ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠪᠤᠭᠤᠲᠤ ᠪᠣᠭᠣᠮᠲᠠ᠎ᠶᠢᠨ ᠬᠢᠨ ᠭᠠᠳᠠᠭᠠᠳᠤ᠎ᠠᠴᠠ ᠣᠷᠣᠭᠤᠯᠤᠭᠰᠠᠨ ᠬᠥᠯᠳᠡᠭᠡᠭᠰᠡᠨ ᠢᠳᠡᠭᠡᠨ᠎ᠢ ᠥᠨᠳᠥᠷ ᠪᠦᠲᠦᠮᠵᠢᠲᠡᠶ᠎ᠪᠡᠷ ᠪᠣᠭᠣᠮᠲᠠ᠎ᠪᠠᠷ ᠥᠩᠭᠡᠷᠡᠬᠦ᠎ᠶᠢ ᠪᠠᠲᠤᠯᠠᠪᠠ
ᠨᠡᠶ᠋ᠢᠲᠡᠯᠡᠭᠰᠡᠨ ᠴᠠᠭ᠄ 2025-12-05

12 ᠳ᠋ᠤᠭᠠᠷ ᠰᠠᠷ᠎ᠠ᠎ᠶᠢᠨ 2 ᠎ᠤᠨ ᠡᠳᠦᠷ᠂ ᠭᠠᠳᠠᠭᠠᠳᠤ᠎ᠠᠴᠠ ᠣᠷᠣᠭᠤᠯᠤᠭᠰᠠᠨ ᠬᠥᠯᠳᠡᠭᠡᠭᠰᠡᠨ ᠠᠳᠤᠭᠤᠨ᠎ᠤ ᠮᠢᠬ᠎ᠠ ᠠᠴᠢᠶᠠᠯᠠᠭᠰᠠᠨ ᠨᠢᠭᠡᠨ ᠲᠡᠭᠡᠭᠡᠪᠦᠷᠢ᠎ᠶᠢᠨ ᠲᠡᠷᠭᠡ ᠪᠤᠭᠤᠲᠤ ᠪᠣᠭᠣᠮᠲᠠ᠎ᠶᠢᠨ ᠪᠥᠬᠥ ᠶᠠᠪᠤᠴᠠ᠎ᠶᠢᠨ ᠪᠠᠲᠤᠯᠠᠭ᠎ᠠ ᠬᠢᠭᠡᠳ ᠥᠨᠳᠥᠷ ᠪᠦᠲᠦᠮᠵᠢᠲᠡᠶ ᠦᠢᠯᠡᠴᠢᠯᠡᠭᠡᠨ᠎ᠦ ᠳᠣᠣᠷ᠎ᠠ᠂ ᠮᠣᠩᠭᠣᠯ ᠤᠯᠤᠰ᠎ᠠᠴᠠ ᠮᠠᠨᠳᠤᠯ ᠪᠣᠭᠣᠮᠲᠠ᠎ᠳᠤ ᠤᠷᠤᠭᠰᠢᠲᠠᠢ᠎ᠪᠠᠷ ᠭᠦᠷᠦᠭᠰᠡᠨ ᠪᠥᠭᠡᠳ ᠪᠣᠭᠣᠮᠲᠠ᠎ᠪᠠᠷ ᠥᠩᠭᠡᠷᠡᠬᠦ ᠰᠢᠯᠭᠠᠨ ᠪᠠᠢᠴᠠᠭᠠᠯᠲᠠ᠎ᠶᠢ ᠲᠦᠷᠭᠡᠨ᠎ᠢᠶᠡᠷ ᠪᠡᠶᠡᠯᠡᠭᠦᠯᠦᠭᠰᠡᠨ ᠪᠠᠢᠨ᠎ᠠ᠃ ᠲᠣᠰ ᠤᠳᠠᠭᠠᠨ᠎ᠤ ᠭᠠᠳᠠᠭᠠᠳᠤ ᠣᠷᠣᠭᠤᠯᠤᠯᠲᠠ᠎ᠶᠢᠨ ᠲᠤᠬᠠᠢᠯᠠᠭᠰᠠᠨ ᠠᠵᠢᠯ᠎ᠤᠨ ᠤᠷᠤᠭᠰᠢᠲᠠᠢ ᠶᠠᠪᠤᠭᠳᠠᠭᠰᠠᠨ ᠨᠢ ᠣᠷᠣᠨ ᠪᠦᠰᠡ᠎ᠶᠢᠨ ᠬᠦᠢᠲᠡᠨ ᠬᠡᠯᠬᠢᠶᠡᠲᠦ ᠪᠠᠷᠠᠭᠠᠨ᠎ᠤ ᠭᠦᠢᠯᠭᠡᠭᠡᠨ᠎ᠦ ᠬᠥᠭᠵᠢᠯᠲᠡ ᠪᠠ ᠥᠨᠳᠥᠷ ᠬᠢᠷᠢ ᠲᠦᠪᠰᠢᠨᠲᠦ ᠨᠡᠭᠡᠭᠡᠯᠲᠡ᠎ᠶᠢ ᠠᠬᠢᠭᠤᠯᠬᠤ᠎ᠳᠤ ᠲᠣᠭᠲᠠᠭᠤᠨ ᠬᠥᠳᠡᠯᠭᠡᠭᠴᠢ ᠬᠦᠴᠦᠨ ᠨᠡᠮᠡᠷᠢᠯᠡᠵᠡᠢ᠃

《ᠪᠣᠭᠣᠮᠲᠠ᠎ᠶᠢᠨ ᠬᠢᠨ ᠰᠠᠨᠠᠭᠠᠴᠢᠯᠠᠭ᠎ᠠ᠎ᠠᠴᠠ᠎ᠪᠠᠨ ᠲᠥᠷᠥ᠎ᠶᠢᠨ ᠪᠣᠳᠣᠯᠭ᠎ᠠ ᠤᠬᠠᠭᠤᠯᠵᠤ᠂ ᠪᠢᠳᠡᠨ᠎ᠳᠦ ᠲᠤᠰᠬᠠᠢ ᠲᠤᠰᠢᠶᠠᠯᠲᠠᠨ ᠲᠣᠬᠢᠷᠠᠭᠤᠯᠤᠨ ᠬᠥᠯᠳᠡᠭᠡᠭᠰᠡᠨ ᠮᠢᠬᠠᠨ᠎ᠤ ᠲᠥᠷᠥᠯ᠎ᠤᠨ ᠵᠠᠬ᠎ᠠ ᠳᠡᠯᠭᠡᠭᠦᠷ᠎ᠲᠦ ᠣᠷᠣᠭᠤᠯᠬᠤ ᠵᠥᠪᠰᠢᠶᠡᠷᠡᠯ᠎ᠦᠨ ᠲᠥᠷᠥ᠎ᠶᠢᠨ ᠪᠣᠳᠣᠯᠭ᠎ᠠ᠎ᠶᠢ ᠲᠠᠢᠯᠪᠤᠷᠢᠯᠠᠵᠤ᠂ ᠴᠢᠨᠠᠷ ᠴᠢᠨᠰᠠᠭ᠎ᠠ ᠠᠮᠤᠷ ᠲᠦᠪᠰᠢᠨ᠎ᠦ ᠬᠠᠮᠢᠶᠠᠷᠤᠯᠲᠠ᠎ᠶᠢᠨ ᠲᠣᠭᠲᠠᠯᠴᠠᠭ᠎ᠠ᠎ᠶᠢ ᠪᠥᠬᠥ ᠶᠠᠪᠤᠴᠠ᠎ᠳᠤ ᠵᠢᠯᠣᠭᠣᠳᠤᠨ ᠲᠡᠭᠦᠯᠳᠡᠷᠵᠢᠭᠦᠯᠵᠦ᠂ ᠪᠢᠳᠡᠨ᠎ᠢ ᠬᠠᠪᠰᠤᠷᠤᠭᠠᠳ ᠭᠠᠳᠠᠭᠠᠳᠤ ᠣᠷᠤᠭᠤᠯᠤᠯᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠱᠠᠭᠠᠷᠳᠠᠯᠭ᠎ᠠ᠎ᠳᠤ ᠲᠦᠷᠭᠡᠨ ᠵᠣᠬᠢᠴᠠᠭᠤᠯᠵᠤ᠂ ᠥᠨᠳᠥᠷ ᠪᠦᠲᠦᠮᠵᠢᠲᠡᠶ᠎ᠪᠡᠷ ᠪᠣᠭᠣᠮᠲᠠ᠎ᠪᠠᠷ ᠥᠩᠭᠡᠷᠡᠭᠦᠯᠬᠦ᠂ ᠰᠠᠨᠠᠭ᠎ᠠ ᠠᠮᠤᠷ ᠭᠠᠳᠠᠭᠠᠳᠤ᠎ᠠᠴᠠ ᠣᠷᠣᠭᠤᠯᠬᠤ᠎ᠶᠢ ᠦᠨᠡᠨ ᠬᠦ᠌ ᠪᠡᠶᠡᠯᠡᠭᠦᠯᠪᠡ᠃》 ᠭᠡᠵᠦ ᠮᠠᠨᠳᠤᠯ᠎ᠦᠨ ᠭᠠᠳᠠᠭᠠᠳᠤ᠎ᠠᠴᠠ ᠣᠷᠣᠭᠤᠯᠬᠤ ᠮᠢᠬᠠᠨ᠎ᠤ ᠲᠦᠷᠦᠯ᠎ᠦᠨ ᠵᠢᠭᠠᠨ ᠲᠣᠭᠲᠠᠭᠠᠭᠰᠠᠨ ᠬᠢᠨᠠᠯᠲᠡ ᠬᠠᠮᠢᠶᠠᠷᠤᠯᠲᠠ᠎ᠶᠢᠨ ᠲᠠᠯᠠᠪᠤᠷ ᠭᠠᠵᠠᠷ᠎ᠤᠨ ᠬᠠᠷᠢᠭᠤᠴᠠᠯᠭᠠᠲᠠᠨ ᠯᠢ ᠬᠤᠤ ᠬᠡᠯᠡᠪᠡ᠃ 

《ᠪᠣᠭᠣᠮᠲᠠ᠎ᠪᠠᠷ ᠥᠩᠭᠡᠷᠡᠭᠦ᠎ᠶᠢ ᠪᠣᠯᠵᠣᠬᠤ᠂ ᠬᠥᠷᠥᠮᠡᠭᠴᠡ ᠪᠠᠢᠴᠠᠭᠠᠬᠤ》 ᠳᠦᠭᠦᠮᠯᠡᠬᠦ ᠬᠡᠪ ᠵᠠᠭᠪᠤᠷ᠎ᠢ ᠬᠡᠷᠡᠭᠵᠢᠭᠦᠯᠵᠦ᠂ ᠠᠵᠤ ᠠᠬᠤᠢᠯᠠᠯ᠎ᠢ ᠵᠢᠯᠣᠭᠣᠳᠴᠤ ᠪᠠᠢᠭᠠᠳ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ ᠪᠠ ᠬᠢᠨᠠᠨ ᠡᠵᠡᠮᠳᠡᠬᠦ ᠲᠥᠬᠦᠭᠡᠷᠦᠮᠵᠢ᠎ᠶᠢ ᠲᠣᠬᠢᠷᠠᠭᠤᠯᠤᠨ ᠲᠤᠷᠰᠢᠬᠤ᠎ᠶᠢ ᠤᠷᠢᠳᠴᠢᠯᠠᠨ ᠪᠡᠶᠡᠯᠡᠭᠦᠯᠵᠦ᠂ ᠲᠠᠯᠠᠪᠤᠷ ᠭᠠᠵᠠᠷ ᠬᠢᠭᠡᠳ ᠪᠡᠯᠡᠳᠬᠡᠮᠵᠢ᠎ᠶᠢᠨ ᠲᠣᠭᠲᠠᠭᠠᠯ᠎ᠳᠤ ᠨᠡᠢᠴᠡᠬᠦ ᠴᠢᠨᠠᠷ᠎ᠤᠨ ᠬᠢᠨᠠᠨ ᠪᠠᠢᠴᠠᠭᠠᠯᠲᠠ᠎ᠶᠢ ᠥᠷᠨᠢᠭᠦᠯᠵᠦ᠂ ᠪᠥᠬᠥ ᠶᠠᠪᠤᠴᠠ᠎ᠶᠢᠨ ᠳᠤᠯᠠᠭᠠᠨ᠎ᠤ ᠡᠵᠡᠮᠳᠡᠯ᠎ᠦᠨ ᠳ᠋ᠠᠢᠲ᠋ᠠ᠎ᠶᠢ ᠮᠥᠷᠳᠡᠵᠦ ᠪᠣᠯᠬᠤ᠂ ᠴᠢᠨᠠᠷ ᠴᠢᠨᠰᠠᠭ᠎ᠠ ᠨᠢ ᠪᠠᠲᠤᠯᠠᠭ᠎ᠠ᠎ᠲᠠᠢ ᠪᠠᠢᠯᠭᠠᠬᠤ᠎ᠶᠢ ᠦᠨᠡᠨ ᠬᠦ᠌ ᠪᠠᠲᠤᠯᠠᠪᠠ᠃ ᠬᠦᠢᠲᠡᠨ ᠬᠡᠯᠬᠢᠶᠡᠲᠦ ᠦᠢᠯᠡᠳᠬᠦᠨ᠎ᠦ 《ᠨᠣᠭᠣᠭᠠᠨ ᠵᠠᠮ》᠎ᠢ ᠨᠡᠭᠡᠭᠡᠬᠦ᠎ᠪᠡᠷ ᠳᠠᠮᠵᠢᠨ᠂ ᠡᠳ᠋ ᠪᠠᠷᠠᠭ᠎ᠠ᠎ᠶᠢ ᠲᠤᠬᠠᠢ᠎ᠶᠢᠨ ᠲᠠᠯᠠᠪᠤᠷ᠎ᠲᠤ ᠬᠦᠯᠢᠶᠡᠨ ᠠᠪᠴᠤ᠂ ᠪᠠᠢᠴᠠᠭᠠᠨ ᠰᠢᠯᠭᠠᠵᠤ ᠶᠠᠪᠤᠭᠤᠯᠬᠤ᠎ᠶᠢᠨ ᠵᠠᠪᠰᠠᠷ ᠦᠭᠡᠢ ᠵᠣᠯᠭᠠᠭᠤᠯᠬᠤ᠎ᠶᠢ ᠪᠡᠶᠡᠯᠡᠭᠦᠯᠵᠦ᠂ ᠬᠥᠯᠳᠡᠭᠡᠭᠰᠡᠨ ᠠᠳᠤᠭᠤᠨ᠎ᠤ ᠮᠢᠬᠠᠨ᠎ᠤ ᠰᠣᠷᠭᠣᠭ᠎ᠤᠨ ᠬᠡᠮᠵᠢᠶ᠎ᠡ ᠪᠠ ᠦᠢᠯᠡᠳᠬᠦᠨ᠎ᠦ ᠴᠢᠨᠠᠷ ᠴᠢᠨᠰᠠᠭ᠎ᠠ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠪᠠ᠃ 

ᠳᠠᠩᠰᠠ ᠪᠠᠷᠢᠮᠲᠠ᠎ᠶᠢ ᠬᠢᠨᠠᠨ ᠬᠠᠷᠭᠤᠭᠤᠯᠬᠤ ᠬᠢᠭᠡᠳ ᠰᠢᠯᠭᠠᠨ ᠪᠠᠢᠴᠠᠭᠠᠬᠤ ᠬᠢᠵᠢᠭ ᠪᠠᠢᠴᠠᠭᠠᠬᠤ ᠪᠣᠭᠣᠮᠲᠠ᠎ᠶᠢ ᠴᠢᠩᠭ᠎ᠠ ᠠᠳᠬᠤᠵᠤ᠂ ᠨᠢᠭᠡᠳᠦᠭᠡᠷ ᠹᠷᠣᠨᠲ᠎ᠤᠨ ᠠᠵᠢᠯᠲᠠᠨ᠎ᠤ ᠲᠤᠰᠬᠠᠢ ᠮᠡᠷᠭᠡᠵᠢᠯ᠎ᠦᠨ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠴᠢᠩᠭᠠᠳᠬᠠᠨ᠂ ᠬᠢᠵᠢᠭ ᠪᠠᠢᠴᠠᠭᠠᠬᠤ ᠬᠢᠨᠠᠨ ᠵᠥᠪᠰᠢᠶᠡᠷᠡᠬᠦ᠂ ᠦᠨᠡᠮᠯᠡᠯ ᠬᠢᠨᠠᠨ ᠰᠢᠯᠭᠠᠬᠤ᠂ ᠥᠯᠢᠭᠡᠷ ᠠᠪᠴᠤ ᠬᠦᠷᠭᠡᠵᠦ ᠪᠠᠢᠴᠠᠭᠠᠯᠭᠠᠬᠤ᠎ᠪᠠᠷ ᠭᠣᠣᠯ ᠪᠣᠯᠭᠠᠭᠰᠠᠨ ᠪᠥᠬᠥ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶᠢᠨ ᠲᠣᠭᠲᠠᠴᠠ᠎ᠶᠢ ᠪᠠᠢᠭᠤᠯᠵᠤ᠂ ᠭᠠᠳᠠᠭᠠᠳᠤ᠎ᠠᠴᠠ ᠣᠷᠣᠭᠤᠯᠬᠤ ᠮᠢᠬᠠᠨ᠎ᠤ ᠵᠦᠢᠯ᠎ᠢ ᠮᠠᠨ᠎ᠤ ᠤᠯᠤᠰ᠎ᠤᠨ ᠠᠮᠤᠷ ᠲᠦᠪᠰᠢᠨ᠎ᠦ ᠪᠠᠷᠢᠮᠵᠢᠶ᠎ᠠ᠎ᠳᠤ ᠪᠦᠷᠢᠮᠦᠰᠦᠨ ᠨᠡᠢᠴᠡᠭᠦᠯᠬᠦ᠎ᠶᠢ ᠦᠨᠡᠨ ᠬᠦ᠌ ᠪᠠᠲᠤᠯᠠᠪᠠ᠃ 

《ᠲᠣᠰ ᠤᠳᠠᠭ᠎ᠠ ᠬᠥᠯᠳᠡᠭᠡᠭᠰᠡᠨ ᠠᠳᠤᠭᠤᠨ᠎ᠤ ᠮᠢᠬ᠎ᠠ᠎ᠶᠢ ᠪᠣᠭᠣᠮᠲᠠ᠎ᠪᠠᠷ ᠥᠨᠳᠥᠷ ᠪᠦᠲᠦᠮᠵᠢᠲᠡᠶ᠎ᠪᠡᠷ ᠥᠩᠭᠡᠷᠡᠭᠦᠯᠦᠭᠰᠡᠨ ᠨᠢ ᠪᠤᠭᠤᠲᠤ ᠪᠣᠭᠣᠮᠲᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠣᠨᠴᠠᠯᠢᠭ᠍ᠲᠤ ᠦᠢᠯᠡᠳᠭᠦᠨ᠎ᠢ ᠭᠠᠳᠠᠭᠠᠳᠤ᠎ᠠᠴᠠ ᠣᠷᠣᠭᠤᠯᠬᠤ᠎ᠶᠢ ᠳᠡᠮᠵᠢᠭᠰᠡᠨ ᠨᠢᠭᠡ ᠤᠳᠠᠭᠠᠨ᠎ᠤ ᠠᠮᠵᠢᠯᠲᠠᠲᠠᠢ ᠦᠢᠯᠡᠳᠦᠯᠭᠡ ᠪᠣᠯᠣᠨ᠎ᠠ᠃ ᠲᠠᠷᠠᠭᠠᠴᠢ᠎ᠶᠢᠨ ᠠᠯᠬᠤᠮ᠎ᠳᠤ᠂ ᠪᠢᠳᠡ ᠬᠢᠨᠠᠯᠲᠠ ᠬᠠᠮᠢᠶᠠᠷᠤᠯᠲᠠ᠎ᠶᠢᠨ ᠬᠡᠪ ᠵᠠᠭᠪᠤᠷ᠎ᠤᠨ ᠰᠢᠨ᠎ᠡ᠎ᠶᠢ ᠡᠭᠦᠳᠬᠦ ᠪᠠ ᠦᠢᠯᠡᠴᠢᠯᠡᠭᠡᠨ᠎ᠦ ᠶᠠᠪᠤᠴᠠ᠎ᠶᠢ ᠰᠢᠯᠢᠳᠡᠭᠵᠢᠭᠦᠯᠬᠦ᠎ᠶᠢ ᠦᠷᠭᠦᠯᠵᠢᠯᠡᠨ ᠠᠬᠢᠭᠤᠯᠵᠤ᠂ ᠨᠠᠩ ᠣᠯᠠᠨ ᠴᠢᠨᠠᠷ ᠰᠠᠢᠲᠠᠢ ᠦᠢᠯᠡᠳᠭᠦᠨ᠎ᠢ ᠭᠠᠳᠠᠭᠠᠳᠤ᠎ᠠᠴᠠ ᠲᠦᠷᠭᠡᠨ ᠣᠷᠣᠭᠤᠯᠬᠤ᠎ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠭᠠᠳᠠᠭ᠍ᠰᠢ ᠴᠢᠭᠯᠡᠭᠦᠯᠦᠭᠰᠡᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠦᠢᠯᠡᠴᠢᠯᠡᠨ᠎ᠡ᠃》 ᠭᠡᠵᠦ ᠪᠤᠭᠤᠲᠤ ᠪᠣᠭᠣᠮᠲᠠ᠎ᠶᠢᠨ ᠬᠢᠨᠠᠯᠲᠠ ᠬᠠᠮᠢᠶᠠᠷᠤᠯᠲᠠ᠎ᠶᠢᠨ ᠨᠢᠭᠡᠳᠦᠭᠡᠷ ᠰᠠᠯᠠᠭᠠᠨ᠎ᠤ ᠰᠠᠯᠠᠭᠠᠨ ᠳᠠᠷᠤᠭ᠎ᠠ ᠯᠢᠦ ᠬᠠᠢ ᠬᠡᠯᠡᠪᠡ᠃

ᠢᠷᠡᠯᠲᠡ᠄    