ᠶᠢᠨ ᠨᠣᠭᠣᠭᠠᠨ ᠪᠤᠳᠤᠬᠤ ᠴᠢᠳᠠᠪᠤᠷᠢ᠎ᠶᠢᠨ ᠵᠢᠭᠠᠯᠲᠠ ᠲᠣᠭ᠎ᠠ ᠪᠥᠬᠥ ᠤᠯᠤᠰ᠎ᠤᠨ ᠲᠡᠷᠢᠭᠦᠨ᠎ᠳᠦ ᠣᠷᠣᠵᠤ᠂ 《ᠳᠤᠮᠳᠠᠳᠤ ᠤᠯᠤᠰ᠎ᠤᠨ ᠡᠭᠦᠯᠡᠨ ᠬᠥᠨᠳᠡᠢ》᠎ᠶᠢᠨ ᠴᠣᠯᠠ ᠭᠥᠷᠳᠡᠵᠦ᠂ ᠮᠥᠩᠭᠥᠨ ᠭᠦᠢᠯᠭᠡᠭᠡᠨ᠎ᠦ ᠠᠷᠪᠠᠨ ᠲᠣᠮᠣ᠌ ᠪᠠᠢᠭᠤᠯᠤᠮᠵᠢ᠎ᠶᠢᠨ ᠳ᠋ᠠᠢᠲ᠋ᠠ᠎ᠶᠢᠨ ᠲᠥᠪ᠎ᠦᠳ᠎ᠢ ᠨᠤᠲᠤᠭᠰᠢᠭᠤᠯᠵᠤ᠂ ᠪᠥᠬᠥ ᠤᠯᠤᠰ᠎ᠲᠠᠬᠢ ᠬᠡᠪᠴᠢᠶᠡᠵᠢᠯ᠎ᠢᠶᠡᠷ ᠬᠠᠮᠤᠭ᠎ᠤᠨ ᠲᠣᠮᠣ᠌ 《ᠮᠥᠩᠭᠥᠨ ᠭᠦᠢᠯᠭᠡᠭᠡᠨ᠎ᠦ ᠡᠭᠦᠯᠡᠨ ᠬᠥᠨᠳᠡᠢ》 ᠪᠣᠯᠤᠭᠰᠠᠨ ᠪᠠᠢᠨ᠎ᠠ᠃ ᠡᠭᠦᠨ᠎ᠦ ᠬᠠᠮᠲᠤ᠂ ᠬᠥᠬᠡᠬᠣᠲᠠ ᠪᠥᠬᠥ ᠤᠯᠤᠰ᠎ᠤᠨ ᠨᠢᠭᠡ ᠴᠣᠭᠴᠠᠵᠢᠭ᠍ᠰᠠᠨ ᠪᠤᠳᠤᠬᠤ ᠴᠢᠳᠠᠪᠤᠷᠢ᠎ᠶᠢᠨ ᠲᠣᠣᠷ᠎ᠤᠨ ᠤᠯᠤᠰ᠎ᠤᠨ ᠵᠠᠩᠭᠢᠯᠠᠭ᠎ᠠ᠎ᠶᠢᠨ ᠴᠡᠭ᠂ ᠤᠯᠤᠰ᠎ᠤᠨ ᠢᠨᠲᠧᠷ ᠰᠦᠯᠵᠢᠶᠡᠨ᠎ᠦ ᠭᠣᠣᠯᠯᠠᠭ᠍ᠴᠢ ᠰᠢᠭᠤᠳ ᠬᠣᠯᠪᠣᠭᠠᠯᠠᠬᠤ ᠴᠡᠭ᠎ᠢᠶᠡᠷ ᠵᠥᠪᠰᠢᠶᠡᠷᠡᠭᠳᠡᠵᠦ᠂ ᠪᠥᠬᠥ ᠤᠯᠤᠰ᠎ᠤᠨ ᠠᠩᠬᠠᠳᠠᠭᠴᠢ ᠪᠦᠯᠦᠭ᠎ᠦᠨ 《ᠮᠢᠩᠭᠠᠨ ᠮᠸᠭ᠎ᠠ ᠬᠣᠲᠠ》᠎ᠪᠠᠷ ᠰᠣᠩᠭᠣᠭᠳᠠᠵᠤ᠂ ᠪᠤᠳᠤᠬᠤ ᠴᠢᠳᠠᠪᠤᠷᠢ᠎ᠶᠢᠨ ᠦᠢᠯᠡᠴᠢᠯᠡᠭᠡᠨ᠎ᠦ ᠴᠢᠳᠠᠪᠤᠷᠢ ᠨᠢ ᠤᠯᠤᠰ᠎ᠤᠨ ᠪᠤᠳᠤᠬᠤ ᠴᠢᠳᠠᠪᠤᠷᠢ᠎ᠶᠢᠨ 8 ᠵᠠᠩᠭᠢᠯᠠᠭ᠎ᠠ᠎ᠶᠢᠨ ᠡᠮᠦᠨ᠎ᠡ ᠡᠩᠨᠡᠭᠡᠨ᠎ᠳᠦ ᠪᠠᠢᠷᠢᠯᠠᠵᠤ᠂ ᠪᠤᠳᠤᠬᠤ ᠴᠢᠳᠠᠪᠤᠷᠢ᠎ᠶᠢᠨ ᠶᠡᠷᠦᠩᠬᠡᠢ ᠬᠡᠪᠴᠢᠶᠡᠵᠢᠯ ᠨᠢ 11 ᠲᠦᠮᠡᠨ P ᠎ᠲᠦ ᠬᠦᠷᠴᠡᠢ᠃

ᠣᠳᠣᠬᠠᠨ᠎ᠳᠤ᠂ ᠪᠥᠬᠥ ᠬᠣᠲᠠ᠎ᠳᠤ ᠡᠵᠡᠩᠨᠡᠬᠦ ᠠᠵᠢᠯᠯᠠᠭᠠᠨ᠎ᠤ ᠬᠤᠳᠠᠯᠳᠤᠭᠠᠴᠢᠨ᠂ ᠮᠥᠩᠭᠥᠨ ᠭᠦᠢᠯᠭᠡᠭᠡᠨ᠎ᠦ ᠪᠠᠢᠭᠤᠯᠤᠮᠵᠢ᠂ ᠲᠦᠷᠦᠭᠦᠨ ᠠᠵᠤ ᠠᠬᠤᠢᠯᠠᠯ ᠵᠡᠷᠭᠡ᠎ᠶᠢᠨ ᠲᠣᠮᠣ᠌ ᠬᠡᠪᠴᠢᠶᠡᠨ᠎ᠦ ᠳ᠋ᠠᠢᠲ᠋ᠠ᠎ᠶᠢᠨ ᠲᠥᠪ᠎ᠦᠨ ᠲᠥᠷᠥᠯ ᠵᠦᠢᠯ᠎ᠢ 46 ᠪᠥᠭᠡᠮᠨᠡᠷᠡᠭᠦᠯᠵᠦ᠂ ᠣᠶᠤᠨᠴᠢ ᠪᠤᠳᠤᠬᠤ ᠴᠢᠳᠠᠪᠤᠷᠢ᠎ᠶᠢᠨ ᠡᠵᠡᠯᠡᠬᠦ ᠬᠠᠷᠢᠴᠠᠯ 95% ᠎ᠳᠤ ᠬᠦᠷᠴᠦ᠂ ᠬᠣᠷᠢᠨᠭᠡᠷ᠎ᠦᠨ ᠮᠥᠩᠭᠥᠨ ᠭᠦᠢᠯᠭᠡᠭᠡᠨ᠎ᠦ ᠳ᠋ᠠᠢᠲ᠋ᠠ᠎ᠶᠢᠨ ᠠᠵᠤ ᠦᠢᠯᠡᠰ᠎ᠦᠨ ᠬᠦᠷᠢᠶᠡᠯᠡᠩ᠎ᠳᠦ ᠳ᠋ᠠᠢᠲ᠋ᠠ᠎ᠶᠢᠨ ᠲᠥᠪ᠎ᠦᠨ ᠲᠥᠷᠥᠯ ᠵᠦᠢᠯ᠎ᠢ 35 ᠨᠤᠲᠤᠭᠰᠢᠭᠤᠯᠵᠤ᠂ ᠪᠤᠳᠤᠬᠤ ᠴᠢᠳᠠᠪᠤᠷᠢ᠎ᠶᠢᠨ ᠠᠵᠤ ᠦᠢᠯᠡᠰ᠎ᠦᠨ ᠪᠦᠷᠢᠨ ᠪᠦᠲᠦᠨ ᠬᠡᠯᠬᠢᠶ᠎ᠡ᠎ᠶᠢ ᠪᠣᠶ ᠪᠣᠯᠭᠠᠪᠠ᠃

《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠬᠥᠬᠡᠬᠣᠲᠠ ᠡᠬᠢ ᠪᠠᠶᠠᠯᠢᠭ᠋᠎ᠤᠨ ᠣᠨᠴᠠᠯᠢᠭ᠋ ᠪᠠ ᠣᠷᠣᠨ ᠪᠠᠢᠷᠢ᠎ᠶᠢᠨ ᠳᠠᠪᠠᠭᠤᠯᠢᠭ᠋᠎ᠢᠶᠠᠨ ᠦᠷᠭᠦᠯᠵᠢᠯᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠭᠣᠣᠯ ᠬᠥᠳᠡᠯᠭᠡᠭᠦᠷ ᠪᠣᠯᠭᠠᠵᠤ᠂ ᠳ᠋ᠢᠭᠢᠲ ᠰᠠᠭᠤᠷᠢ ᠪᠡᠯᠡᠳᠬᠡᠮᠵᠢ᠂ ᠳ᠋ᠠᠢᠲ᠋ᠠ᠎ᠶᠢᠨ ᠠᠵᠤ ᠦᠢᠯᠡᠰ᠂ ᠵᠣᠬᠢᠶᠠᠮᠠᠯ ᠤᠶᠤᠨ᠂ ᠢᠷᠡᠭᠡᠳᠦᠢ᠎ᠶᠢᠨ ᠠᠵᠤ ᠦᠢᠯᠡᠰ᠂ ᠣᠶᠤᠨᠲᠤ ᠬᠤᠳᠠ ᠵᠡᠷᠭᠡ ᠭᠣᠣᠯᠳᠠᠯᠭ᠎ᠠ ᠪᠣᠯᠬᠤ ᠡᠭᠦᠷᠭᠡ᠎ᠶᠢᠨ ᠪᠦᠲᠦᠭᠡᠨ ᠪᠠᠢᠭᠤᠯᠤᠯᠲᠠ᠎ᠶᠢ ᠰᠢᠰᠲᠧᠮ᠎ᠲᠠᠢ ᠠᠬᠢᠭᠤᠯᠵᠤ᠂ ᠥᠷᠢᠰᠦᠯᠳᠦᠬᠦ ᠬᠦᠴᠦᠨ ᠪᠦᠬᠦᠢ ᠪᠣᠳᠣᠬᠤ ᠴᠢᠳᠠᠪᠤᠷᠢ᠎ᠶᠢᠨ ᠠᠵᠤ ᠦᠢᠯᠡᠰ᠎ᠦᠨ ᠪᠦᠯᠦᠭᠵᠢᠯ᠎ᠢ ᠬᠦᠴᠦᠯᠡᠨ ᠪᠠᠢᠭᠤᠯᠵᠤ᠂ ᠪᠦᠬᠦ ᠤᠯᠤᠰ᠎ᠤᠨ ᠪᠣᠳᠣᠬᠤ ᠴᠢᠳᠠᠪᠤᠷᠢ᠎ᠶᠢᠨ ᠠᠵᠤ ᠦᠢᠯᠡᠰ᠎ᠦᠨ ᠪᠠᠢᠷᠢᠰᠢᠭᠤᠯᠤᠯᠲᠠ᠎ᠳᠠᠬᠢ ᠪᠠᠢᠯᠳᠤᠬᠤ ᠪᠣᠳᠣᠯᠭ᠎ᠠ᠎ᠶᠢᠨ ᠪᠠᠢᠷᠢ ᠰᠠᠭᠤᠷᠢ ᠪᠠ ᠣᠷᠣᠨ ᠪᠦᠰᠡ᠎ᠶᠢᠨ ᠨᠥᠯᠥᠭᠡᠯᠡᠨ ᠳᠠᠢᠴᠢᠯᠠᠬᠤ ᠴᠢᠳᠠᠪᠤᠷᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠪᠡᠷ ᠪᠣᠢ᠃

ᠢᠷᠡᠯᠲᠡ᠄    