ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠲᠠ ᠴᠠᠯᠢᠩ ᠬᠥᠯᠥᠰᠦ᠎ᠪᠠᠨ ᠨᠡᠭᠡᠬᠦ᠎ᠳᠤ ᠬᠦᠴᠢᠷᠳᠡᠯ᠎ᠲᠠᠢ ᠪᠠᠢ᠌ᠨ᠎ᠠ ᠦᠦ? ᠬᠠᠤᠯᠢ ᠴᠠᠭ᠋ᠠᠵᠠ ᠵᠢᠨ ᠲᠤᠰᠠᠯᠠᠮᠵᠢ᠎ᠪᠠᠷ ᠲᠠᠨ᠎ᠢ ᠬᠠᠪᠰᠤᠷᠤᠨ᠎ᠠ!
ᠨᠡᠶ᠋ᠢᠲᠡᠯᠡᠭᠰᠡᠨ ᠴᠠᠭ᠄ 2025-05-30


ᠬᠥᠯᠥᠰᠦᠨ ᠠᠵᠢᠯᠴᠢᠳ᠎ᠤᠨ ᠬᠥᠳᠡᠯᠮᠦᠷᠢᠯᠡᠭᠡᠳ  ᠬᠥᠯᠥᠰᠦ ᠣᠯᠭᠣᠮᠵᠢ᠎ᠲᠠᠢ ᠪᠠᠢ᠌ᠬᠤ ᠵᠢ ᠎ᠨᠢ  ᠪᠦᠬᠦ ᠬᠦᠴᠦᠨ ᠵᠶ᠋ᠡᠷ ᠵᠶ᠋ᠡᠨ ᠪᠠᠲᠤᠯᠠᠬᠤ ᠵᠢᠨ ᠲᠥᠯᠥᠭᠡ᠂ ᠠᠯᠠᠱ᠌ᠠ ᠠᠢ᠌ᠮᠠᠭ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠨᠢ ᠬᠠᠤᠯᠢ ᠶᠣᠰᠣᠭ᠋ᠠᠷ ᠴᠠᠯᠢᠩ  ᠬᠥᠯᠥᠰᠦ᠎ᠪᠠᠨ  ᠨᠡᠬᠡᠵᠦ ᠡᠷᠬᠡ᠎ᠪᠠᠨ ᠬᠠᠮᠠᠭ᠋ᠠᠯᠠᠬᠤ ᠰᠠᠭ᠋ᠠᠳ ᠦᠭᠡᠢ ᠵᠠᠮ᠎ᠢ  ᠰᠢᠯᠤᠭᠤᠳᠬᠠᠨ ᠂ ᠴᠠᠯᠢᠩ  ᠬᠥᠯᠥᠰᠦ ᠵᠢᠨ  ᠥᠷᠢᠲᠦᠯ᠎ᠤᠨ ᠲᠤᠬᠠᠢ ᠬᠠᠤᠯᠢ ᠴᠠᠭ᠋ᠠᠵᠠ ᠵᠢᠨ ᠯᠠᠪᠯᠠᠭ᠎ᠠ᠎ᠳᠤ  ᠬᠠᠤᠯᠢ ᠶᠣᠰᠣᠭ᠋ᠠᠷ  ᠬᠠᠷᠢᠭᠤᠯᠲᠠ ᠥᠭᠬᠦ᠎ᠪᠠᠷ ᠪᠠᠷᠠᠬᠤ ᠦᠭᠡᠢ ᠪᠠᠰᠠ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠭᠰᠠᠨ ᠨᠥᠬᠥᠴᠡᠯ᠎ᠳᠤ ᠨᠡᠢ᠌ᠴᠡᠬᠦ ᠤᠯᠠᠨ ᠲᠦᠮᠡᠨ᠎ᠢ ᠢᠳᠡᠪᠬᠢᠲᠡᠢ ᠬᠥᠲᠥᠯᠥᠨ ᠵᠢᠯᠤᠭᠣᠳᠴᠤ᠂ ᠬᠥᠳᠡᠯᠮᠦᠷᠢ ᠵᠢᠨ ᠮᠠᠷᠭᠤᠯᠳᠤᠭ᠋ᠠᠨ᠎ᠨᠤᠭᠤᠳ᠎ᠢ ᠥᠨᠳᠥᠷ ᠪᠦᠲᠦᠮᠵᠢᠲᠡᠢ᠎ᠪᠠᠷ ᠰᠢᠢ᠍ᠳᠪᠦᠷᠢᠯᠡᠬᠦ ᠵᠢ ᠠᠬᠢᠭᠤᠯᠤᠨ᠂ ᠴᠠᠯᠢᠩ  ᠬᠥᠯᠥᠰᠦ ᠵᠢᠨ  ᠥᠷᠢᠲᠦᠯ᠎ᠢ ᠬᠠᠤᠯᠢ ᠶᠣᠰᠣᠭ᠋ᠠᠷ  ᠴᠡᠭᠴᠡᠯᠡᠨ ᠵᠠᠰᠠᠬᠤ᠎ᠳᠤ 《ᠴᠠᠯᠢᠩ  ᠬᠥᠯᠥᠰᠦ ᠵᠢᠨ  ᠬᠠᠮᠠᠭ᠋ᠠᠯᠠᠭᠴᠢ》 ᠵᠢᠨ ᠠᠵᠢᠯ᠎ᠢ ᠰᠠᠢ᠌ᠲᠤᠷ ᠬᠢᠵᠦ  ᠥᠭᠴᠦ  ᠪᠠᠢ᠌ᠨ᠎ᠠ᠃ ᠲᠡᠭᠡᠪᠡᠯ ᠂  ᠬᠥᠯᠥᠰᠦᠨ ᠠᠵᠢᠯᠴᠢᠳ᠎ᠲᠤ ᠴᠠᠯᠢᠩ  ᠬᠥᠯᠥᠰᠦ ᠵᠢ᠎ᠨᠢ ᠥᠷᠢᠲᠦᠵᠦ ᠪᠠᠢ᠌ᠬᠤ  ᠠᠰᠠᠭᠤᠳᠠᠯ  ᠲᠤᠯᠭ᠋ᠠᠷᠠᠭ᠋ᠠᠳ  ᠬᠠᠤᠯᠢ ᠴᠠᠭ᠋ᠠᠵᠠ ᠵᠢᠨ ᠲᠤᠰᠠᠯᠠᠮᠵᠢ ᠡᠷᠢᠬᠦ ᠴᠢᠬᠤᠯᠠᠲᠠᠢ ᠦᠶ᠎ᠡ᠎ᠳᠤ ᠶᠠᠮᠠᠷ ᠶᠠᠮᠠᠷ ᠠᠰᠠᠭᠤᠳᠠᠯ᠎ᠢ ᠠᠩᠬᠠᠷᠬᠤ ᠴᠢᠬᠤᠯᠠ᠎ᠲᠠᠢ ᠪᠣᠢ?

ᠨᠢᠭᠡ᠂ ᠬᠥᠯᠥᠰᠦᠨ ᠠᠵᠢᠯᠴᠢᠨ ᠴᠠᠯᠢᠩ  ᠬᠥᠯᠥᠰᠦ᠎ᠪᠠᠨ  ᠨᠡᠬᠡᠬᠦ᠎ᠳᠤ᠂ ᠶᠠᠮᠠᠷ ᠪᠠᠢ᠌ᠳᠠᠯ ᠳᠣᠣᠷ᠎ᠠ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠵᠤ ᠪᠣᠯᠬᠤ ᠪᠤᠶ? 

《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠤᠯᠢ》 ᠵᠢᠨ ᠭᠤᠴᠢᠨ ᠨᠢᠭᠡᠳᠦᠭᠡᠷ ᠵᠦᠢ᠍ᠯ᠎ᠤᠨ ᠲᠠᠪᠤᠳᠤᠭ᠋ᠠᠷ  ᠵᠤᠷᠪᠤᠰ  ᠪᠠ ᠳᠥᠴᠢᠨ ᠬᠣᠶᠠᠳᠤᠭ᠋ᠠᠷ ᠵᠦᠢ᠍ᠯ᠎ᠤᠨ ᠭᠤᠷᠪᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠪᠡᠯ᠂ ᠬᠥᠳᠡᠯᠮᠦᠷᠢ ᠵᠢᠨ ᠬᠥᠯᠥᠰᠦ ᠣᠯᠭᠣᠮᠵᠢ ᠥᠭᠬᠦ ᠵᠢ ᠭᠤᠶᠤᠴᠢᠯᠠᠬᠤ᠎ᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠪᠴᠢᠶᠡᠨ᠎ᠳᠤ ᠪᠠᠭᠲᠠᠨ᠎ᠠ; ᠬᠥᠳᠡᠯᠮᠦᠷᠢ ᠵᠢᠨ ᠬᠥᠯᠥᠰᠦ ᠣᠯᠭᠣᠮᠵᠢ ᠥᠭᠬᠦ ᠵᠢ ᠭᠤᠶᠤᠴᠢᠯᠠᠭᠰᠠᠨ ᠬᠣᠲᠠ᠎ᠳᠤ ᠣᠷᠣᠵᠤ ᠠᠵᠢᠯ ᠬᠥᠳᠡᠯᠮᠦᠷᠢ ᠬᠢᠭᠰᠡᠳ᠎ᠤᠨ ᠠᠵᠤ ᠠᠬᠤᠢ ᠵᠢᠨ ᠬᠦᠴᠢᠷᠳᠡᠯ᠎ᠤᠨ ᠪᠠᠢ᠌ᠳᠠᠯ᠎ᠢ  ᠬᠠᠷᠭᠤᠭᠤᠯᠤᠨ  ᠪᠠᠢ᠌ᠴᠠᠭ᠋ᠠᠬᠤ᠎ᠠᠴᠠ ᠬᠡᠯᠲᠦᠷᠢᠭᠦᠯᠦᠨ᠎ᠡ᠃ ᠥᠭᠡᠷ᠎ᠡ᠎ᠪᠠᠷ ᠬᠡᠯᠡᠪᠡᠯ᠂ ᠬᠥᠯᠥᠰᠦᠨ  ᠠᠵᠢᠯᠴᠢᠳ  ᠴᠠᠯᠢᠩ  ᠬᠥᠯᠥᠰᠦ᠎ᠪᠠᠨ  ᠨᠡᠬᠡᠬᠦ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠵᠢ  ᠰᠢᠭᠤᠳ ᠭᠤᠶᠤᠴᠢᠯᠠᠵᠤ᠂ ᠬᠠᠤᠯᠢᠴᠢ ᠵᠢᠨ ᠬᠠᠤᠯᠢ ᠴᠠᠭ᠋ᠠᠵᠠ ᠵᠢᠨ ᠲᠥᠯᠥᠪᠦᠷᠢ ᠦᠭᠡᠢ ᠬᠠᠪᠰᠤᠷᠤᠯᠭ᠎ᠠ ᠵᠢ ᠣᠯᠵᠤ ᠪᠣᠯᠣᠨ᠎ᠠ᠃

ᠬᠣᠶᠠᠷ᠂ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠬᠤ᠎ᠳᠤ ᠶᠠᠮᠠᠷ ᠶᠠᠮᠠᠷ ᠮᠠᠲ᠋ᠧᠷᠢᠶᠠᠯ ᠪᠡᠯᠡᠳᠬᠡᠬᠦ ᠴᠢᠬᠤᠯᠠ᠎ᠲᠠᠢ ᠪᠤᠢ?

ᠭᠣᠣᠯᠳᠠᠭᠤ ᠬᠣᠶᠠᠷ ᠲᠦᠷᠦᠯ᠎ᠤᠨ ᠮᠠᠲ᠋ᠧᠷᠢᠶᠠᠯ ᠪᠡᠯᠡᠳᠬᠦ ᠴᠢᠬᠤᠯᠠ᠎ᠲᠠᠢ᠃ ᠨᠢᠭᠡ᠎ᠳᠤ  ᠭᠤᠶᠤᠴᠢᠯᠠᠭᠴᠢ ᠵᠢᠨ  ᠲᠤᠰ ᠬᠥᠮᠥᠨ᠎ᠤ ᠬᠦᠴᠦᠨ ᠪᠦᠬᠦᠢ ᠪᠡᠶ᠎ᠡ ᠵᠢᠨ ᠦᠨᠡᠮᠯᠡᠯ; ᠬᠣᠶᠠᠷ᠎ᠲᠤ ᠴᠠᠯᠢᠩ  ᠬᠥᠯᠥᠰᠦ  ᠨᠡᠬᠡᠬᠦ᠎ᠲᠠᠢ ᠬᠣᠯᠪᠣᠭᠳᠠᠬᠤ ᠭᠡᠷᠡᠴᠢ ᠪᠠᠷᠢᠮᠲᠠ ᠵᠢᠨ ᠮᠠᠲ᠋ᠧᠷᠢᠶᠠᠯ᠂ ᠵᠢᠱ᠌ᠢᠶᠡᠯᠡᠪᠡᠯ ᠬᠥᠳᠡᠯᠮᠦᠷᠢ ᠵᠢᠨ ᠭᠡᠷ᠎ᠡ᠂ ᠴᠠᠯᠢᠩ  ᠬᠤᠪᠢᠶᠠᠭᠰᠠᠨ ᠭᠡᠷᠡᠴᠢ ᠂ ᠢᠷᠡᠴᠡ  ᠪᠦᠷᠢᠳᠬᠡᠭᠦᠯᠦᠭᠰᠡᠨ  ᠲᠡᠮᠳᠡᠭᠯᠡᠯ᠂ ᠠᠵᠢᠯ᠎ᠤᠨ ᠦᠨᠡᠮᠯᠡᠯ᠂ ᠠᠵᠢᠯᠴᠢᠨ ᠨᠠᠢ᠌ᠵᠠ ᠵᠢᠨ ᠭᠡᠷᠡᠴᠢ ᠦᠭᠡ᠂  ᠵᠣᠭᠣᠭᠳᠠᠭᠰᠠᠨ  ᠲᠡᠮᠳᠡᠭᠯᠡᠯ᠂ ᠤᠲᠠᠰᠤ᠎ᠪᠠᠷ ᠶᠠᠷᠢᠯᠴᠠᠭᠰᠠᠨ ᠳᠠᠭᠤ ᠰᠢᠩᠭᠡᠭᠡᠯᠲᠡ ᠵᠡᠷᠭᠡ ᠪᠣᠯᠣᠨ᠎ᠠ᠂ ᠡᠳᠡᠭᠡᠷ ᠮᠠᠲ᠋ᠧᠷᠢᠶᠠᠯ᠎ᠤᠳ ᠎ᠨᠢ  ᠲᠠᠨ᠎ᠢ  ᠬᠥᠮᠥᠨ ᠬᠡᠷᠡᠭᠯᠡᠬᠦ ᠨᠢᠭᠡᠴᠢ᠎ᠯᠦᠭᠡ ᠬᠥᠳᠡᠯᠮᠦᠷᠢ ᠵᠢᠨ ᠬᠠᠷᠢᠴᠠᠭ᠎ᠠ᠎ᠲᠠᠢ ᠪᠠᠢ᠌ᠬᠤ ᠵᠢᠴᠢ ᠴᠠᠯᠢᠩ  ᠬᠥᠯᠥᠰᠦ  ᠥᠷᠢᠲᠦᠵᠦ ᠪᠠᠢ᠌ᠭ᠎ᠠ ᠪᠣᠳᠠᠲᠤ ᠬᠡᠷᠡᠭ᠎ᠢ ᠭᠡᠷᠡᠴᠢᠯᠡᠵᠦ ᠴᠢᠳᠠᠨ᠎ᠠ᠃

ᠭᠤᠷᠪᠠ᠂ ᠬᠠᠮᠢᠭ᠋ᠠᠬᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠳᠤ ᠭᠤᠶᠤᠴᠢᠯᠠᠯ ᠭᠠᠷᠭ᠋ᠠᠪᠠᠯ ᠵᠣᠬᠢᠬᠤ ᠪᠤᠢ?

ᠲᠠ ᠠᠯᠠᠱ᠌ᠠ ᠠᠢ᠌ᠮᠠᠭ᠎ᠲᠠᠬᠢ  ᠳᠤᠷ᠎ᠠ ᠵᠢᠨ ᠨᠢᠭᠡᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠳᠤ ᠭᠤᠶᠤᠴᠢᠯᠠᠯ ᠵᠶ᠋ᠠᠨ ᠳᠡᠪᠰᠢᠭᠦᠯᠵᠦ ᠪᠣᠯᠣᠨ᠎ᠠ᠂ ᠭᠤᠶᠤᠴᠢᠯᠠᠭᠰᠠᠨ ᠵᠦᠢ᠍ᠯᠡᠰ ᠴᠢᠨᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠵᠦᠢ᠍ᠯᠡᠰ᠎ᠤᠨ ᠬᠡᠪᠴᠢᠶᠡᠨ᠎ᠳᠤ ᠬᠠᠷᠢᠶᠠᠯᠠᠭᠳᠠᠬᠤ ᠮᠥᠷᠲᠡᠭᠡᠨ ᠨᠥᠬᠥᠴᠡᠯ᠎ᠳᠤ ᠨᠡᠢ᠌ᠴᠡᠪᠡᠯ᠂ ᠠᠢ᠌ᠮᠠᠭ᠎ᠤᠨ ᠬᠡᠪᠴᠢᠶᠡᠨ᠎ᠳᠠᠬᠢ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ ᠭᠥᠯᠢᠶᠡᠨ ᠠᠪᠴᠤ᠂ ᠭᠥᠯᠢᠶᠡᠨ ᠰᠢᠢ᠍ᠳᠪᠦᠷᠢᠯᠡᠵᠦ᠂ ᠬᠢᠨᠠᠨ ᠪᠠᠢ᠌ᠴᠠᠭ᠋ᠠᠵᠤ᠂ ᠵᠢᠭ᠋ᠠᠨ ᠲᠣᠮᠢᠯᠠᠵᠤ᠂ ᠠᠢ᠌ᠮᠠᠭ᠎ᠤᠨ ᠬᠡᠪᠴᠢᠶᠡᠨ᠎ᠳᠤ 《ᠨᠢᠭᠡ ᠴᠣᠭᠴᠠᠵᠢᠭᠤᠯᠤᠨ ᠨᠡᠢ᠌ᠳᠡᠮ ᠭᠦᠢ᠍ᠴᠡᠳᠬᠡᠬᠦ》 ᠵᠢ ᠪᠡᠶᠡᠯᠡᠭᠦᠯᠪᠡᠰᠦ ᠵᠣᠬᠢᠨ᠎ᠠ᠃ ᠬᠡᠷᠪᠡ ᠠᠵᠢᠯᠯᠠᠵᠤ ᠪᠠᠢ᠌ᠭ᠎ᠠ ᠭᠠᠵᠠᠷ ᠪᠤᠶᠤ ᠬᠥᠮᠥᠨ ᠬᠡᠷᠡᠭᠯᠡᠬᠦ ᠨᠢᠭᠡᠴᠢ ᠵᠢᠨ ᠴᠢᠨᠢ ᠪᠠᠢ᠌ᠭ᠎ᠠ ᠭᠠᠵᠠᠷ᠎ᠤᠨ ᠵᠶ᠋ᠠᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠲᠤ ᠭᠤᠶᠤᠴᠢᠯᠠᠯ ᠵᠶ᠋ᠠᠨ ᠳᠡᠪᠰᠢᠭᠦᠯᠪᠡᠯ᠂ ᠲᠣᠰ ᠬᠣᠶᠠᠷ ᠭᠠᠵᠠᠷ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠢ ᠲᠠᠨ᠎ᠤ ᠪᠠᠢ᠌ᠳᠠᠯ᠎ᠢ ᠬᠠᠷᠢᠴᠠᠩᠭᠤᠢ᠎ᠪᠠᠷ ᠨᠡᠩ ᠰᠠᠢ᠌ᠨ ᠣᠢ᠌ᠯᠠᠭ᠋ᠠᠵᠤ᠂ ᠦᠷᠭᠦᠯᠵᠢᠯᠡᠨ ᠪᠠᠢ᠌ᠴᠠᠭ᠋ᠠᠬᠤ᠂ ᠵᠣᠬᠢᠴᠠᠭᠤᠯᠬᠤ ᠵᠡᠷᠭᠡ ᠠᠵᠢᠯ᠎ᠢ ᠥᠷᠨᠢᠭᠦᠯᠬᠦ᠎ᠳᠤ ᠨᠡᠩ ᠲᠦᠭᠦᠮ  ᠪᠠᠢ᠌ᠳᠠᠭ ᠃

ᠳᠥᠷᠪᠡ᠂ ᠶᠠᠮᠠᠷ  ᠶᠠᠮᠠᠷ  ᠪᠣᠳᠠᠲᠠᠢ ᠠᠷᠭ᠎ᠠ ᠮᠠᠶᠢᠭ ᠵᠶ᠋ᠠᠷ ᠭᠤᠶᠤᠴᠢᠯᠠᠬᠤ ᠪᠤᠢ?

ᠠᠢ᠌ᠮᠠᠭ᠂ ᠬᠣᠰᠢᠭᠤᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠤᠨ ᠶᠡᠬᠡ ᠲᠢᠩᠬᠢᠮ᠎ᠤᠨ ᠴᠣᠩᠬᠣᠪᠴᠢ᠎ᠪᠠᠷ ᠲᠤᠬᠠᠢ ᠵᠢᠨ ᠲᠠᠯᠠᠪᠤᠷ᠎ᠲᠤ᠎ᠨᠢ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠵᠤ ᠪᠣᠯᠬᠤ ᠮᠥᠷᠲᠡᠭᠡᠨ ᠥᠪᠥᠷ ᠮᠣᠩᠭᠣᠯ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ ᠪᠠ ᠮᠥᠩᠬᠡ ᠰᠤᠪᠠᠭ APP ᠰᠦᠯᠵᠢᠶ᠎ᠡ᠎ᠪᠠᠷ ᠬᠠᠤᠯᠢ ᠴᠠᠭ᠋ᠠᠵᠠ ᠵᠢᠨ ᠲᠤᠰᠠᠯᠠᠮᠵᠢ ᠭᠤᠶᠤᠴᠢᠯᠠᠵᠤ ᠪᠣᠯᠣᠨ᠎ᠠ᠃ ᠡᠭᠦᠨ᠎ᠠᠴᠠ ᠭᠠᠳᠠᠨ᠎ᠠ᠂ ᠪᠠᠰᠠ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ 《12348》᠎ᠪᠠᠷ ᠳᠠᠮᠵᠢᠭᠤᠯᠤᠨ ᠨᠠᠷᠢᠯᠢᠭ ᠯᠠᠪᠯᠠᠵᠤ ᠪᠣᠯᠣᠨ᠎ᠠ᠃

ᠲᠠᠪᠤ᠂ ᠭᠤᠶᠤᠴᠢᠯᠠᠭᠰᠠᠨ᠎ᠤ ᠲᠠᠷᠠᠭ᠎ᠠ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠤᠭᠤᠳ᠎ᠨᠢ  ᠬᠡᠷᠬᠢᠨ ᠰᠢᠢ᠍ᠳᠪᠦᠷᠢᠯᠡᠬᠦ ᠪᠤᠢ?

ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠤᠭᠤᠳ᠎ᠨᠢ  ᠭᠤᠶᠤᠴᠢᠯᠠᠯ᠎ᠢ  ᠬᠦᠯᠢᠶᠡᠭᠰᠡᠨ᠎ᠤ ᠲᠠᠷᠠᠭ᠎ᠠ᠂ ᠬᠥᠯᠥᠰᠦᠨ ᠠᠵᠢᠯᠴᠢᠨ᠎ᠳᠤ ᠴᠠᠯᠢᠩ  ᠬᠥᠯᠥᠰᠦ ᠵᠢ ᠎ᠨᠢ ᠨᠡᠬᠡᠵᠦ ᠥᠭᠬᠦ 《ᠰᠠᠭ᠋ᠠᠳ ᠦᠭᠡᠢ ᠵᠠᠮ》 ᠵᠢ ᠨᠡᠭᠡᠭᠡᠨ ᠥᠭᠴᠦ᠂ ᠭᠤᠶᠤᠴᠢᠯᠠᠬᠤ ᠴᠤᠪᠤᠷᠠᠯ᠎ᠢ ᠴᠣᠮᠬᠠᠳᠬᠠᠨ᠂ ᠬᠢᠨᠠᠨ ᠵᠥᠪᠰᠢᠶᠡᠷᠡᠬᠦ ᠴᠠᠭ᠎ᠢ ᠪᠣᠭᠣᠨᠢᠰᠬᠠᠨ᠎ᠠ᠃ ᠬᠡᠷᠪᠡ ᠮᠠᠲ᠋ᠧᠷᠢᠶᠠᠯ ᠪᠦᠷᠢᠨ ᠪᠢᠰᠢ ᠪᠠᠢ᠌ᠪᠠᠯ᠂ ᠪᠠᠢ᠌ᠳᠠᠯ᠎ᠢ ᠦᠨᠳᠦᠰᠦᠯᠡᠨ 《ᠮᠠᠲᠸᠷᠢᠶᠠᠯ ᠳᠤᠲᠠᠭᠰᠠᠨ᠎ᠢ ᠠᠭᠤᠴᠢᠯᠠᠵᠤ ᠬᠦᠯᠢᠶᠡᠨ ᠰᠢᠢ᠍ᠳᠪᠦᠷᠢᠯᠡᠬᠦ》 ᠲᠣᠭᠲᠠᠴᠠ ᠵᠢ ᠠᠵᠢᠯᠯᠠᠭᠤᠯᠬᠤ ᠵᠢᠨ ᠬᠠᠮᠲᠤ ᠴᠢᠬᠤᠯᠠ ᠪᠦᠬᠦᠢ  ᠨᠥᠬᠥᠪᠦᠷᠢᠯᠡᠬᠦ  ᠪᠤᠶᠤ  ᠲᠣᠳᠣᠷᠬᠠᠢ᠌ᠯᠠᠬᠤ  ᠮᠠᠲ᠋ᠧᠷᠢᠶᠠᠯ ᠵᠶ᠋ᠠᠨ ᠴᠠᠭ ᠲᠤᠬᠠᠢ᠎ᠳᠤ᠎ᠨᠢ ᠨᠥᠬᠥᠬᠦ ᠵᠢ ᠲᠠᠨ᠎ᠳᠤ ᠨᠢᠭᠡ ᠯᠡ ᠤᠳᠠᠭ᠎ᠠ᠎ᠳᠤ ᠴᠥᠮ ᠮᠡᠳᠡᠭᠳᠡᠨ᠎ᠡ᠂ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠪᠠᠢ᠌ᠭᠤᠯᠤᠮᠵᠢ᠎ᠨᠤᠭᠤᠳ᠎ᠠᠴᠠ ᠲᠣᠬᠢᠷᠠᠮᠵᠢᠲᠠᠢ ᠬᠠᠤᠯᠢᠴᠢ ᠵᠢ ᠲᠣᠮᠢᠯᠠᠭ᠋ᠠᠳ ᠲᠠᠨ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠦᠢ᠍ᠯᠡᠴᠢᠯᠡᠭᠡ ᠬᠠᠩᠭ᠋ᠠᠵᠤ᠂ ᠲᠠᠨ᠎ᠢ ᠬᠠᠪᠰᠤᠷᠤᠨ ᠵᠥᠪᠳᠡᠯᠴᠡᠬᠦ᠂ ᠡᠶᠡᠳᠡᠭᠦᠯᠬᠦ᠂ ᠬᠥᠨᠳᠡᠯᠡᠨ᠎ᠠᠴᠠ ᠲᠠᠰᠤᠯᠬᠤ ᠪᠤᠶᠤ ᠵᠠᠭ᠋ᠠᠯᠳᠤᠬᠤ ᠵᠡᠷᠭᠡ ᠬᠠᠤᠯᠢ ᠶᠣᠰᠣᠨ᠎ᠤ ᠠᠷᠭ᠎ᠠ ᠵᠠᠮ ᠵᠶ᠋ᠠᠷ ᠴᠠᠯᠢᠩ  ᠬᠥᠯᠥᠰᠦ ᠵᠢ  ᠴᠢᠨᠢ ᠨᠡᠬᠡᠵᠦ  ᠠᠪᠴᠤ ᠥᠭᠬᠦ  ᠪᠣᠯᠣᠨ᠎ᠠ᠃

 

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ