《ᠳ᠋ᠦᠩ ᠰᠢᠩ ᠡᠨᠧᠷᠭᠢ ᠨᠥᠭᠡᠴᠡᠯᠡᠬᠦ ᠴᠠᠬᠢᠯᠭᠠᠨ ᠥᠷᠲᠡᠭᠡᠨ᠎ᠦ 1 ᠳ᠋ᠦ᠍ᠭᠡᠷ ᠨᠣᠮᠧᠷ᠂ 2 ᠳ᠋ᠤᠭᠠᠷ ᠨᠣᠮᠧᠷ᠎ᠦᠨ ᠭᠣᠣᠯ ᠬᠦᠴᠦᠳᠡᠯ ᠥᠭᠡᠷᠡᠴᠢᠯᠡᠭᠦᠷᠦᠨ ᠲᠠᠪᠤᠳᠠᠭᠢ ᠴᠠᠬᠢᠯᠭᠠᠨ ᠴᠡᠨᠡᠭᠯᠡᠬᠦ ᠠᠵᠢᠯ ᠨᠢᠭᠡᠨᠲᠡ ᠳᠠᠭᠤᠰᠪᠠ᠂ ᠲᠥᠬᠦᠭᠡᠷᠦᠮᠵᠢ᠎ᠶᠢᠨ ᠠᠵᠢᠯᠯᠠᠭᠠᠨ ᠬᠡᠪ᠎ᠦᠨ ᠪᠠᠢᠳᠠᠯ᠎ᠢᠶᠠᠷ ᠶᠠᠪᠤᠭᠳᠠᠵᠤ ᠪᠠᠢᠨ᠎ᠠ!》 11 ᠳ᠋ᠦ᠍ᠭᠡᠷ ᠰᠠᠷ᠎ᠠ᠎ᠶᠢᠨ 30᠎ᠤ ᠣᠷᠣᠢ᠎ᠶᠢᠨ 9 ᠴᠠᠭ 59 ᠮᠢᠨᠦ᠋ᠲ᠎ᠲᠦ᠂ ᠦᠬᠠᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠣᠭᠣᠷᠢᠭ᠋᠎ᠲᠤ ᠪᠠᠢᠭ᠎ᠠ ᠦᠬᠠᠢ ᠬᠤᠳᠠ᠎ᠶᠢᠨ 20 ᠲᠦᠮᠡᠨ ᠺᠢᠯᠣᠸᠠᠲ / 80 ᠲᠦᠮᠡᠨ ᠺᠢᠯᠣᠸᠠᠲ ᠴᠠᠭ᠎ᠤᠨ ᠬᠠᠲᠠᠭᠤᠷᠬᠠᠭ ᠲᠥᠯᠥᠪᠲᠦ ᠡᠨᠧᠷᠭᠢ ᠨᠥᠭᠡᠴᠡᠯᠡᠬᠦ ᠴᠠᠬᠢᠯᠭᠠᠨ ᠥᠷᠲᠡᠭᠡᠨ᠎ᠳᠦ᠂ ᠵᠢᠵᠢᠭᠦᠷ᠎ᠦᠨ ᠳᠠᠷᠤᠭ᠎ᠠ ᠯᠢᠦ ᠵᠢᠶᠠ ᠬᠤᠤ᠎ᠶᠢᠨ ᠲᠣᠳᠣᠷᠬᠠᠢ ᠵᠠᠷᠯᠢᠭ᠋ ᠪᠠᠭᠤᠯᠭᠠᠬᠤ᠎ᠶᠢ ᠳᠠᠭᠠᠯᠳᠤᠨ᠂ ᠮᠠᠨ᠎ᠤ ᠤᠯᠤᠰ᠎ᠤᠨ ᠡᠨᠡ ᠬᠦ᠌ ᠮᠠᠰᠢᠨ ᠴᠣᠭᠴᠠᠯᠠᠪᠤᠷᠢ᠎ᠶᠢᠨ ᠬᠡᠪᠴᠢᠶ᠎ᠡ᠎ᠪᠡᠷ ᠬᠠᠮᠤᠭ᠎ᠤᠨ ᠶᠡᠬᠡ ᠬᠠᠲᠠᠭᠤᠷᠬᠠᠭ ᠲᠥᠯᠥᠪᠲᠦ ᠯᠢᠲ᠋ᠢ ᠴᠡᠨᠡᠭ᠎ᠦᠨ ᠴᠠᠬᠢᠯᠭᠠᠨ ᠬᠦᠴᠦᠨ᠎ᠦ ᠲᠣᠣᠷ᠎ᠤᠨ ᠲᠠᠯ᠎ᠠ᠎ᠳᠠᠬᠢ ᠰᠢᠨ᠎ᠡ ᠬᠡᠯᠪᠡᠷᠢ᠎ᠶᠢᠨ ᠲᠤᠰᠠᠭᠠᠷ ᠡᠨᠧᠷᠭᠢ ᠨᠥᠭᠡᠴᠡᠯᠡᠬᠦ ᠲᠦᠷᠦᠯ ᠵᠦᠢᠯ᠎ᠢ ᠠᠮᠵᠢᠯᠲᠠ᠎ᠲᠠᠢ᠎ᠪᠠᠷ ᠲᠣᠣᠷ᠎ᠲᠤ ᠨᠡᠢᠯᠡᠭᠦᠯᠵᠡᠢ᠃
ᠡᠨᠡ ᠬᠦ᠌ 《ᠲᠠᠰ᠎ᠠᠴᠠ ᠳᠠᠪᠠᠭᠰᠠᠨ ᠴᠡᠨᠡᠭᠯᠡᠭᠦᠷ》᠎ᠢ ᠳᠤᠮᠳᠠᠳᠤ ᠤᠯᠤᠰ᠎ᠤᠨ ᠯᠢᠦᠢ ᠹᠠ ᠪᠡᠯᠡ ᠣᠷᠣᠭᠤᠯᠤᠯᠲᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠠᠴᠠ ᠪᠡᠯᠡ ᠣᠷᠣᠭᠤᠯᠤᠨ ᠪᠠᠢᠭᠤᠯᠵᠤ᠂ ᠬᠡᠷᠡᠭᠯᠡᠭᠰᠡᠨ ᠭᠠᠵᠠᠷ ᠨᠢ ᠪᠠᠷᠤᠭ 100 ᠮᠦ᠍ ᠪᠠᠢᠵᠤ᠂ ᠨᠡᠶ᠋ᠢᠲᠡ 6 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠠᠢ᠂ ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠠᠩᠬᠠᠳᠠᠭ᠍ᠴᠢ ᠬᠠᠲᠠᠭᠤᠷᠬᠠᠭ ᠲᠥᠯᠥᠪᠲᠦ ᠹᠣᠰᠹᠣᠷ ᠬᠦᠴᠢᠯᠲᠦ ᠲᠡᠮᠦᠷ᠎ᠤᠨ ᠯᠢᠲ᠋ᠢ᠎ᠶᠢᠨ ᠮᠡᠷᠭᠡᠵᠢᠯ᠎ᠢ ᠠᠰᠢᠭ᠍ᠯᠠᠵᠤ ᠬᠡᠪᠴᠢᠶᠡᠵᠢᠭᠦᠯᠦᠭᠰᠡᠨ ᠡᠨᠧᠷᠭᠢ ᠨᠥᠭᠡᠴᠡᠯᠡᠬᠦ ᠲᠥᠷᠥᠯ ᠵᠦᠢᠯ ᠪᠣᠯᠣᠨ᠎ᠠ᠃ ᠲᠦᠷᠦᠯ ᠵᠦᠢᠯ᠎ᠦᠨ ᠠᠬᠤᠢ ᠲᠠᠯᠠᠪᠠᠢ᠎ᠳᠤ᠂ ᠡᠨᠧᠷᠭᠢ ᠨᠥᠭᠡᠴᠡᠯᠡᠬᠦ ᠴᠡᠨᠡᠭ᠎ᠦᠨ 160 ᠲᠠᠰᠤᠯᠭ᠎ᠠ ᠪᠠ ᠬᠤᠪᠢᠰᠤᠮᠠᠯ ᠭᠦᠶᠦᠳᠡᠯ᠎ᠦᠨ ᠬᠦᠴᠦᠳᠡᠯ ᠲᠦᠷᠭᠡᠳᠬᠡᠭᠦᠷᠢ ᠨᠢᠭᠡ ᠴᠣᠭᠴᠠᠵᠢᠭᠤᠯᠤᠭᠰᠠᠨ 40 ᠲᠠᠰᠤᠯᠭ᠎ᠠ ᠲᠡᠭᠰᠢ ᠵᠢᠭ᠍ᠰᠠᠭᠠᠭᠳᠠᠵᠤ᠂ ᠤᠷᠬᠢᠯ ᠬᠤᠭᠤᠴᠠᠭ᠎ᠠ᠎ᠶᠢ ᠲᠣᠬᠢᠷᠠᠭᠤᠯᠬᠤ ᠬᠡᠪ ᠵᠠᠭᠪᠤᠷ᠎ᠢᠶᠠᠷ ᠳᠠᠮᠵᠢᠭᠤᠯᠵᠤ᠂ ᠵᠢᠯ ᠪᠦᠷᠢ ᠴᠠᠬᠢᠯᠭᠠᠨ ᠬᠦᠴᠦᠨ᠎ᠦ ᠲᠣᠣᠷ᠎ᠲᠤ 1.89 ᠳ᠋ᠦᠩᠰᠢᠭᠤᠷ ᠺᠢᠯᠣᠸᠠᠲ ᠴᠠᠭ᠎ᠤᠨ ᠴᠡᠪᠡᠷ ᠴᠠᠬᠢᠯᠭᠠᠨ ᠬᠦᠴᠦᠨ᠎ᠢ ᠬᠦᠷᠭᠡᠬᠦ ᠪᠣᠯᠣᠨ᠎ᠠ᠃
ᠦᠬᠠᠢ᠎ᠶᠢᠨ ᠴᠠᠬᠢᠯᠭᠠᠨ ᠬᠦᠴᠦᠨ᠎ᠦ ᠲᠣᠣᠷ ᠨᠢ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠴᠠᠬᠢᠯᠭᠠᠨ ᠬᠦᠴᠦᠨ᠎ᠦ ᠲᠣᠣᠷ᠎ᠤᠨ ᠴᠢᠬᠤᠯᠠ ᠬᠦᠢᠰᠦ ᠪᠣᠯᠤᠭᠰᠠᠨ᠎ᠤ ᠬᠤᠪᠢ᠎ᠳᠤ᠂ ᠲᠡᠭᠦᠨ᠎ᠦ ᠠᠵᠢᠯᠯᠠᠭᠠᠨ᠎ᠤ ᠲᠣᠭᠲᠠᠪᠤᠷᠢᠲᠤ ᠴᠢᠨᠠᠷ ᠨᠢ ᠡᠷᠬᠢᠨ ᠲᠣᠭᠣᠷᠢᠨ᠎ᠤ ᠴᠠᠬᠢᠯᠭᠠᠨ ᠬᠦᠴᠦᠨ᠎ᠦ ᠲᠣᠣᠷ᠎ᠤᠨ ᠴᠠᠬᠢᠯᠭᠠᠨ ᠬᠠᠩᠭᠠᠬᠤ ᠨᠠᠢᠳᠠᠪᠤᠷᠢᠲᠤ ᠴᠢᠨᠠᠷ᠎ᠢ ᠰᠢᠭᠤᠳ ᠨᠥᠯᠥᠭᠡᠯᠡᠳᠡᠭ᠃ ᠡᠨᠡ ᠬᠦ᠌ ᠴᠠᠬᠢᠯᠭᠠᠨ ᠥᠷᠲᠡᠭᠡᠨ᠎ᠦ ᠵᠠᠯᠭᠠᠯᠲᠠ ᠨᠢ ᠴᠠᠬᠢᠯᠭᠠᠨ ᠬᠦᠴᠦᠨ᠎ᠦ ᠲᠣᠣᠷ᠎ᠲᠤ 《ᠬᠠᠷᠢᠮᠠᠬᠠᠢ ᠨᠠᠮᠬᠠᠳᠬᠠᠭᠤᠷ》 ᠤᠭᠰᠠᠷᠠᠭᠰᠠᠨ ᠮᠡᠲᠦ ᠪᠠᠢᠵᠤ᠂ ᠣᠷᠭᠢᠯ ᠬᠤᠭᠤᠴᠠᠭ᠎ᠠ ᠪᠠ ᠰᠡᠯᠡᠭᠦᠦ ᠬᠤᠭᠤᠴᠠᠭᠠᠨ᠎ᠤ ᠴᠠᠬᠢᠯᠭᠠᠨ ᠬᠦᠴᠦᠨ᠎ᠢ ᠲᠣᠬᠢᠷᠠᠭᠤᠯᠬᠤ᠂ ᠬᠡᠯᠪᠡᠯᠵᠡᠯ᠎ᠢ ᠲᠣᠭᠲᠠᠪᠤᠷᠢᠵᠢᠭᠤᠯᠬᠤ᠂ ᠴᠠᠬᠢᠯᠭᠠᠨ ᠬᠠᠩᠭᠠᠬᠤ᠎ᠶᠢ ᠪᠠᠲᠤᠯᠠᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠠᠬᠢ ᠶᠡᠬᠡ ᠬᠡᠪᠴᠢᠶᠡᠨ᠎ᠦ ᠰᠢᠨ᠎ᠡ ᠡᠨᠧᠷᠭᠢ᠎ᠶᠢᠨ ᠬᠤᠷᠠᠮᠳᠤᠯ᠎ᠠᠴᠠ ᠪᠣᠯᠤᠭᠰᠠᠨ ᠥᠷᠢᠰᠦᠯᠳᠦᠭᠡᠨ᠎ᠢ ᠪᠦᠲᠦᠮᠵᠢᠲᠡᠢ ᠰᠢᠢᠳᠪᠦᠷᠢᠯᠡᠨ᠂ ᠭᠠᠵᠠᠷ ᠣᠷᠣᠨ᠎ᠤ ᠴᠠᠬᠢᠯᠭᠠᠨ ᠬᠦᠴᠦᠨ᠎ᠦ ᠰᠢᠰᠲᠧᠮ᠎ᠦᠨ ᠲᠣᠭᠲᠠᠪᠤᠷᠢᠲᠤ ᠴᠢᠨᠠᠷ᠎ᠢ ᠮᠡᠳᠡᠭᠳᠡᠮ᠎ᠡ ᠳᠡᠭᠡᠭᠰᠢᠯᠡᠭᠦᠯᠵᠦ᠂ ᠴᠡᠪᠡᠷ ᠡᠨᠧᠷᠭᠢ᠎ᠶᠢᠨ ᠠᠰᠢᠭ᠍ᠯᠠᠮᠵᠢ᠎ᠶᠢ ᠳᠡᠭᠡᠭᠰᠢᠯᠡᠭᠦᠯᠦᠨ᠂ ᠦᠬᠠᠢ᠎ᠶᠢᠨ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠲᠦᠷᠦᠭᠦᠴᠢ ᠵᠢᠱ᠌ᠢᠶ᠎ᠡ ᠦᠵᠡᠭᠦᠯᠵᠡᠢ᠃
《ᠠᠮᠤᠷ ᠲᠦᠪᠰᠢᠨ ᠴᠢᠨᠠᠷ᠎ᠢᠶᠠᠷ ᠴᠢᠩᠭ᠎ᠠ᠂ ᠤᠷᠳᠤ ᠬᠤᠭᠤᠴᠠᠭᠠᠨ᠎ᠤ ᠠᠵᠢᠯᠯᠠᠭᠠᠨ ᠲᠠᠢ᠂ ᠡᠨᠧᠷᠭᠢ᠎ᠶᠢᠨ ᠨᠢᠭ᠍ᠲᠠᠴᠠ᠎ᠪᠠᠷ ᠶᠡᠬᠡ ᠪᠠᠢᠬᠤ ᠪᠣᠯ ᠲᠦᠷᠦᠯ ᠵᠦᠢᠯ᠎ᠦᠨ ᠭᠤᠷᠪᠠᠨ ᠶᠡᠬᠡ ᠭᠣᠣᠯᠯᠠᠬᠤ ᠳᠠᠪᠠᠭᠤᠯᠢᠭ᠋ ᠪᠣᠯᠣᠨ᠎ᠠ᠃》 ᠳᠤᠮᠳᠠᠳᠤ ᠤᠯᠤᠰ᠎ᠤᠨ ᠯᠢᠦᠢ ᠹᠠ ᠥᠪᠥᠷ ᠮᠣᠩᠭᠣᠯ᠎ᠤᠨ ᠬᠤᠪᠢᠶᠠᠷᠢ ᠺᠣᠮᠫᠠᠨᠢ᠎ᠶᠢᠨ ᠶᠡᠷᠦᠩᠬᠡᠢ ᠳᠠᠭᠠᠭᠠᠮᠠᠯ᠎ᠤᠨ ᠲᠤᠰᠠᠯᠠᠭ᠍ᠴᠢ ᠯᠢᠦ ᠰᠢᠶᠣᠣ ᠹᠧᠢ ᠢᠯᠡᠷᠬᠡᠢᠯᠡᠬᠦ᠎ᠳᠦ᠎ᠪᠡᠨ᠂ ᠲᠣᠰ ᠲᠥᠷᠥᠯ ᠵᠦᠢᠯ᠎ᠢ ᠠᠮᠵᠢᠯᠲᠠ᠎ᠲᠠᠢ᠎ᠪᠠᠷ ᠲᠣᠣᠷ᠎ᠲᠤ ᠨᠡᠢᠯᠡᠭᠦᠯᠦᠭᠰᠡᠨ᠎ᠢᠶᠠᠷ ᠴᠠᠬᠢᠯᠭᠠᠨ ᠬᠦᠴᠦᠨ᠎ᠦ ᠰᠢᠰᠲᠧᠮ᠎ᠦᠨ ᠲᠣᠭᠲᠠᠪᠤᠷᠢᠲᠤ ᠴᠢᠨᠠᠷ ᠪᠠ ᠰᠢᠨ᠎ᠡ ᠡᠨᠧᠷᠭᠢ᠎ᠶᠢᠨ ᠰᠢᠩᠭᠡᠬᠡᠨ ᠠᠪᠬᠤ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠳᠤ 《ᠰᠤᠷᠪᠤᠯᠵᠢ ᠲᠣᠣᠷ ᠳᠠᠭᠠᠭᠠᠴᠠ ᠨᠥᠭᠡᠴᠡ᠎ᠶᠢᠨ ᠨᠢᠭᠡ ᠴᠣᠭᠴᠠᠵᠢᠭᠤᠯᠤᠯᠲᠠ》᠎ᠶᠢᠨ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲᠧᠮ᠎ᠢ ᠪᠠᠶ᠋ᠢᠭᠤᠯᠬᠤ᠎ᠳᠤ ᠵᠠᠩᠭᠢᠯᠠᠭ᠎ᠠ᠎ᠶᠢᠨ ᠲᠤᠯᠭᠠᠭᠤᠷᠢᠯᠠᠯ ᠪᠠ ᠵᠢᠱ᠌ᠢᠶ᠎ᠡ ᠦᠵᠡᠭᠦᠯᠬᠦ ᠵᠠᠭᠪᠤᠷ᠎ᠢ ᠬᠠᠩᠭᠠᠬᠤ ᠪᠣᠯᠣᠨ᠎ᠠ ᠭᠡᠵᠡᠢ᠃