ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ — ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠨ ᠬᠠᠮᠲᠤ᠎ᠪᠠᠷ ᠪᠠᠢ᠌ᠭᠤᠯᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ ᠫᠠᠢ᠌ᠰᠠ ᠡᠯᠭᠦᠪᠡ
ᠨᠡᠶ᠋ᠢᠲᠡᠯᠡᠭᠰᠡᠨ ᠴᠠᠭ᠄ 2025-06-30


   ᠲᠦᠷᠦᠭᠦᠬᠡᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ — ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢ ᠨᠢᠭᠡ ᠴᠣᠭᠴᠠᠵᠢᠭᠤᠯᠤᠨ ᠬᠠᠮᠲᠤ᠎ᠪᠠᠷ ᠪᠠᠢ᠌ᠭᠤᠯᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ》 ᠭᠦᠭᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ᠎ᠳᠤ ᠫᠠᠢ᠌ᠰᠠ ᠰᠡᠬᠦᠪᠡ᠃ ᠭᠦᠭᠡᠬᠣᠲᠠ ᠦᠨᠳᠦᠰᠦᠲᠡᠨ᠎ᠤ ᠳᠡᠭᠡᠳᠦ ᠰᠤᠷᠭ᠋ᠠᠭᠤᠯᠢ᠎ᠨᠢ ᠭᠦᠭᠡᠬᠣᠲᠠ ᠵᠢᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ᠎ᠲᠠᠢ ᠠᠵᠢᠯ ᠲᠦᠷᠦᠯ᠎ᠤᠨ ᠬᠠᠪᠰᠤᠷᠤᠯᠴᠠᠭ᠎ᠠ ᠪᠠᠢ᠌ᠭᠤᠯᠤᠨ᠂ 《ᠬᠥᠮᠥᠨ᠎ᠢ ᠬᠥᠮᠥᠵᠢᠭᠦᠯᠬᠦ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠨᠠᠮ᠎ᠤᠨ ᠪᠠᠢ᠌ᠭᠤᠯᠤᠯᠲᠠ ᠵᠢ ᠠᠭᠤᠰᠤᠯᠴᠠᠭᠤᠯᠤᠨ ᠬᠠᠮᠲᠤ᠎ᠪᠠᠷ ᠪᠠᠶ᠋ᠢᠭᠤᠯᠬᠤ᠂ ᠵᠢᠭ᠋ᠠᠨ ᠰᠤᠷᠭ᠋ᠠᠯᠲᠠ ᠡᠷᠳᠡᠮ ᠰᠢᠨᠵᠢᠯᠡᠭᠡᠨ᠎ᠤ ᠲᠠᠯ᠎ᠠ᠎ᠪᠠᠷ ᠬᠣᠯᠪᠣᠭ᠋ᠠᠯᠠᠬᠤ》 ᠬᠠᠮᠲᠤᠷᠠᠯᠴᠠᠭ᠋ᠠᠨ᠎ᠤ ᠵᠠᠭᠪᠤᠷ᠎ᠢ ᠬᠠᠢ᠌ᠨ ᠰᠦᠪᠡᠭᠴᠢᠯᠡᠪᠡ᠃ 

   ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ᠂ ᠬᠣᠶᠠᠷ ᠲᠠᠯ᠎ᠠ᠎ᠪᠠᠷ ᠵᠶ᠋ᠠᠨ ᠡᠬᠢ ᠪᠠᠶᠠᠯᠢᠭ ᠵᠶ᠋ᠠᠨ ᠬᠠᠷᠢᠯᠴᠠᠨ ᠨᠥᠬᠥᠪᠦᠷᠢᠯᠡᠬᠦ᠂ ᠶᠡᠬᠡ ᠳᠤᠮᠳᠠᠳᠤ ᠪᠠᠭ᠎ᠠ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠦᠷᠦ ᠵᠢᠨ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠬᠤ ᠪᠦᠲᠦᠮᠵᠢᠲᠡᠢ ᠠᠷᠭ᠎ᠠ ᠵᠠᠮ᠎ᠢ ᠬᠠᠮᠲᠤ᠎ᠪᠠᠷ ᠰᠦᠪᠡᠭᠴᠢᠯᠡᠪᠡ᠃ ᠶᠠᠷᠢᠯᠴᠠᠬᠤ ᠬᠤᠷᠠᠯ᠎ᠤᠨ ᠲᠠᠷᠠᠭ᠎ᠠ᠂ ᠭᠦᠭᠡᠬᠤᠳᠠ ᠵᠢᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠪᠠᠭᠰᠢ ᠰᠤᠷᠤᠬ᠍ᠴᠢᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ᠎ᠤᠨ ᠣᠷᠳᠣᠨ᠎ᠳᠤ 《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠦᠷᠦ ᠵᠢᠨ ᠬᠢᠴᠢᠶᠡᠯ》᠎ᠤᠨ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠬᠢᠵᠡᠢ᠃ ᠭᠦᠭᠡᠬᠤᠳᠠ ᠵᠢᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠤᠨ ᠪᠠᠭᠰᠢ ᠨᠠᠷ ᠰᠤᠷᠭ᠋ᠠᠨ ᠬᠥᠮᠦᠵᠢᠯ᠎ᠤᠨ ᠣᠷᠳᠣᠨ᠎ᠤ ᠦᠵᠡᠭᠦᠯᠭᠡ ᠵᠢᠨ ᠡᠬᠢ ᠪᠠᠶᠠᠯᠢᠭ᠎ᠲᠤ ᠲᠦᠰᠢᠭᠯᠡᠨ 《ᠣᠨᠣᠯ᠎ᠤᠨ ᠣᠢ᠌ᠯᠠᠭ᠋ᠠᠯᠲᠠ + ᠠᠬᠤᠢ ᠳᠠᠯᠠᠪᠠᠢ ᠵᠢᠨ ᠣᠢ᠌ᠯᠠᠭ᠋ᠠᠯᠲᠠ》 ᠬᠣᠣᠰ ᠵᠢᠭ᠋ᠠᠨ ᠰᠤᠷᠭ᠋ᠠᠯᠲᠠ ᠵᠢᠨ ᠵᠠᠭᠪᠤᠷ ᠵᠢᠡᠷ ᠨᠠᠷᠢᠨ ᠨᠢᠮᠪᠠᠢ ᠬᠢᠴᠢᠶᠡᠯ ᠪᠡᠯᠡᠳᠬᠡᠪᠡ᠃ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠳᠡᠯᠭᠡᠨ ᠦᠵᠡᠭᠦᠯᠭᠦ᠂ ᠬᠠᠷᠢᠯᠴᠠᠨ ᠪᠡᠶᠡᠴᠢᠯᠡᠨ ᠣᠢ᠌ᠯᠠᠭ᠋ᠠᠬᠤ ᠵᠡᠷᠭᠡ ᠠᠷᠭ᠎ᠠ ᠪᠠᠷᠢᠯ ᠵᠶ᠋ᠠᠷ ᠲᠡᠦᠬᠡ ᠰᠣᠶᠣᠯ᠎ᠢ ᠠᠮᠢᠳᠤ ᠰᠣᠷᠭᠣᠭ ᠵᠢᠭ᠋ᠠᠬᠤ ᠮᠠᠲ᠋ᠧᠷᠢᠶᠠᠯ ᠪᠣᠯᠭ᠋ᠠᠨ ᠬᠤᠪᠢᠷᠠᠭᠤᠯᠵᠤ᠂ ᠵᠠᠯᠠᠭᠤᠴᠤᠳ ᠪᠠᠭ᠋ᠠᠴᠤᠳ ᠵᠥᠪ ᠤᠨᠤᠪᠴᠢᠳᠠᠢ 《ᠲᠠᠪᠤᠨ ᠦᠵᠡᠯᠲᠡ》 ᠵᠢ ᠪᠤᠢ ᠪᠤᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠦᠢ᠍ᠯᠡ ᠠᠵᠢᠯᠯᠠᠭ᠎ᠠ᠎ᠳᠠᠭᠠᠨ ᠢᠯᠡᠷᠡᠭᠦᠯᠬᠦ ᠵᠢ ᠬᠥᠲᠥᠯᠥᠨ ᠵᠢᠯᠣᠭᠣᠳᠴᠠᠢ᠃ 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ