ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠲᠡᠵᠢᠭᠡᠯ ᠪᠣᠷᠳᠣᠭ᠎ᠠ ᠭᠦᠢᠴᠡᠳ ᠬᠠᠰᠢᠶ᠎ᠠ ᠰᠠᠷᠠᠪᠴᠢ ᠳᠤᠯᠠᠭᠠᠨ ᠬᠥᠯᠥᠨ ᠪᠤᠢ᠌ᠷ᠎ᠦᠨ ᠵᠠᠭᠤᠨ ᠲᠦᠮᠡᠨ ᠮᠠᠯ ᠤᠨᠤᠭ᠎ᠠ ᠮᠡᠨᠳᠦ ᠡᠪᠦᠯᠵᠢᠬᠦ᠎ᠳᠦ ᠪᠠᠳᠤᠯᠠᠭ᠎ᠠ ᠲᠠᠢ ᠪᠤᠯᠵᠠᠢ
ᠨᠡᠶ᠋ᠢᠲᠡᠯᠡᠭᠰᠡᠨ ᠴᠠᠭ᠄ 2025-12-17

ᠬᠠᠬᠢᠷ ᠡᠪᠦᠯ ᠰᠠᠭᠠᠳᠠᠵᠤ᠂ ᠬᠥᠯᠥᠨ ᠪᠤᠢ᠌ᠷ ᠬᠤᠳᠠ᠎ᠶ᠋ᠢᠨ ᠮᠠᠯᠵᠢᠬᠤ ᠣᠷᠣᠨ᠎ᠤ ᠮᠠᠯ ᠠᠵᠤ ᠠᠬᠤᠢ᠎ᠶ᠋ᠢᠨ ᠡᠪᠦᠯᠵᠢᠬᠦ᠌ ᠠᠵᠢᠯ ᠵᠠᠩᠭᠢᠯᠠᠭ᠎ᠠ᠎ᠶ᠋ᠢᠨ ᠪᠣᠭᠣᠮᠲᠠ ᠱᠢᠪᠲᠤᠯᠬᠤ ᠬᠤᠭᠤᠴᠠᠭᠠᠨ᠎ᠳᠤ ᠣᠷᠣᠪᠠ᠃ ᠲᠤᠰ ᠬᠤᠳᠠ 《ᠤᠷᠢᠳᠴᠢᠯᠠᠨ ᠲᠥᠯᠥᠪᠵᠢᠭᠦᠯᠵᠦ᠍᠂ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭ᠌ᠵᠢᠭᠦᠯᠬᠦ᠌》᠎ᠪᠡᠷ ᠵᠠᠷᠴᠢᠮ ᠪᠣᠯᠭᠠᠵᠤ᠂ ᠦᠢᠯᠡᠳᠪᠦᠷᠢᠯᠡᠯ᠎ᠦᠨ ᠡᠬᠢ ᠡᠭᠦᠰᠦᠯ᠎ᠢ ᠬᠠᠮᠢᠶᠠᠷᠤᠨ ᠡᠵᠡᠮᠳᠡᠬᠦ᠌᠂ ᠡᠳ᠋ ᠪᠣᠳᠠᠰ ᠨᠥᠭᠡᠴᠡᠯᠡᠬᠦ᠌᠂ ᠰᠠᠭᠤᠷᠢ ᠲᠥᠬᠥᠭᠡᠷᠦᠮᠵᠢ᠎ᠶ᠋ᠢ ᠲᠡᠰ ᠳᠡᠪᠱᠢᠭᠦᠯᠬᠦ᠌᠎ᠡᠴᠡ ᠲᠡᠭᠡᠭᠡᠪᠦᠷᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠪᠦᠬᠦ᠌ ᠬᠡᠯᠬᠢᠶ᠎ᠡ᠎ᠳᠦ ᠬᠦᠴᠦᠯᠡᠬᠦ᠌ ᠬᠦᠷᠲᠡᠯ᠎ᠡ᠂ ᠪᠦᠬᠦ᠌ ᠲᠠᠯ᠎ᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠵᠤ᠂ ᠮᠠᠯ᠎ᠤᠨᠤᠭ᠎ᠠ᠎ᠵᠢᠨ ᠮᠡᠨᠳᠦ᠎ᠪᠡᠷ ᠡᠪᠦᠯᠵᠢᠬᠦ᠌᠎ᠶ᠋ᠢ ᠦᠨᠡᠨ ᠬᠦ᠌ ᠰᠠᠬᠢᠨ ᠬᠠᠮᠠᠭᠠᠯᠠᠵᠤ᠂ ᠮᠠᠯ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠪᠡᠬᠢ ᠰᠠᠭᠤᠷᠢ ᠲᠠᠯᠪᠢᠵᠤ ᠥᠭ᠌ᠪᠡ᠃

ᠬᠠᠭᠤᠴᠢᠨ ᠪᠠᠷᠭᠤ ᠬᠣᠱᠢᠭᠤᠨ᠎ᠤ ᠪᠠᠶᠠᠨ ᠬᠠᠳᠠ ᠰᠤᠮᠤ᠎ᠶ᠋ᠢᠨ ᠬᠡᠬᠡᠨ ᠬᠤᠱᠢᠭᠤ ᠭᠠᠴᠠᠭ᠎ᠠ᠎ᠳᠤ ᠬᠦᠷᠬᠦ᠌᠎ᠳᠦ᠂ ᠮᠠᠯᠴᠢᠨ ᠭᠠᠩᠭᠠᠩ᠎ᠤᠨ ᠬᠠᠰᠢᠶᠠᠨ᠎ᠳᠦ ᠡᠪᠡᠰᠦᠨ ᠪᠣᠭᠣᠵᠢ ᠶᠠᠭ ᠯᠠ ᠨᠢᠭᠡ ᠨᠢᠭᠡ ᠵᠢᠵᠢᠭ ᠠᠭᠤᠯᠠ ᠮᠡᠲᠦ᠍ ᠤᠪᠤᠭᠠᠯᠠᠭᠳᠠᠨ᠎ᠠ᠃ 《ᠡᠨᠡ ᠵᠢᠯ 5700 ᠱᠢᠬᠠᠮ ᠪᠣᠭᠣᠵᠢ ᠲᠡᠵᠢᠭᠡᠯ ᠡᠪᠡᠰᠦ᠂ 40 ᠲᠣᠨ ᠡᠷᠳᠡᠨᠢ ᠱᠢᠰᠢ᠂ 40 ᠲᠣᠨ ᠨᠠᠷᠢᠯᠢᠭ ᠪᠣᠷᠳᠣᠭ᠎ᠠ ᠪᠣᠯᠤᠨ 50 ᠲᠣᠨ ᠨᠡᠭᠦᠷᠡᠰᠦ ᠨᠥᠭᠡᠴᠡᠯᠡᠵᠦ᠍᠂ ᠨᠢᠭᠡ ᠡᠪᠦᠯ ᠬᠡᠷᠡᠭ᠌ᠯᠡᠬᠦ᠌᠎ᠳᠦ ᠬᠦᠷᠦᠯᠴᠡᠬᠦ᠌ ᠪᠥᠭᠡᠳ ᠢᠷᠡᠬᠦ᠌ ᠵᠢᠯ᠎ᠦᠨ ᠲᠥᠯ ᠲᠤᠰᠬᠤ᠎ᠳᠠᠭᠠᠨ ᠰᠠᠭᠤᠷᠢ ᠲᠠᠯᠪᠢᠵᠠᠢ》 ᠭᠡᠵᠦ ᠭᠠᠩᠭᠠᠩ ᠢᠨᠢᠶᠡᠮᠰᠦᠭ᠌ᠯᠡᠨ ᠬᠡᠯᠡᠪᠡ᠃

ᠮᠠᠯᠵᠢᠬᠤ ᠡᠷᠦᠬᠡ ᠡᠪᠦᠯᠵᠢᠬᠦ᠌ ᠡᠳ᠋ ᠪᠣᠳᠠᠰ᠎ᠢ ᠢᠳᠡᠪᠬᠢᠲᠡᠶ ᠪᠡᠯᠡᠳᠭᠡᠬᠦ᠌᠎ᠶ᠋ᠢᠨ ᠬᠠᠮᠲᠤ᠂ ᠡᠯ᠎ᠡ ᠭᠠᠵᠠᠷ᠎ᠤᠨ ᠬᠠᠮᠢᠶ᠎ᠠ ᠪᠥᠬᠥᠶ ᠰᠠᠯᠠᠭ᠎ᠠ ᠮᠥᠴᠢᠷ ᠤᠷᠢᠳᠴᠢᠯᠠᠨ ᠪᠠᠢᠷᠢᠯᠠᠭᠤᠯᠵᠤ᠂ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃ ᠬᠠᠭᠤᠴᠢᠨ ᠪᠠᠷᠭᠤ ᠬᠣᠱᠢᠭᠤᠨ᠎ᠤ ᠪᠥᠬᠥ᠌ ᠵᠢᠯ᠎ᠦᠨ ᠡᠪᠦᠯᠵᠢᠬᠦ᠌ ᠮᠠᠯ᠎ᠤᠨᠤᠭ᠎ᠠ᠎ᠵᠢᠨ ᠶᠡᠷᠦᠩᠬᠡᠶ ᠲᠣᠭ᠎ᠠ 86.9 ᠲᠦᠮᠡ᠎ᠳᠦ ᠬᠦᠷᠴᠦ᠍᠂ ᠣᠳᠣᠬᠠᠨ᠎ᠳᠤ ᠨᠢᠭᠡᠨᠲᠡ 40 ᠲᠦᠮᠡᠨ ᠲᠣᠨ ᠲᠡᠵᠢᠭᠡᠯ ᠡᠪᠡᠰᠦ᠂ 1000 ᠲᠣᠨ ᠪᠠᠴᠢᠮ ᠪᠠᠢᠳᠠᠯ᠎ᠢ ᠠᠷᠭᠠᠴᠠᠭᠠᠬᠤ ᠲᠡᠵᠢᠭᠡᠯ ᠡᠪᠡᠰᠦ ᠨᠥᠭᠡᠴᠡᠯᠡᠵᠦ᠍᠂ ᠪᠥᠬᠥ᠌ ᠬᠣᠱᠢᠭᠤᠨ᠎ᠤ ᠮᠠᠯ ᠤᠨᠤᠭ᠎ᠠ᠎ᠵᠢᠨ ᠬᠡᠷᠡᠭ᠌ᠴᠡᠭᠡ᠎ᠶ᠋ᠢ ᠭᠦᠶ᠋ᠴᠡᠳ ᠬᠠᠩᠭᠠᠵᠤ ᠴᠢᠳᠠᠨ᠎ᠠ᠃ ᠲᠤᠬᠠᠶ᠎ᠶ᠋ᠢᠨ ᠭᠠᠵᠠᠷ᠎ᠤᠨ᠎ᠬᠢᠨ ᠪᠠᠰᠠ ᠮᠠᠯᠴᠢᠳ᠎ᠢ ᠵᠣᠬᠢᠶᠠᠨ ᠪᠠᠢᠭᠤᠯᠵᠤ ᠬᠠᠭᠤᠴᠢᠨ ᠳᠤᠯᠠᠭᠠᠨ ᠰᠠᠷᠠᠪᠴᠢ᠎ᠶ᠋ᠢ ᠵᠢᠭ᠍ᠰᠠᠭᠠᠨ ᠪᠠᠢᠴᠠᠭᠠᠵᠤ ᠵᠠᠰᠠᠨ ᠰᠡᠯᠪᠢᠵᠦ᠍᠂ ᠬᠠᠱᠢᠶ᠎ᠠ ᠰᠠᠷᠠᠪᠴᠢ᠎ᠶ᠋ᠢᠨ ᠪᠦᠲᠦᠴᠡ᠎ᠶ᠋ᠢ ᠪᠡᠬᠢᠵᠢᠭᠦᠯᠦᠨ ᠳᠤᠯᠠᠭᠠᠯᠠᠵᠤ ᠰᠠᠯᠬᠢ᠎ᠶ᠋ᠢ ᠰᠡᠷᠭᠡᠢᠯᠡᠬᠦ᠌ ᠴᠢᠳᠠᠪᠬᠢ᠎ᠶ᠋ᠢ ᠳᠡᠭᠡᠭ᠌ᠰᠢᠯᠡᠭᠦᠯᠵᠦ᠍᠂ ᠬᠦᠶ᠋ᠲᠡᠨ᠎ᠢ ᠰᠡᠷᠭᠡᠢᠯᠡᠬᠦ᠌ ᠡᠳ᠋ ᠪᠣᠳᠠᠰ᠎ᠢ ᠨᠥᠭᠡᠴᠡᠯᠡᠬᠦ᠌᠎ᠶ᠋ᠢᠨ ᠬᠠᠮᠲᠤ ᠡᠪᠦᠯ᠎ᠦᠨ ᠤᠯᠠᠷᠢᠯ᠎ᠤᠨ ᠠᠮᠢᠲᠠᠨ᠎ᠤ ᠬᠢᠵᠢᠭ ᠡᠪᠡᠳᠴᠢᠨ᠎ᠢ ᠰᠡᠷᠭᠡᠢᠯᠡᠨ ᠡᠵᠡᠮᠳᠡᠬᠦ᠌ ᠱᠢᠯᠭᠠᠨ ᠪᠠᠢᠴᠠᠭᠠᠯᠲᠠ᠎ᠶ᠋ᠢ ᠡᠬᠢᠯᠡᠭᠦᠯᠵᠦ᠍᠂ ᠮᠠᠯ ᠤᠨᠤᠭ᠎ᠠ᠎ᠵᠢᠨ ᠡᠪᠦᠯᠵᠢᠬᠦ᠌ 《ᠠᠮᠤᠷ ᠲᠦᠪᠱᠢᠨ᠎ᠦ ᠲᠤᠤᠷ》᠎ᠢ᠋ ᠨᠢᠭ᠍ᠲᠠ ᠰᠦᠯᠵᠢᠪᠡ᠃ 《ᠪᠢᠳᠡ ᠳᠡᠭᠡᠳᠦ ᠱᠠᠲᠤ᠎ᠯᠤᠭ᠎ᠠ᠎ᠶ᠋ᠢᠨ ᠤᠯᠤᠯᠴᠠᠭ᠎ᠠ ᠵᠣᠯᠭᠠᠯᠴᠠᠭ᠎ᠠ᠎ᠪᠡᠨ ᠴᠢᠩᠭᠠᠳᠭᠠᠵᠤ᠂ ᠭᠠᠮᠱᠢᠭ᠎ᠲᠠᠶ ᠲᠡᠮᠡᠴᠡᠬᠦ᠌ ᠲᠤᠰᠭᠠᠶ ᠪᠠᠯᠠ ᠮᠥᠩᠭᠥ᠎ᠶ᠋ᠢ ᠢᠳᠡᠪᠬᠢᠲᠡᠶ ᠭᠤᠶᠤᠴᠢᠯᠠᠵᠤ ᠡᠪᠡᠰᠦ ᠪᠣᠷᠳᠣᠭ᠎ᠠ ᠨᠥᠭᠡᠴᠡᠯᠡᠬᠦ᠌᠎ᠶ᠋ᠢ ᠲᠡᠭᠦᠯᠳᠡᠷᠵᠢᠭᠦᠯᠵᠦ᠍᠂ ᠭᠡᠨᠡᠳᠲᠡ᠎ᠶ᠋ᠢᠨ ᠭᠠᠮᠱᠢᠭ ᠲᠣᠬᠢᠶᠠᠯᠳᠤᠪᠠᠯ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠴᠠᠭ ᠲᠤᠬᠠᠶ᠎ᠳᠤᠨᠢ ᠡᠬᠢᠯᠡᠭᠦᠯᠵᠦ᠍᠂ ᠮᠠᠯ ᠤᠨᠤᠭ᠎ᠠ᠎ᠵᠢᠨ ᠠᠮᠤᠷ ᠲᠦᠪᠱᠢᠨ᠎ᠢ ᠪᠠᠲᠤᠯᠠᠵᠤ ᠪᠤᠢ》 ᠭᠡᠵᠦ ᠬᠠᠭᠤᠴᠢᠨ ᠪᠠᠷᠭᠤ ᠬᠣᠱᠢᠭᠤᠨ᠎ᠤ ᠮᠠᠯ ᠠᠵᠤ ᠠᠬᠤᠶ ᠲᠠᠷᠢᠶᠠᠯᠠᠩ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠦᠨ ᠡᠷᠬᠢᠯᠡᠭ᠌ᠴᠢ ᠡᠤ᠌ ᠨᠠᠮᠤᠷ ᠢᠯᠡᠳᠭᠡᠪᠡ᠃

ᠬᠥᠯᠥᠨ ᠪᠣᠢᠷ᠎ᠤᠨ ᠡᠪᠦᠯ᠎ᠦᠨ ᠤᠯᠠᠷᠢᠯ ᠣᠷᠳᠣ ᠤᠳᠠᠭᠠᠨ᠂ ᠠᠭᠠᠷ᠎ᠤᠨ ᠳᠤᠯᠠᠭᠠᠨ ᠳᠤᠤᠷ᠎ᠠ ᠪᠠᠢᠬᠤ ᠣᠨᠴᠠᠯᠢᠭ᠎ᠲᠤ ᠴᠢᠭ᠌ᠯᠡᠭᠦᠯᠦᠨ᠂ ᠲᠣᠰ ᠬᠣᠲᠠ ᠤᠯᠠᠮᠵᠢᠯᠠᠯᠲᠤ ᠮᠠᠯ ᠠᠵᠤ ᠠᠬᠤᠶ᠎ᠶ᠋ᠢᠨ ᠡᠪᠦᠯ᠎ᠦᠨ ᠤᠯᠠᠷᠢᠯ᠎ᠤᠨ ᠳᠤᠲᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠭᠤᠴᠢᠨ ᠪᠠᠷᠭᠤ ᠬᠣᠱᠢᠭᠤ᠂ ᠱᠢᠨ᠎ᠡ ᠪᠠᠷᠭᠤ ᠵᠡᠭᠦᠨ ᠬᠣᠱᠢᠭᠤ᠂ ᠱᠢᠨ᠎ᠡ ᠪᠠᠷᠭᠤ ᠪᠠᠷᠠᠭᠤᠨ ᠬᠣᠱᠢᠭᠤ᠂ ᠡᠸᠡᠩᠬᠢ ᠦᠨᠳᠦᠰᠦᠲᠡᠨ᠎ᠤ ᠦᠪᠡᠷᠲᠡᠭᠡᠨ ᠵᠠᠰᠠᠬᠤ ᠬᠣᠱᠢᠭᠤᠨ᠎ᠳᠤ ᠨᠢᠭᠡ ᠪᠦᠯᠦᠭ ᠴᠢᠨᠠᠷ ᠰᠠᠢᠲᠠᠶ ᠢᠵᠢ ᠪᠥᠷᠢᠳᠦᠭ᠌ᠰᠡᠨ ᠲᠥᠬᠥᠭᠡᠷᠦᠮᠵᠢ᠎ᠶ᠋ᠢ ᠱᠢᠨ᠎ᠡ᠎ᠪᠡᠷ ᠨᠡᠮᠡᠭ᠌ᠳᠡᠭᠦᠯᠵᠦ᠍᠂ 《ᠬᠦᠶ᠋ᠲᠡᠨ ᠤᠯᠠᠷᠢᠯ᠎ᠳᠤ ᠬᠠᠱᠢᠶᠠᠯᠠᠨ ᠲᠡᠵᠢᠭᠡᠵᠦ᠍᠂ ᠳᠤᠯᠠᠭᠠᠨ ᠤᠯᠠᠷᠢᠯ᠎ᠳᠤ ᠮᠠᠯᠵᠢᠬᠤ》 ᠵᠠᠭ᠍ᠪᠤᠷ᠎ᠢ ᠳᠡᠯᠭᠡᠷᠡᠭᠦᠯᠪᠡ᠃ ᠲᠣᠰ ᠤᠳᠠᠭ᠎ᠠ ᠬᠠᠱᠢᠶ᠎ᠠ ᠰᠠᠷᠠᠪᠴᠢ᠎ᠵᠢ 26 ᠲᠦᠮᠡᠨ ᠲᠡᠭ᠌ᠰᠢ ᠳᠥᠷᠪᠡᠯᠵᠢᠨ ᠮᠧᠲ᠋ᠷ ᠱᠢᠨ᠎ᠡ᠎ᠪᠡᠷ ᠨᠡᠮᠡᠭ᠌ᠳᠡᠭᠦᠯᠵᠦ᠍᠂ 24 ᠪᠢᠲᠡᠭᠦᠮᠵᠢᠲᠦ ᠬᠡᠯᠪᠡᠷᠢ᠎ᠶ᠋ᠢᠨ ᠲᠡᠵᠢᠭᠡᠯ ᠡᠪᠡᠰᠦᠨ᠎ᠦ ᠬᠥᠮᠥᠷᠭᠡ᠂ 2 ᠲᠡᠵᠢᠭᠡᠯ ᠪᠣᠷᠳᠣᠭ᠎ᠠ᠎ᠶ᠋ᠢᠨ 《ᠲᠥᠪ ᠦᠢᠯᠡᠳᠭᠡᠪᠦᠷᠢ》᠎ᠶᠢ ᠰᠢᠨ᠎ᠡ᠎ᠪᠡᠷ ᠪᠠᠢᠭᠤᠯᠵᠤ᠂ ᠮᠠᠯ ᠤᠨᠤᠭ᠎ᠠ᠎ᠵᠢᠨ ᠬᠦᠶ᠋ᠲᠡᠨ ᠡᠴᠡ ᠰᠡᠷᠭᠡᠢᠯᠡᠵᠦ᠍ ᠳᠤᠯᠠᠭᠠᠨ᠎ᠢ ᠬᠠᠮᠠᠭᠠᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠭ᠌ᠰᠡᠨ ᠮᠥᠷᠲᠡᠭᠡᠨ ᠪᠠᠰᠠ ᠲᠡᠵᠢᠭᠡᠯ ᠡᠪᠡᠰᠦ᠎ᠶ᠋ᠢ ᠢᠯᠡ ᠬᠠᠳᠠᠭᠠᠯᠠᠵᠤ ᠲᠠᠯᠪᠢᠬᠤ᠎ᠳᠤ ᠬᠣᠷᠣᠭ᠍ᠳᠠᠯ ᠶᠡᠬᠡᠲᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠪᠡ᠃

ᠱᠢᠨ᠎ᠡ ᠪᠠᠷᠭᠤ ᠵᠡᠭᠦᠨ ᠬᠣᠱᠢᠭᠤᠨ᠎ᠤ ᠸᠧ᠎ᠶ᠋ᠢᠨ ᠮᠠᠯ ᠠᠵᠤ ᠠᠬᠤᠶ᠎ᠶ᠋ᠢᠨ ᠮᠢᠬᠠᠨ᠎ᠤ ᠦᠬᠡᠷ᠎ᠦᠨ ᠶᠦᠨ ᠮᠥ᠍ ᠬᠥᠮᠥᠷᠭᠡ᠎ᠶ᠋ᠢᠨ ᠰᠠᠭᠤᠷᠢᠨ᠎ᠳᠤ᠂ ᠠᠩᠬᠠᠨ᠎ᠤ ᠪᠦᠯᠦᠭ᠎ᠤᠨ ᠮᠢᠩᠭ᠎ᠠ ᠱᠢᠬᠠᠮ ᠦᠬᠡᠷ ᠨᠢᠭᠡᠨᠲᠡ ᠪᠠᠷᠢᠮᠵᠢᠶᠠᠵᠢᠭᠤᠯᠤᠭ᠍ᠰᠠᠨ ᠱᠢᠨ᠎ᠡ ᠦᠬᠡᠷ᠎ᠦᠨ ᠫᠧᠩ᠎ᠳᠦ 《ᠣᠷᠣᠵᠤ ᠰᠠᠭᠤᠪᠠ》᠃ ᠰᠠᠭᠤᠷᠢᠨ ᠳᠣᠲᠣᠷᠠᠬᠢ ᠬᠠᠱᠢᠶ᠎ᠠ ᠰᠠᠷᠠᠪᠴᠢ᠂ ᠤᠰᠤᠨ ᠣᠩᠭᠣᠴᠠ ᠵᠡᠷᠭᠡ ᠲᠥᠬᠥᠭᠡᠷᠦᠮᠵᠢ ᠪᠦᠷᠢᠨ᠂ ᠵᠦᠶ ᠵᠣᠬᠢᠰᠲᠠᠶ ᠪᠠᠢᠷᠢᠯᠠᠭᠤᠯᠤᠯᠲᠠ ᠨᠢ ᠲᠡᠵᠢᠭᠡᠨ ᠦᠷᠡᠵᠢᠭᠦᠯᠬᠦ᠌ ᠦᠷ᠎ᠡ ᠪᠦᠲᠦᠮᠵᠢ ᠪᠠ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ 《ᠠᠷᠠᠳ ᠤᠯᠠᠨ᠎ᠤ ᠥᠪᠡᠷ᠎ᠢᠶᠡᠨ ᠦᠬᠡᠷ ᠲᠡᠵᠢᠭᠡᠬᠦ᠌ ᠥᠪᠡᠷ᠎ᠦᠨ ᠥᠷᠲᠡᠭ ᠥᠨᠳᠥᠷ᠂ ᠲᠠᠷᠭᠤᠯᠠᠬᠤ᠎ᠳᠤ ᠤᠳᠠᠭᠠᠨ᠂ ᠪᠣᠷᠣᠯᠠᠭᠤᠯᠬᠤ ᠦᠨ᠎ᠡ ᠨᠢ ᠳᠤᠤᠷ᠎ᠠ ᠪᠠᠢᠳᠠᠭ᠂ ᠪᠢᠳᠡᠨ᠎ᠳᠦ ᠲᠤᠰᠭᠠᠶ ᠮᠡᠷᠭᠡᠵᠢᠯ᠎ᠦᠨ ᠪᠣᠷᠳᠣᠭ᠎ᠠ᠎ᠶ᠋ᠢᠨ ᠬᠠᠷᠢᠴᠠᠯ᠎ᠲᠠᠶ᠂ ᠦᠬᠡᠷ᠎ᠢ ᠨᠠᠩ ᠲᠦᠷᠭᠡᠨ ᠲᠠᠷᠭᠤᠯᠠᠭᠤᠯᠵᠤ ᠴᠢᠳᠠᠨ᠎ᠠ》᠃ ᠲᠤᠰ ᠰᠠᠭᠤᠷᠢᠨ᠎ᠤ ᠳᠠᠷᠤᠭ᠎ᠠ ᠸᠠᠩ ᠪᠤᠶᠠᠠᠡᠷᠳᠡᠨᠢ᠂ ᠰᠠᠭᠤᠷᠢᠨ ᠨᠢ ᠣᠲᠣ ᠶᠠᠭ ᠲᠡᠵᠢᠭᠡᠨ ᠦᠷᠡᠵᠢᠭᠦᠯᠬᠦ᠌᠂ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠪᠦᠷᠢᠨ ᠪᠦᠲᠦᠨ ᠠᠵᠤ ᠦᠶ᠋ᠯᠡᠰ᠎ᠦᠨ ᠬᠡᠯᠬᠢᠶ᠎ᠡ᠎ᠶ᠋ᠢ ᠬᠦᠴᠦᠯᠡᠨ ᠪᠠᠢᠭᠤᠯᠵᠤ ᠪᠠᠢᠨ᠎ᠠ ᠭᠡᠵᠦ ᠲᠠᠨᠢᠯᠴᠠᠭᠤᠯᠪᠠ᠃

ᠡᠭᠦᠨ᠎ᠡᠴᠡ ᠭᠠᠳᠠᠨ᠎ᠠ᠂ ᠬᠥᠯᠥᠨ ᠪᠣᠢᠷ᠎ᠤᠨ ᠡᠯ᠎ᠡ ᠭᠠᠵᠠᠷ᠎ᠤᠨ ᠬᠢᠨ 《ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠬᠤᠳᠠᠯᠳᠤᠨ ᠱᠢᠶ᠋ᠳᠪᠦᠷᠢᠯᠡᠵᠦ᠍᠂ ᠱᠢᠨᠵᠢᠯᠡᠬᠦ᠌ ᠤᠬᠠᠭᠠᠨᠴᠢ᠎ᠪᠠᠷ ᠤᠳᠤᠷᠯᠠᠬᠤ》 ᠵᠠᠷᠴᠢᠮ᠎ᠢ ᠪᠠᠷᠢᠮᠲᠠᠯᠠᠨ᠂ ᠮᠠᠯᠵᠢᠬᠤ ᠡᠷᠦᠬᠡ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠲᠡᠵᠢᠭᠡᠨ ᠦᠷᠡᠵᠢᠭᠦᠯᠬᠦ᠌ ᠪᠦᠲᠦᠴᠡ᠎ᠶ᠋ᠢ ᠨᠢ ᠱᠢᠯᠢᠳᠡᠭ᠌ᠵᠢᠭᠦᠯᠵᠦ᠍᠂ ᠡᠪᠦᠯᠵᠢᠬᠦ᠌ ᠮᠠᠯ᠎ᠤᠨ ᠲᠣᠭ᠎ᠠ ᠬᠡᠮᠵᠢᠶ᠎ᠡ᠎ᠶ᠋ᠢ ᠨᠢ ᠵᠦᠶ ᠵᠣᠬᠢᠰᠲᠠᠶ ᠪᠠᠭᠤᠷᠠᠭᠤᠯᠪᠠ᠃ 2025 ᠣᠨ᠎ᠳᠤ ᠮᠠᠯ ᠤᠨᠤᠭ᠎ᠠ᠎ᠵᠢᠨ ᠲᠣᠭ᠎ᠠ ᠲᠣᠯᠣᠭᠠᠢ 534.44 ᠲᠦᠮᠡ᠎ᠳᠦ ᠬᠦᠷᠴᠦ᠍᠂ 12 ᠰᠠᠷ᠎ᠠ᠎ᠶ᠋ᠢᠨ ᠡᠬᠢᠨ ᠪᠣᠯᠲᠠᠯ᠎ᠠ᠂ ᠮᠠᠯ ᠤᠨᠤᠭ᠎ᠠ᠎ᠵᠢᠨ ᠭᠠᠷᠭᠠᠯᠲᠠ 216.45 ᠲᠦᠮᠡ᠎ᠳᠦ ᠬᠦᠷᠴᠦ᠍᠂ ᠭᠠᠷᠭᠠᠯᠲᠠ᠎ᠶ᠋ᠢᠨ ᠠᠬᠢᠴᠠ ᠲᠣᠭ᠍ᠲᠠᠭᠤᠨ᠎ᠢᠶᠠᠷ ᠠᠬᠢᠪᠠ᠃

ᠪᠦᠷᠢᠳᠭᠡᠯ᠎ᠢ ᠦᠨᠳᠦᠰᠦᠯᠡᠪᠡᠯ᠂ ᠣᠳᠣᠬᠠᠨ᠎ᠳᠤ ᠬᠥᠯᠥᠨ ᠪᠣᠢᠷ᠎ᠤᠨ ᠮᠠᠯᠵᠢᠬᠤ ᠣᠷᠣᠨ ᠨᠢᠭᠡᠨᠲᠡ ᠨᠡᠢᠲᠡ 162.11 ᠲᠦᠮᠡᠨ ᠲᠣᠨ ᠲᠡᠵᠢᠭᠡᠯ ᠡᠪᠡᠰᠦ ᠨᠥᠭᠡᠴᠡᠯᠡᠵᠦ᠍᠂ 《ᠮᠠᠯᠵᠢᠬᠤ ᠡᠷᠦᠬᠡ ᠥᠪᠡᠰᠦᠪᠡᠨ ᠨᠥᠭᠡᠴᠡᠯᠡᠬᠦ᠌᠎ᠪᠡᠷ ᠰᠠᠭᠤᠷᠢ ᠪᠣᠯᠭᠠᠨ᠂ ᠬᠠᠮᠲᠤ᠎ᠶ᠋ᠢᠨ ᠨᠥᠭᠡᠴᠡ᠎ᠪᠡᠷ ᠨᠥᠬᠥᠪᠥᠷᠢ ᠪᠣᠯᠭᠠᠨ᠂ ᠬᠣᠱᠢᠭᠤᠨ ᠱᠠᠲᠤᠨ᠎ᠤ ᠨᠥᠭᠡᠴᠡ᠎ᠪᠡᠷ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠪᠠᠲᠤᠯᠠᠬᠤ》 ᠵᠠᠷᠴᠢᠮ᠎ᠳᠤ ᠰᠠᠭᠤᠷᠢᠯᠠᠨ᠂ ᠵᠠᠭᠤᠨ ᠲᠦᠮᠡᠨ ᠲᠣᠯᠣᠭᠠᠶ ᠮᠠᠯ ᠤᠨᠤᠭ᠎ᠠ᠎ᠵᠢᠨ ᠠᠮᠤᠷ ᠲᠦᠪᠱᠢᠨ᠎ᠢᠶᠡᠷ ᠡᠪᠦᠯᠵᠢᠬᠦ᠌᠎ᠶ᠋ᠢ ᠪᠥᠬᠥ᠌ ᠲᠠᠯ᠎ᠠ᠎ᠪᠠᠷ ᠪᠠᠲᠤᠯᠠᠵᠤ ᠪᠠᠢᠨ᠎ᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ