ᠡᠨᠡ ᠵᠢᠯ᠎ᠠᠴᠠ ᠨᠠᠭ᠋ᠠᠰᠢ᠂ ᠦᠬᠠᠢ ᠬᠣᠲᠠ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ 《ᠨᠢᠭᠡ ᠠᠵᠤ ᠠᠬᠤᠢ᠌ᠯᠠᠯ᠎ᠳᠤ ᠨᠢᠭᠡ ᠦᠢ᠍ᠯᠡᠴᠢᠯᠡᠭᠴᠢ ᠬᠠᠮᠢᠶᠠᠷᠤᠭᠴᠢ》 ᠵᠢᠨ ᠠᠵᠢᠯ᠎ᠤᠨ ᠲᠣᠭᠲᠠᠴᠠ ᠵᠢ ᠪᠠᠢ᠌ᠭᠤᠯᠤᠨ᠂ 《ᠨᠢᠭᠡ ᠵᠢ ᠨᠢᠭᠡ᠎ᠳᠤ ᠬᠠᠷᠠᠭ᠋ᠠᠯᠵᠠᠭᠤᠯᠬᠤ》᠂ ᠲᠣᠭᠲᠠᠮᠠᠯ ᠦᠢ᠍ᠯᠡᠴᠢᠯᠡᠭᠡᠨ᠎ᠤ ᠵᠠᠭᠪᠤᠷ ᠵᠶ᠋ᠡᠷ ᠳᠠᠮᠵᠢᠭᠤᠯᠵᠤ᠂ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠣᠨᠣᠪᠴᠢᠲᠠᠶ ᠰᠢᠢ᠍ᠳᠪᠦᠷᠢᠯᠡᠨ᠂ ᠠᠵᠤ ᠠᠬᠤᠢ᠌ᠯᠠᠯ᠎ᠢ ᠲᠤᠰᠠᠯᠠᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠪᠡ᠃
ᠦᠬᠠᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠣᠷᠢᠭ᠎ᠲᠤ ᠪᠠᠢ᠌ᠭ᠎ᠠ ᠥᠪᠥᠷ ᠮᠣᠩᠭᠣᠯ᠎ᠤᠨ ᠶᠦᠩ᠎ᠲᠠᠢ ᠬᠢᠮᠢ ᠵᠢᠨ ᠬᠢᠵᠠᠭ᠋ᠠᠷᠲᠤ ᠺᠤᠮᠫᠠᠨᠢ ᠣᠢ᠌ᠷ᠎ᠠ᠎ᠳᠤ ᠶᠠᠭ ᠦᠢ᠍ᠯᠡᠳᠪᠦᠷᠢᠯᠡᠯ᠎ᠤᠨ ᠬᠡᠪᠴᠢᠶ᠎ᠡ᠎ᠪᠠᠨ ᠥᠷᠭᠡᠳᠬᠡᠵᠦ᠂ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠶᠠᠪᠤᠴᠠ ᠳᠤᠮᠳᠠ ᠪᠡᠯᠡ ᠬᠤᠷᠠᠮᠳᠤᠭᠤᠯᠬᠤ᠎ᠳᠤ ᠬᠦᠴᠢᠷ ᠠᠰᠠᠭᠤᠳᠠᠯ᠎ᠳᠤ ᠲᠤᠯᠭ᠋ᠠᠷᠠᠪᠠ᠃ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠬᠠᠮᠢᠶᠠᠷᠤᠭᠴᠢ᠂ ᠤᠳᠠ ᠵᠢᠨ ᠲᠣᠬᠣᠢ ᠲᠣᠭᠣᠷᠢᠭ᠎ᠤᠨ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ ᠵᠢᠨ ᠳᠠᠷᠤᠭ᠎ᠠ ᠯᠥᠸᠧ ᠪᠦᠸᠧ ᠭᠡᠷ᠎ᠲᠤ᠎ᠨᠢ ᠬᠦᠷᠴᠦ ᠰᠤᠷᠪᠤᠯᠵᠢᠯᠠᠬᠤ ᠳᠤᠮᠳᠠ᠎ᠪᠠᠨ ᠡᠨᠡ ᠬᠦ᠌ ᠪᠠᠢ᠌ᠳᠠᠯ᠎ᠢ ᠣᠢ᠌ᠯᠠᠭ᠋ᠠᠭᠰᠠᠨ᠎ᠤ ᠳᠠᠷᠠᠭ᠎ᠠ᠂ ᠢᠳᠡᠪᠬᠢᠲᠡᠢ᠎ᠪᠠᠷ ᠨᠡᠪᠲᠡᠷᠡᠯᠴᠡᠨ ᠵᠣᠬᠢᠴᠠᠭᠤᠯᠵᠤ᠂ ᠲᠣᠰ ᠠᠵᠤ ᠠᠬᠤᠢ᠌ᠯᠠᠯ᠎ᠢ ᠬᠠᠪᠰᠤᠷᠤᠨ ᠦᠬᠠᠢ ᠬᠣᠲᠠ ᠵᠢᠨ ᠨᠢᠭᠡᠨ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠲᠠᠢ 1.5 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠵᠢᠨ ᠰᠠᠨᠠᠮᠵᠢ ᠲᠣᠭᠲᠠᠪᠠ᠃
《ᠡᠨᠡ ᠵᠢᠭᠡᠯᠡᠯᠭᠡ ᠵᠢ ᠨᠠᠢ᠌ᠳᠠᠪᠤᠷᠢᠵᠢᠭᠤᠯᠤᠭᠰᠠᠨ᠎ᠨᠢ ᠪᠢᠳᠡᠨ᠎ᠳᠤ ᠲᠤᠯᠭ᠋ᠠᠷᠠᠭᠰᠠᠨ ᠪᠠᠴᠢᠮ ᠬᠦᠴᠢᠷᠳᠡᠯ᠎ᠢ ᠰᠢᠢ᠍ᠳᠪᠦᠷᠢᠯᠡᠭᠰᠡᠨ ᠵᠶ᠋ᠡᠷ ᠪᠠᠷᠠᠬᠤ ᠦᠭᠡᠢ ᠦᠢ᠍ᠯᠡᠴᠢᠯᠡᠭᠡᠨ᠎ᠤ ᠬᠠᠮᠢᠶᠠᠷᠤᠭᠴᠢ ᠪᠠᠰᠠ ᠪᠢᠳᠡᠨ᠎ᠳᠤ ᠢᠳᠡᠪᠬᠢᠲᠡᠢ᠎ᠪᠠᠷ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ ᠬᠢᠵᠦ᠂ ᠱᠠᠩᠨᠠᠯ ᠨᠥᠬᠥᠪᠦᠷᠢ ᠵᠢᠨ ᠪᠡᠯᠡ ᠮᠥᠩᠭᠥ ᠵᠢ ᠭᠤᠶᠤᠴᠢᠯᠠᠨ ᠮᠡᠳᠡᠭᠦᠯᠬᠦ᠎ᠳᠤ ᠲᠤᠰᠠᠯᠠᠨ᠂ ᠡᠢ᠌ᠮᠦᠷᠬᠦᠦ 〈ᠨᠢᠭᠡ ᠵᠢ ᠨᠢᠭᠡ᠎ᠳᠤ ᠬᠠᠷᠠᠭ᠋ᠠᠯᠵᠠᠭᠤᠯᠬᠤ〉 ᠦᠢ᠍ᠯᠡᠴᠢᠯᠡᠭᠡᠨ᠎ᠢ ᠠᠵᠤ ᠠᠬᠤᠢ᠌ᠯᠠᠯ᠎ᠳᠤ ᠦᠨᠡᠨ ᠬᠦ᠌ ᠪᠣᠳᠠᠲᠠᠢ ᠠᠰᠢᠭ ᠬᠦᠷᠲᠡᠭᠡᠵᠡᠢ》 ᠭᠡᠵᠦ ᠥᠪᠥᠷ ᠮᠣᠩᠭᠣᠯ᠎ᠤᠨ ᠶᠦᠩ᠎ᠲᠠᠢ ᠬᠢᠮᠢ ᠵᠢᠨ ᠬᠢᠵᠠᠭ᠋ᠠᠷᠲᠤ ᠺᠤᠮᠫᠠᠨᠢ ᠵᠢᠨ ᠶᠡᠷᠦᠩᠬᠡᠢ ᠳᠠᠭ᠋ᠠᠭ᠋ᠠᠮᠠᠯ ᠸᠠᠩ ᠽᠢ ᠴᠧᠨ ᠬᠡᠯᠡᠪᠡ᠃
ᠯᠥᠸᠧ ᠪᠦᠸᠧ᠄ 《ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠬᠠᠮᠢᠶᠠᠷᠤᠭᠴᠢ ᠪᠣᠯᠤᠭᠰᠠᠨ᠎ᠤ ᠬᠤᠪᠢ᠎ᠳᠤ᠂ ᠲᠡᠳᠡ ᠰᠠᠷ᠎ᠠ ᠪᠦᠷᠢ ᠨᠠᠭ᠋ᠠᠲᠤ ᠵᠠᠬ᠎ᠠ᠎ᠳᠠᠭᠠᠨ ᠨᠢᠭᠡ ᠤᠳᠠᠭ᠎ᠠ ᠠᠵᠤ ᠠᠬᠤᠢ᠌ᠯᠠᠯ ᠵᠶ᠋ᠡᠷ ᠬᠦᠷᠴᠦ᠂ ᠠᠵᠤ ᠠᠬᠤᠢ᠌ᠯᠠᠯ᠎ᠳᠤ ᠲᠤᠯᠭ᠋ᠠᠷᠠᠵᠤ ᠪᠠᠢ᠌ᠭ᠎ᠠ ᠠᠰᠠᠭᠤᠳᠠᠯ ᠪᠣᠯᠣᠨ ᠬᠦᠰᠡᠯ ᠱᠠᠭ᠋ᠠᠷᠳᠠᠯᠭ᠎ᠠ ᠵᠢ ᠴᠤᠭᠯᠠᠭᠤᠯᠬᠤ ᠵᠢᠨ ᠬᠠᠮᠲᠤ ᠲᠥᠷᠥᠯ ᠬᠤᠪᠢᠶᠠᠨ ᠡᠮᠬᠢᠯᠡᠵᠦ᠂ ᠠᠵᠤ ᠠᠬᠤᠢ᠌ᠯᠠᠯ᠎ᠳᠤ ᠲᠤᠯᠭ᠋ᠠᠷᠠᠵᠤ ᠪᠠᠢ᠌ᠭ᠎ᠠ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢᠨ ᠡᠬᠡ ᠲᠠᠩᠰᠠ ᠵᠢ ᠪᠠᠢ᠌ᠭᠤᠯᠳᠠᠭ᠃ ᠡᠭᠦᠨ᠎ᠤ ᠬᠠᠮᠲᠤ ᠬᠦᠰᠡᠯ ᠱᠠᠭ᠋ᠠᠷᠳᠠᠯᠭ᠎ᠠ ᠵᠢ ᠰᠢᠢ᠍ᠳᠪᠦᠷᠢᠯᠡᠬᠦ ᠲᠣᠭᠲᠠᠴᠠ ᠵᠢ ᠬᠡᠷᠡᠭᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠠᠵᠤ ᠠᠬᠤᠢ᠌ᠯᠠᠯ᠎ᠤᠨ ᠲᠤᠯᠭ᠋ᠠᠷᠠᠵᠤ ᠪᠠᠢ᠌ᠭ᠎ᠠ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢ ᠭᠥᠯᠢᠶᠡᠨ ᠠᠪᠴᠤ ᠰᠢᠢ᠍ᠳᠪᠦᠷᠢᠯᠡᠨ᠂ 5 ᠠᠵᠢᠯᠯᠠᠬᠤ ᠡᠳᠦᠷ᠎ᠤᠨ ᠳᠣᠲᠣᠷ᠎ᠠ ᠰᠢᠢ᠍ᠳᠪᠦᠷᠢᠯᠡᠭᠰᠡᠨ ᠪᠠᠢ᠌ᠳᠠᠯ ᠪᠤᠶᠤ ᠰᠢᠢ᠍ᠳᠪᠦᠷᠢᠯᠡᠭᠰᠡᠨ ᠰᠡᠳᠬᠢᠮᠵᠢ᠎ᠪᠠᠨ ᠬᠠᠷᠢᠭᠤ ᠲᠤᠰᠬᠠᠵᠤ᠂ ᠠᠵᠤ ᠠᠬᠤᠢ᠌ᠯᠠᠯ᠎ᠳᠤ ᠲᠤᠯᠭ᠋ᠠᠷᠠᠵᠤ ᠪᠠᠢ᠌ᠭ᠎ᠠ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢ ᠬᠦᠴᠦᠨ ᠦᠭᠡᠢ ᠪᠤᠯᠭ᠋ᠠᠬᠤ ᠬᠠᠮᠢᠶᠠᠷᠤᠯᠲᠠ ᠵᠢ ᠬᠡᠷᠡᠭᠵᠢᠭᠦᠯᠦᠨ᠎ᠡ》 ᠭᠡᠵᠦ ᠰᠤᠷᠪᠤᠯᠵᠢᠯᠠᠬ᠍ᠴᠢ᠎ᠳᠤ ᠬᠡᠯᠡᠪᠡ᠃
ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠳᠤᠮᠳᠠ᠂ ᠦᠬᠠᠢ ᠬᠣᠲᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠭᠦ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠳᠠᠷᠤᠭ᠋ᠠᠰᠤ ᠵᠢ ᠬᠥᠩᠭᠡᠷᠡᠭᠦᠯᠬᠦ᠂ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠵᠢ ᠳᠡᠮᠵᠢᠬᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠵᠣᠷᠢᠭᠵᠢᠭᠤᠯᠬᠤ ᠵᠡᠷᠭᠡ 8 ᠲᠠᠯ᠎ᠠ᠎ᠪᠠᠷ 32 ᠵᠦᠢ᠍ᠯ᠎ᠤᠨ ᠠᠷᠭ᠎ᠠ ᠬᠡᠮᠵᠢᠶ᠎ᠡ ᠳᠤᠷᠠᠳᠴᠠᠢ᠃ ᠡᠭᠦᠨ᠎ᠤ ᠬᠠᠮᠲᠤ᠂ ᠪᠦᠭᠦ ᠬᠣᠲᠠ ᠵᠢᠨ ᠠᠵᠤ ᠦᠢ᠍ᠯᠡᠰ᠎ᠤᠨ ᠪᠦᠲᠦᠴᠡ ᠵᠢᠨ ᠣᠨᠴᠠᠯᠢᠭ᠎ᠲᠠᠢ ᠤᠶᠠᠯᠳᠤᠭᠤᠯᠤᠨ᠂ ᠠᠵᠤ ᠠᠬᠤᠢ᠌ᠯᠠᠯ᠎ᠤᠨ ᠦᠢ᠍ᠯᠡᠳᠬᠦᠨ᠎ᠤ ᠥᠷᠲᠡᠭ᠂ ᠠᠵᠢᠯ ᠲᠥᠷᠥᠯ᠂ ᠬᠠᠷᠢᠶ᠎ᠠ ᠭᠠᠵᠠᠷ᠂ ᠬᠢᠷᠢ ᠭᠡᠮ ᠵᠡᠷᠭᠡ ᠪᠠᠢ᠌ᠳᠠᠯ᠎ᠢ ᠦᠨᠳᠦᠰᠦᠯᠡᠨ᠂ 242 ᠭᠣᠣᠯᠳᠠᠯᠭ᠎ᠠ᠎ᠲᠠᠢ ᠠᠵᠤ ᠠᠬᠤᠢ᠌ᠯᠠᠯ᠎ᠳᠤ ᠦᠢ᠍ᠯᠡᠴᠢᠯᠡᠭᠡᠨ᠎ᠤ ᠬᠠᠮᠢᠶᠠᠷᠤᠭᠴᠢ ᠲᠣᠬᠢᠷᠠᠭᠤᠯᠵᠤ᠂ ᠠᠵᠤ ᠠᠬᠤᠢ᠌ᠯᠠᠯ᠎ᠳᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠲᠠᠢ᠌ᠯᠤᠮᠵᠢ᠂ ᠬᠦᠰᠡᠯ ᠱᠠᠭ᠋ᠠᠷᠳᠠᠯᠭ᠎ᠠ ᠵᠢ ᠴᠤᠭᠯᠠᠭᠤᠯᠵᠤ ᠰᠢᠯᠵᠢᠭᠦᠯᠦᠨ ᠭᠦᠢ᠍ᠴᠡᠳᠬᠡᠬᠦ᠂ ᠭᠠᠷᠳᠠᠮ᠎ᠢ ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠬᠦ᠂ ᠠᠷᠭ᠎ᠠ ᠵᠠᠮ ᠡᠬᠢ ᠪᠠᠶᠠᠯᠢᠭ᠎ᠢ ᠵᠣᠯᠭ᠋ᠠᠭᠤᠯᠬᠤ ᠵᠡᠷᠭᠡ ᠦᠢ᠍ᠯᠡᠴᠢᠯᠡᠭᠡ ᠬᠠᠩᠭ᠋ᠠᠪᠠ᠃ ᠡᠭᠦᠨ᠎ᠤ ᠬᠠᠮᠲᠤ ᠬᠦᠰᠡᠯ ᠱᠠᠭ᠋ᠠᠷᠳᠠᠯᠭ᠎ᠠ ᠵᠢ ᠭᠦᠢ᠍ᠴᠡᠳᠬᠡᠬᠦ᠂ ᠲᠣᠬᠢᠷᠠᠭᠤᠯᠤᠨ ᠬᠠᠷᠢᠭᠤ ᠲᠤᠰᠬᠠᠬᠤ᠂ ᠦᠢ᠍ᠯᠡᠴᠢᠯᠡᠭᠡ ᠵᠢ ᠦᠨᠡᠯᠡᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠠᠰᠠᠭᠤᠯᠲᠠ ᠵᠢᠨ ᠬᠠᠭᠤᠳᠠᠰᠤ᠎ᠪᠠᠷ ᠪᠠᠢ᠌ᠴᠠᠭ᠋ᠠᠬᠤ᠎ᠪᠠᠷ ᠳᠠᠮᠵᠢᠭᠤᠯᠤᠨ᠂ ᠦᠢ᠍ᠯᠡᠴᠢᠯᠡᠬᠦ ᠡᠲᠡᠭᠡᠳ᠎ᠤᠨ ᠰᠠᠨᠠᠯ᠎ᠢ ᠬᠤᠷᠢᠶᠠᠵᠤ᠂ ᠦᠢ᠍ᠯᠡᠴᠢᠯᠡᠭᠡᠨ᠎ᠤ ᠬᠠᠮᠢᠶᠠᠷᠤᠭᠴᠢ ᠪᠠ ᠰᠢᠯᠵᠢᠭᠦᠯᠦᠨ ᠭᠦᠢ᠍ᠴᠡᠳᠬᠡᠬᠦ ᠰᠠᠯᠠᠭ᠎ᠠ ᠮᠥᠴᠢᠷ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠲᠤ ᠦᠨᠡᠯᠡᠯᠲᠡ ᠬᠢᠵᠦ ᠬᠤᠪᠢ ᠥᠭᠴᠦ᠂ ᠠᠵᠤ ᠠᠬᠤᠢ᠌ᠯᠠᠯ᠎ᠢ ᠲᠤᠰᠠᠯᠠᠬᠤ ᠦᠢ᠍ᠯᠡᠴᠢᠯᠡᠭᠡᠨ᠎ᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠭᠦ ᠵᠢ ᠪᠦᠭᠦ ᠲᠠᠯ᠎ᠠ᠎ᠪᠠᠷ ᠠᠬᠢᠭᠤᠯᠪᠠ᠃
ᠦᠬᠠᠢ ᠬᠣᠲᠠ ᠵᠢᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠶᠡᠷᠦᠩᠬᠡᠢ᠌ᠯᠡᠭᠰᠡᠨ ᠰᠠᠯᠠᠭ᠋ᠠᠨ᠎ᠤ ᠳᠠᠷᠤᠭ᠎ᠠ ᠵᠢᠨ ᠳ᠋ᠦᠩ ᠯᠢᠶᠠᠩ᠎ᠤᠨ ᠲᠠᠨᠢᠯᠴᠠᠭᠤᠯᠤᠭᠰᠠᠨ ᠵᠶ᠋ᠡᠷ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠭᠦ ᠵᠢᠨ ᠲᠥᠯᠥᠭᠡ᠂ ᠲᠠᠳᠠ 《ᠳᠥᠷᠪᠡᠨ ᠨᠢᠭᠡ》 ᠵᠢᠨ ᠦᠢ᠍ᠯᠡᠴᠢᠯᠡᠭᠡᠨ᠎ᠤ ᠲᠣᠭᠲᠠᠴᠠ ᠵᠢ ᠪᠠᠢ᠌ᠭᠤᠯᠪᠠ᠃ ᠲᠤᠬᠠᠢ᠌ᠯᠠᠪᠠᠯ᠄ ᠨᠢᠭᠡ ᠠᠵᠤ ᠠᠬᠤᠢ᠌ᠯᠠᠯ᠎ᠳᠤ ᠨᠢᠭᠡ ᠦᠢ᠍ᠯᠡᠴᠢᠯᠡᠭᠡᠨ᠎ᠤ ᠬᠠᠮᠢᠶᠠᠷᠤᠭᠴᠢ᠎ᠲᠠᠢ ᠪᠠᠢ᠌ᠵᠤ᠂ ᠦᠢ᠍ᠯᠡᠴᠢᠯᠡᠭᠡ ᠵᠢ ᠨᠠᠷᠢᠯᠢᠭ ᠤᠨᠤᠪᠴᠢᠲᠠᠢ ᠵᠣᠯᠭ᠋ᠠᠭᠤᠯᠬᠤ ᠵᠢ ᠦᠨᠡᠨ ᠬᠦ᠌ ᠪᠠᠲᠤᠯᠠᠨ᠎ᠠ; ᠰᠠᠷ᠎ᠠ ᠪᠦᠷᠢ ᠨᠢᠭᠡ ᠤᠳᠠᠭ᠎ᠠ ᠲᠣᠭᠣᠷᠢᠨ ᠪᠠᠢ᠌ᠴᠠᠭ᠋ᠠᠨ ᠰᠤᠳᠤᠯᠤᠯᠲᠠ ᠬᠢᠵᠦ᠂ ᠠᠵᠤ ᠠᠬᠤᠢ᠌ᠯᠠᠯ᠎ᠳᠤ ᠲᠤᠯᠭ᠋ᠠᠷᠠᠵᠤ ᠪᠠᠢ᠌ᠭ᠎ᠠ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢ ᠲᠡᠷᠡ ᠳᠠᠷᠤᠢ᠎ᠳᠤ᠎ᠨᠢ ᠡᠵᠡᠮᠰᠢᠨ᠎ᠡ; ᠤᠯᠠᠷᠢᠯ ᠪᠦᠷᠢ᠎ᠳᠤ ᠨᠢᠭᠡ ᠤᠳᠠᠭ᠎ᠠ ᠳ᠋ᠦᠩᠨᠡᠨ ᠵᠠᠳᠠᠯᠵᠤ᠂ ᠦᠢ᠍ᠯᠡᠴᠢᠯᠡᠭᠡᠨ᠎ᠤ ᠠᠷᠭ᠎ᠠ ᠪᠣᠳᠣᠯᠭ᠎ᠠ ᠵᠢ ᠴᠠᠭ ᠲᠤᠬᠠᠢᠳᠤᠨᠢ ᠰᠢᠯᠢᠳᠡᠭᠵᠢᠭᠦᠯᠦᠨ᠎ᠡ; ᠵᠢᠯ ᠪᠦᠷᠢ ᠨᠢᠭᠡ ᠤᠳᠠᠭ᠎ᠠ ᠶᠡᠷᠦᠩᠬᠡᠢ᠌ᠯᠡᠭᠰᠡᠨ ᠦᠨᠡᠯᠡᠯᠲᠡ ᠬᠢᠵᠦ᠂ ᠬᠠᠮᠢᠶᠠᠷᠤᠭᠴᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠪᠠᠲᠤᠯᠠᠨ᠎ᠠ᠃
《ᠡᠢ᠌ᠮᠦ ᠲᠣᠭᠲᠠᠴᠠ᠎ᠪᠠᠷ ᠳᠠᠮᠵᠢᠭᠤᠯᠤᠨ ᠤᠳᠤᠷᠢᠳᠬᠤ ᠺᠠᠳ᠋ᠷᠴᠤᠳ᠎ᠢ ᠠᠵᠤ ᠠᠬᠤᠢ᠌ᠯᠠᠯ᠎ᠳᠤ ᠭᠦᠨᠵᠡᠭᠡᠢ᠌ᠷᠡᠭᠦᠯᠵᠦ᠂ ᠲᠥᠷᠥ ᠵᠢᠨ ᠪᠣᠳᠣᠯᠭ᠎ᠠ ᠵᠢᠨ ᠰᠠᠢ᠌ᠨ ᠤᠬᠠᠭᠤᠯᠤᠭᠴᠢ᠂ ᠠᠰᠠᠭᠤᠳᠠᠯ᠎ᠤᠨ ᠵᠣᠬᠢᠴᠠᠭᠤᠯᠤᠭᠴᠢ ᠪᠠ ᠬᠥᠭᠵᠢᠯᠲᠡ ᠵᠢᠨ ᠵᠢᠯᠣᠭᠣᠳᠤᠭᠴᠢ ᠪᠣᠯᠭ᠋ᠠᠨ᠎ᠠ》 ᠭᠡᠵᠦ ᠵᠢᠨ ᠳ᠋ᠦᠩ ᠯᠢᠶᠠᠩ ᠬᠡᠯᠡᠪᠡ᠃ ᠣᠳᠣᠬᠠᠨ᠎ᠳᠤ᠂ ᠦᠬᠠᠢ ᠬᠤᠳᠠ ᠵᠢᠨ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠬᠠᠮᠢᠶᠠᠷᠤᠭᠴᠢᠳ ᠠᠵᠤ ᠠᠬᠤᠢ᠌ᠯᠠᠯ᠎ᠳᠤ ᠨᠢᠭᠡᠨᠲᠡ 320 ᠭᠠᠷᠤᠢ ᠤᠳᠠᠭ᠎ᠠ ᠡᠯ᠎ᠡ ᠵᠦᠢ᠍ᠯ᠎ᠤᠨ ᠦᠢ᠍ᠯᠡᠴᠢᠯᠡᠭᠡ ᠬᠠᠩᠭ᠋ᠠᠵᠤ᠂ ᠳᠥᠭᠥᠮᠬᠡᠨ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢ ᠴᠠᠭ ᠲᠤᠬᠠᠢᠳᠤᠨᠢ ᠰᠢᠢ᠍ᠳᠪᠦᠷᠢᠯᠡᠬᠦ ᠵᠢ ᠪᠡᠶᠡᠯᠡᠭᠦᠯᠵᠦ᠂ ᠨᠠᠷᠢᠨ ᠪᠤᠳᠤᠯᠢᠶᠠᠨᠲᠠᠢ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢ ᠡᠬᠡ ᠳᠠᠩᠰᠠᠨ᠎ᠳᠤ ᠣᠷᠣᠭᠤᠯᠵᠤ ᠰᠢᠢ᠍ᠳᠪᠦᠷᠢᠯᠡᠬᠦ ᠵᠢ ᠠᠬᠢᠭᠤᠯᠪᠠ᠃ ᠣᠳᠣᠬᠠᠨ ᠪᠤᠯᠲᠠᠯ᠎ᠠ᠂ ᠡᠬᠡ ᠲᠠᠩᠰᠠ᠎ᠳᠠᠬᠢ 87 ᠬᠤᠪᠢ ᠠᠰᠠᠭᠤᠳᠠᠯ ᠪᠠ ᠬᠦᠰᠡᠯ ᠱᠠᠭ᠋ᠠᠷᠳᠠᠯᠭ᠎ᠠ ᠵᠢᠨ 59 ᠬᠤᠪᠢ ᠵᠢ᠎ᠨᠢ ᠨᠢᠭᠡᠨᠲᠡ ᠰᠢᠢ᠍ᠳᠪᠦᠷᠢᠯᠡᠵᠦ᠂ ᠦᠯᠡᠳᠡᠭᠰᠡᠨ ᠠᠰᠠᠭᠤᠳᠠᠯ ᠪᠠ ᠬᠦᠰᠡᠯ ᠱᠠᠭ᠋ᠠᠷᠳᠠᠯᠭ᠎ᠠ᠎ᠳᠤ ᠨᠢᠭᠡᠨᠲᠡ ᠰᠢᠢ᠍ᠳᠪᠦᠷᠢᠯᠡᠬᠦ ᠠᠷᠭ᠎ᠠ ᠬᠡᠮᠵᠢᠶ᠎ᠡ ᠲᠣᠭᠲᠠᠭ᠋ᠠᠭᠰᠠᠨ ᠪᠥᠭᠡᠳ ᠶᠠᠭ ᠦᠷᠭᠦᠯᠵᠢᠯᠡᠨ ᠠᠬᠢᠭᠤᠯᠵᠤ ᠪᠤᠢ᠃