ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠬᠥᠬᠡᠬᠣᠲᠠ᠎ᠶᠢᠨ ᠰᠦ᠎ᠶᠢᠨ ᠦᠢᠯᠡᠰ᠎ᠦᠨ ᠳ᠋ᠢᠭᠢᠲᠴᠢᠯᠡᠭᠰᠡᠨ ᠲᠡᠢᠰᠢ ᠬᠡᠯᠪᠡᠷᠢ᠎ᠪᠠᠨ ᠬᠤᠪᠢᠷᠠᠭᠤᠯᠤᠭᠰᠠᠨ ᠦᠢᠯᠡᠳᠦᠯᠭᠡ᠎ᠶᠢᠨ ᠵᠠᠭᠪᠤᠷ᠎ᠢ ᠪᠥᠬᠥ ᠤᠯᠤᠰ᠎ᠲᠤ ᠳᠡᠯᠭᠡᠷᠡᠭᠦᠯᠪᠡ
ᠨᠡᠶ᠋ᠢᠲᠡᠯᠡᠭᠰᠡᠨ ᠴᠠᠭ᠄ 2025-12-02

12 ᠳ᠋ᠤᠭᠠᠷ ᠰᠠᠷ᠎ᠠ᠎ᠶᠢᠨ 1᠎ᠦ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠣᠪᠴᠢᠶ᠎ᠠ᠎ᠠᠴᠠ ᠣᠶ᠋ᠢᠯᠠᠭᠠᠭᠰᠠᠨ᠎ᠢᠶᠠᠷ᠂ ᠲᠣᠰ ᠲᠣᠪᠴᠢᠶ᠎ᠠ᠎ᠶᠢᠨ ᠨᠠᠢᠷᠠᠭᠤᠯᠤᠨ ᠪᠢᠴᠢᠭᠰᠡᠨ 《ᠬᠥᠬᠡᠬᠣᠲᠠ᠎ᠶᠢᠨ ᠴᠠᠭᠠᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠵᠤ ᠦᠢᠯᠡᠳᠬᠦ ᠠᠵᠢᠯ ᠲᠥᠷᠥᠯ᠎ᠦᠨ ᠳᠤᠮᠳᠠ ᠵᠢᠵᠢᠭ ᠠᠵᠤ ᠠᠬᠤᠢᠯᠠᠯ᠎ᠤᠨ ᠳ᠋ᠢᠭᠢᠲᠴᠢᠯᠡᠭᠰᠡᠨ ᠲᠡᠢᠰᠢ ᠬᠡᠯᠪᠡᠷᠢ᠎ᠪᠠᠨ ᠬᠤᠪᠢᠷᠠᠭᠤᠯᠤᠭᠰᠠᠨ ᠦᠢᠯᠡᠳᠦᠯᠭᠡ᠎ᠶᠢᠨ ᠵᠠᠭᠪᠤᠷ》 (《ᠦᠢᠯᠡᠳᠦᠯᠭᠡ᠎ᠶᠢᠨ ᠵᠠᠭᠪᠤᠷ》 ᠭᠡᠵᠦ ᠲᠣᠪᠴᠢᠯᠠᠨ᠎ᠠ) ᠨᠢ ᠤᠯᠤᠰ᠎ᠤᠨ ᠲᠠᠰ᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠠᠮᠵᠢᠯᠲᠠ᠎ᠲᠠᠢ᠎ᠪᠠᠷ ᠰᠣᠩᠭᠣᠭᠳᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ᠎ᠤᠨ 《ᠴᠢᠨᠠᠷᠯᠢᠭ᠋ ᠳᠤᠮᠳᠠ ᠵᠢᠵᠢᠭ ᠠᠵᠤ ᠠᠬᠤᠢᠯᠠᠯ᠎ᠢ ᠱᠠᠲᠤᠴᠢᠯᠠᠨ ᠪᠣᠢᠵᠢᠭᠤᠯᠬᠤ ᠲᠠᠪᠴᠠᠩ》᠎ᠢᠶᠡᠷ ᠪᠥᠬᠥ ᠤᠯᠤᠰ᠎ᠲᠤ ᠳᠡᠯᠭᠡᠷᠡᠭᠦᠯᠪᠡ᠃ 

ᠲᠣᠰ 《ᠦᠢᠯᠡᠳᠦᠯᠭᠡ᠎ᠶᠢᠨ ᠵᠠᠭᠪᠤᠷ》 ᠨᠢ ᠤᠷᠠᠯᠠᠯ᠎ᠤᠨ ᠵᠢᠷᠤᠭ ᠲᠥᠯᠥᠪᠯᠡᠭᠡ᠂ ᠡᠵᠡᠩᠨᠡᠨ ᠪᠣᠷᠣᠯᠠᠭᠤᠯᠤᠯᠲᠠ᠎ᠶᠢᠨ ᠬᠠᠮᠢᠶᠠᠷᠤᠯᠲᠠ᠂ ᠦᠢᠯᠡᠳᠪᠦᠷᠢᠯᠡᠯ᠎ᠦᠨ ᠬᠠᠮᠢᠶᠠᠷᠤᠯᠲᠠ ᠡᠵᠡᠮᠳᠡᠯ᠂ ᠶᠠᠰᠤ ᠴᠢᠨᠠᠷ᠎ᠤᠨ ᠬᠠᠮᠢᠶᠠᠷᠤᠯᠲᠠ᠂ ᠲᠥᠬᠦᠭᠡᠷᠦᠮᠵᠢ᠎ᠶᠢᠨ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ᠂ ᠬᠥᠮᠥᠷᠭᠡᠯᠡᠨ ᠬᠠᠳᠠᠭᠠᠯᠠᠯᠲᠠ ᠡᠳ᠋ ᠪᠠᠷᠠᠭᠠᠨ᠎ᠤ ᠭᠦᠢᠯᠭᠡᠭᠡ ᠵᠡᠷᠭᠡ 7 ᠭᠣᠣᠯ ᠪᠣᠯᠬᠤ ᠳ᠋ᠢᠭᠢᠲᠴᠢᠯᠡᠭᠰᠡᠨ ᠲᠠᠯᠠᠪᠤᠷ ᠪᠠᠢᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠡᠪᠡᠷᠰᠢᠶᠡᠯ᠎ᠦᠨ ᠬᠡᠷᠡᠭᠴᠡᠭᠡ — ᠬᠡᠷᠡᠭᠯᠡᠯᠲᠡ᠎ᠶᠢᠨ ᠪᠠᠢᠳᠠᠯ — ᠨᠡᠢᠲᠡᠯᠢᠭ ᠬᠡᠷᠡᠭ᠎ᠦᠨ ᠵᠢᠱ᠌ᠢᠶ᠎ᠡ》᠎ᠶᠢᠨ ᠲᠣᠳᠣᠷᠬᠠᠢ ᠯᠣᠭᠢᠭ᠋᠎ᠤᠨ ᠪᠣᠷᠣ᠌ ᠲᠥᠯᠥᠪ᠎ᠢ ᠪᠣᠶ ᠪᠣᠯᠭᠠᠭᠰᠠᠨ ᠪᠠᠢᠨ᠎ᠠ᠃ 

ᠡᠭᠦᠨ᠎ᠦ ᠬᠠᠮᠲᠤ᠂ ᠰᠢᠨ᠎ᠡ ᠡᠭᠦᠳᠦᠯᠲᠡ᠎ᠶᠢᠨ ᠴᠢᠨᠠᠷᠲᠠᠢ᠎ᠪᠠᠷ 4 ᠲᠠᠰ᠎ᠤᠨ ᠳ᠋ᠢᠭᠢᠲᠴᠢᠯᠡᠭᠰᠡᠨ ᠰᠢᠢᠳᠪᠦᠷᠢᠯᠡᠬᠦ ᠲᠥᠰᠥᠯ᠎ᠢ ᠳᠤᠷᠠᠳᠤᠨ ᠭᠠᠷᠭᠠᠵᠤ᠂ ᠠᠳᠠᠯᠢ ᠪᠤᠰᠤ ᠰᠠᠭᠤᠷᠢ᠎ᠲᠠᠢ ᠠᠵᠤ ᠠᠬᠤᠢᠯᠠᠯ᠎ᠳᠤ ᠲᠠᠰ ᠳᠡᠪᠰᠢᠭᠦᠯᠬᠦ ᠠᠷᠭ᠎ᠠ ᠵᠠᠮ᠎ᠢ ᠲᠣᠳᠣᠷᠬᠠᠢ ᠵᠢᠭᠠᠨ ᠥᠭᠴᠡᠢ᠄ ᠨᠢᠭᠡᠳᠦᠭᠡᠷ ᠳᠡᠰ ᠨᠢ ᠰᠠᠭᠤᠷᠢ ᠳ᠋ᠠᠢᠲ᠋ᠠ᠎ᠶᠢ ᠲᠠᠩᠰᠠ ᠡᠪᠬᠡᠮᠡᠯ᠎ᠳᠦ ᠣᠷᠣᠭᠤᠯᠬᠤ ᠪᠣᠯᠣᠨ᠎ᠠ᠂ ᠡᠯᠧᠺᠲᠷᠣᠨ ᠬᠦᠰᠦᠨᠦᠭᠲᠦ᠂ ᠡᠭᠦᠯᠡᠨ ᠬᠠᠳᠠᠭᠠᠯᠠᠯᠲᠠ ᠵᠡᠷᠭᠡ ᠪᠠᠭᠠᠵᠢ᠎ᠶᠢ ᠠᠰᠢᠭ᠍ᠯᠠᠨ ᠦᠢᠯᠡᠳᠪᠦᠷᠢᠯᠡᠯ᠎ᠦᠨ ᠰᠠᠭᠤᠷᠢ ᠳ᠋ᠠᠢᠲ᠋ᠠ᠎ᠶᠢ ᠡᠯᠸᠺᠲᠷᠤᠨᠴᠢᠯᠠᠨ ᠲᠠᠩᠰᠠ ᠡᠪᠬᠡᠮᠡᠯ᠎ᠳᠦ ᠣᠷᠣᠭᠤᠯᠬᠤ᠎ᠶᠢ ᠪᠡᠶᠡᠯᠡᠭᠦᠯᠦᠨ᠎ᠡ; ᠬᠣᠶᠠᠳᠤᠭᠠᠷ ᠳᠡᠰ ᠨᠢ ᠴᠤᠪᠤᠷᠠᠯ᠎ᠢ ᠪᠠᠷᠢᠮᠵᠢᠶᠠᠵᠢᠭᠤᠯᠬᠤ ᠪᠣᠯᠣᠨ᠎ᠠ᠂ ᠮᠡᠳᠡᠭᠡ ᠵᠠᠩᠭᠢᠴᠢᠯᠠᠭᠰᠠᠨ ᠰᠢᠰᠲᠧᠮ᠎ᠢᠶᠡᠷ ᠳᠠᠮᠵᠢᠭᠤᠯᠤᠨ ᠪᠠᠷᠢᠮᠵᠢᠶᠠᠵᠢᠭᠤᠯᠤᠯᠲᠠ᠎ᠶᠢᠨ ᠴᠤᠪᠤᠷᠠᠯ᠎ᠢ ᠪᠠᠢᠭᠤᠯᠵᠤ᠂ ᠦᠢᠯᠡᠳᠪᠦᠷᠢᠯᠡᠯ᠎ᠦᠨ ᠫᠠᠷᠠᠮᠧᠲᠷ᠎ᠢ ᠴᠤᠭᠯᠠᠭᠤᠯᠤᠨ ᠮᠥᠷᠳᠡᠬᠦ ᠵᠡᠷᠭᠡ ᠴᠢᠳᠠᠮᠵᠢ᠎ᠶᠢ ᠪᠡᠶᠡᠯᠡᠭᠦᠯᠦᠨ᠎ᠡ ; ᠭᠤᠷᠪᠠᠳᠤᠭᠠᠷ ᠳᠡᠰ ᠨᠢ ᠵᠣᠬᠢᠴᠠᠯᠳᠤᠭᠤᠯᠤᠨ ᠰᠢᠯᠢᠳᠡᠭᠵᠢᠭᠦᠯᠬᠦ ᠪᠣᠯᠣᠨ᠎ᠠ᠂ IOT ᠳ᠋ᠠᠢᠲ᠋ᠠ᠎ᠶᠢ ᠡᠮᠬᠢᠯᠡᠨ ᠨᠡᠢᠯᠡᠭᠦᠯᠵᠦ᠂ ᠪᠠᠷᠠᠭ᠎ᠠ᠎ᠶᠢᠨ ᠰᠦᠯᠵᠢᠶ᠎ᠡ ᠪᠠ ᠣᠶᠤᠨᠴᠢ ᠬᠢᠨᠠᠨ ᠰᠢᠨᠵᠢᠯᠲᠡ᠎ᠶᠢᠨ ᠰᠡᠷᠡᠮᠵᠢᠯᠡᠭᠦᠯᠦᠯ᠎ᠢ ᠣᠷᠣᠭᠤᠯᠤᠨ ᠠᠪᠴᠢᠷᠠᠵᠤ᠂ ᠣᠯᠠᠨ ᠭᠣᠭᠴᠣᠭᠠᠨ᠎ᠳᠤ ᠵᠣᠬᠢᠴᠠᠯᠳᠤᠭᠤᠯᠤᠨ ᠰᠢᠯᠢᠳᠡᠭᠵᠢᠭᠦᠯᠬᠦ᠎ᠶᠢ ᠪᠡᠶᠡᠯᠡᠭᠦᠯᠦᠨ᠎ᠡ; ᠳᠥᠷᠪᠡᠳᠦᠭᠡᠷ ᠳᠡᠰ ᠨᠢ ᠣᠶᠤᠨᠴᠢ ᠰᠢᠢᠳᠪᠦᠷᠢᠲᠦ ᠪᠣᠳᠣᠯᠭ᠎ᠠ  ᠭᠠᠷᠭᠠᠬᠤ ᠪᠣᠯᠣᠨ᠎ᠠ᠂ AI᠂ ᠳ᠋ᠢᠭᠢᠲ ᠢᠬᠡᠷ᠎ᠡ ᠮᠡᠷᠭᠡᠵᠢᠯ᠎ᠢ ᠠᠰᠢᠭ᠍ᠯᠠᠨ᠂ ᠣᠶᠤᠨᠴᠢᠯᠠᠬᠤ᠂ ᠥᠨᠳᠥᠷ ᠪᠦᠲᠦᠮᠵᠢᠲᠡᠢ ᠪᠣᠯᠭᠠᠬᠤ ᠰᠢᠨ᠎ᠡ ᠱᠠᠲᠤᠨ᠎ᠳᠤ ᠣᠷᠣᠨ᠎ᠠ᠃ 

ᠲᠣᠰ ᠤᠳᠠᠭᠠᠨ᠎ᠤ 《ᠦᠢᠯᠡᠳᠦᠯᠭᠡ᠎ᠶᠢᠨ ᠵᠠᠭᠪᠤᠷ》᠎ᠤᠨ ᠠᠮᠵᠢᠯᠲᠠ᠎ᠲᠠᠢ ᠰᠣᠩᠭᠣᠭᠳᠠᠭᠰᠠᠨ ᠨᠢ ᠬᠥᠬᠡᠬᠣᠲᠠ᠎ᠶᠢᠨ ᠴᠠᠭᠠᠨ ᠢᠳᠡᠭᠡᠨ᠎ᠦ ᠠᠵᠤ ᠦᠢᠯᠡᠰ᠎ᠦᠨ ᠳ᠋ᠢᠭᠢᠲᠴᠢᠯᠡᠭᠰᠡᠨ ᠲᠡᠢᠰᠢ ᠬᠡᠯᠪᠡᠷᠢ᠎ᠪᠠᠨ ᠬᠤᠪᠢᠷᠠᠭᠤᠯᠤᠭᠰᠠᠨ ᠦᠷ᠎ᠡ ᠪᠦᠲᠦᠭᠡᠯ᠎ᠢ ᠭᠦᠢᠴᠡᠳ ᠨᠤᠲᠠᠯᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠪᠥᠬᠥ ᠤᠯᠤᠰ᠎ᠤᠨ ᠠᠳᠠᠯᠢ ᠠᠵᠢᠯ ᠲᠥᠷᠥᠯ᠎ᠦᠨ ᠳᠤᠮᠳᠠ ᠵᠢᠵᠢᠭ ᠠᠵᠤ ᠠᠬᠤᠢᠯᠠᠯ᠎ᠤᠨ 《ᠬᠤᠪᠢᠷᠠᠭᠤᠯᠬᠤ ᠵᠣᠷᠢᠭ᠋ ᠦᠭᠡᠢ᠂ ᠬᠤᠪᠢᠷᠠᠭᠤᠯᠵᠤ ᠴᠢᠳᠠᠬᠤ ᠦᠭᠡᠢ》 ᠬᠦᠴᠢᠷ ᠠᠰᠠᠭᠤᠳᠠᠯ᠎ᠢ ᠰᠢᠢᠳᠪᠦᠷᠢᠯᠡᠬᠦ᠎ᠳᠦ᠂ ᠬᠠᠭᠤᠯᠪᠤᠷᠢᠯᠠᠵᠤ ᠪᠣᠯᠬᠤᠢᠴᠠ᠂ ᠳᠡᠯᠭᠡᠷᠡᠭᠦᠯᠵᠦ ᠪᠣᠯᠬᠤᠢᠴᠠ ᠦᠢᠯᠡᠳᠦᠯᠭᠡ᠎ᠶᠢᠨ ᠠᠷᠭ᠎ᠠ ᠵᠠᠮ ᠬᠠᠩᠭᠠᠵᠤ᠂ ᠮᠠᠨ᠎ᠤ ᠤᠯᠤᠰ᠎ᠤᠨ ᠤᠯᠠᠮᠵᠢᠯᠠᠯᠲᠤ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠬᠦᠴᠦᠲᠡᠢ ᠠᠬᠢᠭᠤᠯᠬᠤ ᠪᠣᠯᠣᠨ᠎ᠠ᠃ 

ᠣᠢᠯᠠᠭᠠᠭᠰᠠᠨ᠎ᠢᠶᠠᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠣᠢᠷ᠎ᠠ᠎ᠶᠢᠨ ᠬᠤᠭᠤᠴᠠᠭᠠᠨ᠎ᠳᠤ ᠵᠣᠬᠢᠶᠠᠨ ᠪᠠᠢᠭᠤᠯᠵᠤ ᠥᠷᠨᠢᠭᠦᠯᠦᠭᠰᠡᠨ 2025 ᠣᠨ᠎ᠤ ᠨᠠᠷᠢᠨ ᠬᠤᠪᠢᠶᠠᠭᠰᠠᠨ ᠠᠵᠢᠯ ᠲᠥᠷᠥᠯ᠎ᠦᠨ ᠳᠤᠮᠳᠠ ᠵᠢᠵᠢᠭ ᠠᠵᠤ ᠠᠬᠤᠢᠯᠠᠯ᠎ᠤᠨ ᠳ᠋ᠢᠭᠢᠲᠴᠢᠯᠡᠭᠰᠡᠨ ᠲᠡᠢᠰᠢ ᠬᠡᠯᠪᠡᠷᠢ᠎ᠪᠠᠨ ᠬᠤᠪᠢᠷᠠᠭᠤᠯᠬᠤ ᠲᠠᠯᠠᠪᠤᠷ ᠪᠠᠢᠳᠠᠯ᠎ᠢ ᠬᠥᠲᠥᠯᠥᠨ ᠵᠢᠯᠣᠭᠣᠳᠴᠤ ᠨᠠᠢᠷᠠᠭᠤᠯᠤᠨ ᠵᠣᠬᠢᠶᠠᠬᠤ ᠠᠵᠢᠯ᠎ᠤᠨ ᠵᠣᠷᠢᠯᠭ᠎ᠠ ᠨᠢ ᠨᠠᠷᠢᠨ ᠬᠤᠪᠢᠶᠠᠭᠰᠠᠨ 50 ᠠᠵᠢᠯ ᠲᠥᠷᠥᠯ᠎ᠦᠨ ᠲᠣᠭᠣᠷᠢᠨ᠎ᠳᠤ ᠨᠢᠭᠡ ᠪᠦᠯᠦᠭ ᠬᠡᠯᠪᠡᠷᠢ᠎᠎ᠪᠠᠨ ᠬᠤᠪᠢᠷᠠᠭᠤᠯᠤᠭᠰᠠᠨ ᠲᠤᠷᠰᠢᠯᠭ᠎ᠠ᠎ᠶᠢ ᠰᠦᠪᠡᠭᠴᠢᠯᠡᠨ ᠪᠦᠷᠢᠯᠳᠦᠭᠦᠯᠬᠦ᠎ᠶᠢᠨ ᠲᠥᠯᠥᠭᠡ ᠶᠤᠮ᠃ ᠬᠥᠬᠡᠬᠣᠲᠠ᠎ᠶᠢᠨ 《ᠦᠢᠯᠡᠳᠦᠯᠭᠡ᠎ᠶᠢᠨ ᠵᠠᠭᠪᠤᠷ》 ᠨᠢ ᠣᠯᠠᠨ ᠬᠡᠷᠡᠭ᠎ᠦᠨ ᠵᠢᠱ᠌ᠢᠶ᠎ᠡ᠎ᠡᠴᠡ ᠴᠣᠯᠭᠣᠷᠠᠨ ᠭᠠᠷᠤᠭᠰᠠᠨ ᠨᠢ ᠬᠥᠬᠡᠬᠣᠲᠠ᠎ᠶᠢᠨ ᠬᠢᠨ ᠳᠤᠮᠳᠠ ᠵᠢᠵᠢᠭ ᠠᠵᠤ ᠠᠬᠤᠢᠯᠠᠯ᠎ᠤᠨ ᠳ᠋ᠢᠭᠢᠲᠴᠢᠯᠠᠨ ᠲᠠᠰ ᠳᠡᠪᠰᠢᠭᠦᠯᠬᠦ᠎ᠶᠢ ᠠᠬᠢᠭᠤᠯᠬᠤ ᠬᠦᠷᠢᠶᠡᠨ᠎ᠳᠦ ᠵᠠᠩᠭᠢᠯᠠᠭ᠎ᠠ᠎ᠶᠢᠨ ᠨᠢᠭᠡ ᠠᠯᠬᠤᠮ᠎ᠢᠶᠠᠨ ᠠᠯᠬᠤᠭᠰᠠᠨ᠎ᠢ ᠬᠠᠷᠠᠭᠤᠯᠵᠤ ᠪᠠᠢᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ