ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠳᠠᠭᠠᠤ ᠬᠤᠳᠠ᠎ᠶᠢᠨ ᠵᠢᠭᠤᠯᠴᠢᠯᠠᠯ᠎ᠤᠨ ᠬᠣᠯᠪᠤᠭ᠎ᠠ ᠣᠢᠷ᠎ᠠ᠎ᠶᠢᠨ ᠡᠳᠦᠷ ᠪᠤᠭᠤᠲᠤ ᠬᠤᠳᠠ᠎ᠳᠤ ᠪᠠᠢᠭᠤᠯᠤᠭᠳᠠᠵᠤ᠂ ᠵᠠᠮ ᠳᠠᠭᠠᠤ ᠬᠣᠶᠠᠷ ᠥᠪᠡᠷᠲᠡᠭᠡᠨ ᠵᠠᠰᠠᠬᠤ ᠣᠷᠣᠨ ᠲᠤᠯᠤᠭᠠᠨ ᠭᠠᠵᠠᠷ᠎ᠤᠨ ᠵᠣᠴᠢᠳ ᠨᠢᠭᠡ ᠲᠠᠩᠬᠢᠮ᠎ᠳᠤ ᠴᠤᠭᠯᠠᠷᠠᠵᠤ᠂ ᠥᠪᠥᠷ ᠮᠣᠩᠭᠣᠯ ᠨᠢᠩᠰᠢᠶᠠ ᠬᠣᠶᠠᠷ ᠭᠠᠵᠠᠷ ᠴᠢᠨᠠᠭᠰᠢᠯᠠᠪᠠᠯ ᠨᠡᠩ ᠥᠷᠭᠡᠨ ᠣᠷᠣᠨ ᠪᠦᠰᠡ᠎ᠶᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ 《ᠬᠠᠷᠢᠯᠴᠠᠨ ᠨᠡᠮᠡᠬᠦ》᠎ᠡᠴᠡ《ᠬᠠᠷᠢᠯᠴᠠᠨ ᠠᠭᠤᠰᠤᠯᠴᠠᠬᠤ》 ᠪᠣᠯᠤᠭᠰᠠᠨ ᠪᠠᠢᠳᠠᠯ᠎ᠢ ᠡᠬᠢᠯᠡᠭᠦᠯᠵᠡᠢ᠃
ᠤᠳᠠᠯ ᠦᠭᠡᠢ ᠨᠡᠪᠲᠡᠷᠡᠬᠦ᠎ᠪᠡᠷ ᠪᠠᠢᠭ᠎ᠠ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠪᠣᠯ ᠪᠠᠷᠠᠭᠤᠨ ᠬᠣᠢᠲᠤ ᠣᠷᠣᠨ᠎ᠤ《ᠨᠢᠭᠡ ᠪᠦᠰᠡ ᠨᠢᠭᠡ ᠵᠠᠮ》᠎ᠤᠨ ᠰᠠᠨᠠᠭᠠᠴᠢᠯᠠᠭᠠᠳᠤ ᠭᠦᠨᠵᠡᠭᠡᠢ ᠠᠭᠤᠰᠤᠯᠴᠠᠬᠤ᠂ ᠭᠠᠵᠠᠷ ᠣᠷᠣᠨ᠎ᠤ ᠥᠨᠳᠥᠷ ᠲᠦᠪᠰᠢᠨ ᠪᠦᠬᠦᠢ ᠨᠡᠭᠡᠭᠡᠯᠲᠡ ᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠨᠡ ᠨᠢ ᠥᠪᠥᠷ ᠮᠣᠩᠭᠣᠯ ᠨᠢᠩᠰᠢᠶᠠ᠎ᠶᠢᠨ ᠣᠷᠣᠨ ᠪᠦᠰᠡ᠎ᠶᠢᠨ ᠬᠠᠮᠵᠢᠯᠴᠠᠨ ᠬᠥᠭᠵᠢᠬᠦ᠎ᠶᠢ ᠠᠬᠢᠭᠤᠯᠬᠤ᠎ᠳᠤ ᠰᠣᠶᠣᠯ ᠵᠢᠭᠤᠯᠴᠢᠯᠠᠯ᠎ᠤᠨ ᠰᠢᠨ᠎ᠡ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠣᠨ᠎ᠠ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠨᠢ ᠥᠪᠥᠷ ᠮᠣᠩᠭᠣᠯ ᠪᠠ ᠨᠢᠩᠰᠢᠶᠠ᠎ᠶᠢ ᠬᠣᠯᠪᠣᠭᠰᠠᠨ 《ᠵᠠᠮ ᠬᠠᠷᠢᠯᠴᠠᠭᠠᠨ᠎ᠤ ᠯᠤᠭᠰᠢᠭᠤᠨ ᠰᠤᠳᠠᠯ》 ᠪᠣᠯᠤᠭᠰᠠᠨ᠎ᠤ ᠬᠤᠪᠢ᠎ᠳᠤ᠂ ᠪᠤᠭᠤᠲᠤ᠂ ᠢᠷᠭᠠᠢ᠂ ᠱᠢ ᠽᠦᠢ ᠱᠠᠨ᠂ ᠪᠠᠶᠠᠨᠨᠠᠭᠤᠷ᠂ ᠦᠬᠠᠢ᠂ ᠠᠯᠠᠱᠠ᠂ ᠣᠷᠳᠣᠰ ᠵᠡᠷᠭᠡ ᠲᠤᠯᠤᠭᠠᠨ ᠭᠠᠵᠠᠷ᠎ᠢ ᠬᠣᠯᠪᠣᠵᠤ᠂ 《ᠬᠣᠶᠠᠷ ᠴᠠᠭ᠎ᠤᠨ ᠬᠡᠪᠴᠢᠶᠡᠨ᠎ᠳᠡᠬᠢ ᠠᠵᠤ ᠠᠬᠤᠢ᠎ᠶᠢᠨ ᠲᠣᠭᠣᠷᠢᠭ᠋》᠎ᠢ ᠪᠠᠶ᠋ᠢᠭᠤᠯᠬᠤ ᠪᠣᠯᠣᠨ᠎ᠠ᠃ ᠡᠨᠡ ᠨᠢ ᠹᠢᠽᠢᠺ᠎ᠦᠨ ᠣᠷᠣᠨ ᠵᠠᠢ᠎ᠶᠢ ᠪᠣᠭᠣᠨᠢᠰᠬᠠᠬᠤ᠎ᠪᠠᠷ ᠪᠠᠷᠠᠬᠤ ᠦᠭᠡᠢ ᠨᠡᠩ ᠴᠤ᠌ ᠬᠥᠭᠵᠢᠯᠲᠡ᠎ᠶᠢᠨ ᠰᠡᠳᠬᠢᠮᠵᠢ᠎ᠶᠢ ᠠᠭᠤᠰᠤᠯᠴᠠᠭᠤᠯᠤᠨ ᠲᠡᠰ ᠳᠡᠪᠰᠢᠭᠦᠯᠵᠦ᠂ ᠵᠠᠮ ᠳᠠᠭᠠᠤ᠎ᠶᠢᠨ ᠰᠢᠯᠢᠳᠡᠭ ᠡᠬᠢ ᠪᠠᠶᠠᠯᠢᠭ᠋᠎ᠢ ᠨᠡᠢᠳᠬᠡᠬᠦ᠂ ᠠᠶᠠᠨᠴᠢᠳ᠎ᠤᠨ ᠢᠷᠡᠯᠲᠡ᠎ᠶᠢᠨ ᠵᠠᠬ᠎ᠠ ᠳᠡᠯᠭᠡᠭᠦᠷ᠎ᠢ ᠬᠠᠮᠲᠤᠪᠡᠷ ᠨᠡᠭᠡᠭᠡᠬᠦ᠂ ᠪᠠᠷᠠᠭᠤᠨ ᠬᠣᠢᠲᠤ᠎ᠶᠢᠨ ᠰᠢᠵᠢᠷ ᠠᠯᠳᠠᠨ ᠵᠢᠭᠤᠯᠴᠢᠯᠠᠯ᠎ᠤᠨ ᠪᠦᠰᠡ᠎ᠶᠢ ᠴᠣᠭᠴᠠᠯᠠᠬᠤ᠎ᠳᠤ ᠤᠷᠢᠳ ᠡᠮᠦᠨ᠎ᠡ ᠪᠠᠢᠭ᠎ᠠ ᠦᠭᠡᠢ ᠠᠵᠠ ᠲᠣᠭᠢᠶᠠᠯ ᠬᠠᠩᠭᠠᠭᠰᠠᠨ ᠪᠥᠭᠡᠳ ᠪᠠᠰᠠ 《ᠨᠢᠭᠡ ᠪᠦᠰᠡ ᠨᠢᠭᠡ ᠵᠠᠮ》᠎ᠤᠨ ᠪᠦᠳᠦᠭᠦᠪᠴᠢ ᠲᠥᠰᠥᠪ᠎ᠦᠨ ᠳᠣᠣᠷ᠎ᠠ ᠪᠡᠯᠡᠳᠬᠡᠮᠵᠢ᠎ᠶᠢ ᠬᠣᠯᠪᠣᠯᠳᠤᠭᠤᠯᠤᠨ ᠨᠡᠪᠲᠡᠷᠡᠭᠦᠯᠬᠦ᠂ ᠰᠣᠶᠣᠯ ᠵᠢᠭᠤᠯᠴᠢᠯᠠᠯ᠎ᠢ ᠰᠠᠭᠠᠳ ᠦᠭᠡᠢ ᠨᠡᠪᠲᠡᠷᠡᠭᠦᠯᠬᠦ᠂ ᠠᠷᠠᠳ᠎ᠤᠨ ᠰᠡᠳᠬᠢᠯ᠎ᠢ ᠨᠡᠪᠲᠡᠷᠡᠯᠴᠡᠭᠦᠯᠬᠦ ᠰᠣᠶᠣᠯ ᠵᠢᠭᠤᠯᠴᠢᠯᠠᠯ᠎ᠦᠨ ᠰᠢᠨ᠎ᠡ ᠵᠠᠮ᠎ᠢ ᠨᠡᠭᠡᠭᠡᠭᠰᠡᠨ ᠪᠠᠢᠨ᠎ᠠ᠃
ᠥᠪᠥᠷ ᠮᠣᠩᠭᠣᠯ ᠪᠠ ᠨᠢᠩᠰᠢᠶᠠ ᠪᠣᠯ ᠴᠥᠮ ᠬᠠᠲᠤᠨ ᠭᠣᠣᠯ᠎ᠤᠨ ᠰᠠᠪᠠ ᠭᠠᠵᠠᠷ᠎ᠲᠤ ᠬᠠᠷᠢᠶᠠᠯᠠᠭᠳᠠᠵᠤ᠂ ᠭᠠᠵᠠᠷ ᠵᠦᠢᠪᠡᠷᠢᠶᠡᠨ ᠬᠥᠷᠰᠢᠯᠡᠵᠦ᠂ ᠰᠣᠶᠣᠯ᠎ᠢᠶᠠᠷ᠎ᠢᠶᠠᠨ ᠨᠡᠪᠲᠡᠷᠡᠯᠴᠡᠨ᠂ ᠡᠬᠢ ᠪᠠᠶᠠᠯᠢᠭ᠋᠎ᠤᠨ ᠳᠠᠪᠠᠭᠤᠯᠢᠭ᠋ ᠨᠢ ᠥᠪᠡᠷ ᠥᠪᠡᠷ᠎ᠦᠨ ᠣᠨᠴᠠᠯᠢᠭ᠋᠎ᠲᠠᠢ ᠪᠠᠢᠳᠠᠭ ᠃ ᠥᠪᠥᠷ ᠮᠣᠩᠭᠣᠯ᠎ᠳᠤ ᠨᠤᠲᠤᠭ ᠪᠡᠯᠴᠢᠭᠡᠷ᠂ ᠡᠯᠡᠰᠦ ᠮᠠᠩᠬ᠎ᠠ᠂ ᠨᠤᠭᠤ ᠭᠠᠵᠠᠷ᠂ ᠤᠢ ᠰᠢᠭᠤᠢ᠂ ᠮᠥᠰᠥ ᠴᠠᠰᠤ ᠵᠡᠷᠭᠡ ᠤᠯᠠᠨ ᠵᠦᠢᠯ᠎ᠦᠨ ᠪᠠᠢᠭᠠᠯᠢ᠎ᠶᠢᠨ ᠭᠡᠯᠪᠡᠷᠢ ᠪᠠᠢᠳᠠᠯ᠎ᠲᠠᠢ; ᠨᠢᠩᠰᠢᠶᠠ ᠬᠠᠷᠢᠨ 《ᠠᠷᠤ ᠭᠠᠵᠠᠷ᠎ᠤᠨ ᠵᠢᠶᠠᠩᠨᠠᠨ ᠣᠷᠣᠨ》 ᠭᠡᠬᠦ ᠰᠠᠢᠬᠠᠨ ᠨᠡᠷ᠎ᠡ᠎ᠲᠠᠢ ᠪᠠᠢᠵᠤ᠂ ᠪᠠᠷᠠᠭᠤᠨ ᠰᠢᠶᠠ ᠤᠯᠤᠰ᠎ᠤᠨ ᠰᠣᠶᠣᠯ᠂ ᠬᠠᠲᠤᠨ ᠭᠣᠣᠯ᠎ᠤᠨ ᠦᠵᠡᠮᠵᠢ᠂ ᠠᠮᠲᠠᠲᠤ ᠦᠵᠦᠮ᠎ᠦᠨ ᠠᠷᠢᠬᠢ ᠪᠠ ᠥᠪᠡᠷᠮᠢᠴᠡ ᠣᠨᠴᠠᠯᠢᠭ᠋᠎ᠲᠠᠢ ᠠᠮᠲᠠᠲᠤ ᠢᠳᠡᠭᠡᠨ᠎ᠢ ᠬᠤᠷᠠᠮᠳᠤᠭᠤᠯᠵᠠᠢ ᠃ ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ᠎ᠢ ᠨᠡᠪᠲᠡᠷᠡᠭᠦᠯᠬᠦ ᠨᠢ ᠲᠠᠯ᠎ᠠ ᠨᠤᠲᠤᠭ᠎ᠤᠨ ᠵᠠᠩ ᠦᠢᠯᠡ᠎ᠶᠢ ᠬᠠᠳᠤᠨ ᠭᠣᠣᠯ᠎ᠤᠨ ᠨᠣᠭᠣᠭᠠᠨ ᠪᠦᠷᠢᠳᠦ ᠯᠦ᠍ᠭᠡ ᠠᠭᠤᠰᠤᠯᠴᠠᠭᠤᠯᠵᠤ᠂ ᠪᠠᠷᠠᠭᠤᠨ ᠬᠣᠢᠲᠤ᠎ᠶᠢᠨ ᠵᠠᠮ ᠳᠠᠭᠠᠤ᠎ᠶᠢᠨ ᠥᠪᠡᠷᠮᠢᠴᠡ ᠣᠨᠴᠠᠯᠢᠭ᠋ ᠪᠦᠬᠦᠢ ᠦᠵᠡᠮᠵᠢ᠎ᠶᠢᠨ ᠣᠷᠣᠨ᠎ᠢ ᠬᠠᠮᠲᠤ ᠪᠠᠷ ᠴᠣᠭᠴᠠᠯᠠᠵᠤ᠂ ᠣᠷᠣᠨ ᠪᠦᠰᠡ᠎ᠶᠢᠨ ᠵᠢᠭᠤᠯᠴᠢᠯᠠᠯ᠎ᠤᠨ ᠲᠠᠲᠠᠬᠤ ᠬᠦᠴᠦᠨ ᠪᠠ ᠥᠷᠢᠰᠦᠯᠳᠦᠬᠦ ᠬᠦᠴᠦᠨ᠎ᠢ ᠶᠡᠬᠡ ᠪᠡᠷ ᠳᠡᠭᠡᠭᠰᠢᠯᠡᠭᠦᠯᠭᠦ ᠪᠣᠯᠣᠨ᠎ᠠ᠃
ᠪᠤᠭᠤᠲᠤ᠎ᠠᠴᠠ ᠢᠷᠭᠠᠢ ᠬᠦᠷᠬᠦ ᠲᠦᠷᠭᠡᠨ᠎ᠦ ᠲᠡᠮᠦᠷ ᠵᠠᠮ ᠳᠠᠭᠠᠤ ᠬᠤᠳᠠ᠎ᠶᠢᠨ ᠵᠢᠭᠤᠯᠴᠢᠯᠠᠯ᠎ᠤᠨ ᠬᠣᠯᠪᠤᠭ᠎ᠠ᠎ᠶᠢᠨ ᠪᠠᠢᠭᠤᠯᠤᠭᠳᠠᠭᠰᠠᠨ ᠨᠢ ᠥᠪᠥᠷ ᠮᠣᠩᠭᠣᠯ ᠨᠢᠩᠰᠢᠶᠠ ᠬᠣᠶᠠᠷ ᠭᠠᠵᠠᠷ᠎ᠤᠨ 《ᠡᠷᠬᠡ ᠲᠡᠭᠰᠢ ᠬᠠᠷᠢᠯᠴᠠᠨ ᠠᠰᠢᠭ᠍ᠲᠠᠢ ᠪᠠᠢᠬᠤ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠂ ᠬᠠᠮᠵᠢᠯᠴᠠᠨ ᠬᠥᠭᠵᠢᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ᠋ ᠭᠦᠷᠳᠡᠭᠦ》᠎ᠶ᠋ᠢ ᠪᠠᠷᠢᠮᠲᠠᠯᠠᠬᠤ᠎ᠶᠢ ᠠᠬᠢᠭᠤᠯᠬᠤ ᠰᠢᠨ᠎ᠡ ᠡᠭᠢᠯᠡᠯᠲᠡ ᠪᠣᠯᠤᠭᠰᠠᠨ ᠪᠠᠢᠨ᠎ᠠ᠃ ᠪᠠᠢᠭᠤᠯᠤᠭᠳᠠᠬᠤ ᠶᠣᠰᠣᠯᠠᠯ᠎ᠤᠨ ᠬᠤᠭᠤᠴᠠᠭᠠᠨ᠎ᠳᠤ᠂ ᠲᠤᠯᠤᠭᠠᠨ ᠭᠠᠵᠠᠷ᠎ᠤᠨ ᠰᠣᠶᠣᠯ ᠵᠢᠭᠤᠯᠴᠢᠯᠠᠯ᠎ᠤᠨ ᠠᠵᠤ ᠠᠬᠤᠢᠯᠠᠯ 《ᠠᠶᠠᠨᠴᠢᠳ᠎ᠢ ᠬᠠᠷᠢᠯᠴᠠᠨ ᠬᠦᠷᠭᠡᠬᠦ ᠬᠠᠮᠲᠤᠷᠠᠯᠴᠠᠭᠠᠨ᠎ᠤ ᠵᠥᠪᠯᠡᠯᠴᠡᠭᠡᠷ》 ᠲᠣᠬᠢᠷᠠᠯᠴᠠᠵᠤ᠂ ᠲᠤᠯᠤᠭᠠᠨ ᠭᠠᠵᠠᠷ᠎ᠤᠨ ᠲᠥᠯᠥᠭᠡᠯᠡᠭᠴᠢᠳ 《ᠵᠢᠭᠤᠯᠴᠢᠯᠠᠯ᠎ᠤᠨ ᠬᠣᠯᠪᠤᠭ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ》ᠲᠦ᠍ ᠭᠠᠷᠤᠨ ᠦᠰᠦᠭ ᠵᠢᠷᠤᠭᠰᠠᠨ ᠪᠥᠭᠡᠳ ᠵᠢᠭᠤᠯᠴᠢᠯᠠᠯ᠎ᠤᠨ ᠲᠠᠨᠢᠯᠴᠠᠭᠤᠯᠭ᠎ᠠ ᠬᠢᠵᠦ᠂ ᠥᠪᠡᠷ ᠥᠪᠡᠷ᠎ᠦᠨ ᠣᠨᠴᠠᠯᠢᠭ᠋᠎ᠲᠠᠢ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠋᠎ᠢᠶᠡᠨ ᠳᠡᠯᠭᠡᠨ ᠦᠵᠡᠭᠦᠯᠵᠡᠢ᠃