ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠨᠢᠭᠡᠯᠡ ᠭᠠᠵᠠᠷ᠎ᠲᠤ ᠲᠦᠭ ᠲᠦᠮᠡᠨ ᠡᠷᠦᠭᠡ ᠵᠢᠨ ᠶᠠᠪᠤᠳᠠᠯ᠎ᠢ ᠰᠢᠢ᠍ᠳᠪᠦᠷᠢᠯᠡᠵᠦ ᠶᠡᠷᠦᠩᠬᠡᠢ᠌ᠯᠡᠨ ᠵᠠᠰᠠᠬᠤ ᠲᠥᠪ ᠵᠶ᠋ᠡᠷ ᠠᠮᠤᠷ ᠲᠣᠭᠲᠠᠭᠤᠨ᠎ᠤ 《ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ》᠎ᠢ ᠪᠠᠲᠤ ᠴᠣᠭᠴᠠᠯᠠᠨᠠᠮ
ᠨᠡᠶ᠋ᠢᠲᠡᠯᠡᠭᠰᠡᠨ ᠴᠠᠭ᠄ 2025-06-04


ᠵᠤᠨ᠎ᠤ ᠰᠠᠢ᠌ᠬᠠᠨ ᠤᠯᠠᠷᠢᠯ᠎ᠳᠤ ᠦᠬᠠᠢ ᠬᠤᠳᠠ ᠵᠢᠨ ᠬᠠᠢ᠌ᠷᠤᠪ᠎ᠤᠨ ᠲᠣᠬᠣᠢ ᠲᠣᠭᠣᠷᠢᠭ᠎ᠤᠨ ᠶᠡᠷᠦᠩᠬᠡᠢ᠌ᠯᠡᠨ ᠵᠠᠰᠠᠬᠤ ᠲᠥᠪ᠎ᠲᠤ ᠬᠦᠷᠬᠦ᠎ᠪᠠᠷ  ᠠᠭᠤᠵᠢᠮ ᠰᠠᠷᠠᠭᠤᠯ ᠭᠥᠯᠢᠶᠡᠨ ᠠᠪᠴᠤ ᠰᠢᠢ᠍ᠳᠪᠦᠷᠢᠯᠡᠬᠦ ᠲᠢᠩᠬᠢᠮ᠎ᠤᠨ 10 ᠶᠡᠷᠦᠩᠬᠡᠢ᠌ᠯᠡᠭᠰᠡᠨ ᠭᠥᠯᠢᠶᠡᠨ ᠠᠪᠬᠤ ᠴᠣᠩᠬᠣᠪᠴᠢ᠎ᠳᠤ ᠤᠯᠠᠨ ᠲᠦᠮᠡᠨ ᠡᠮᠬᠢ ᠳᠢᠭᠯᠢᠮ᠎ᠲᠠᠢ᠎ᠪᠠᠷ  ᠠᠰᠠᠭᠤᠨ ᠯᠠᠪᠯᠠᠵᠠᠭ᠋ᠠᠨ᠎ᠠ ᠃  ᠴᠢᠳᠠᠮᠵᠢᠲᠤ ᠲᠣᠭᠣᠷᠢᠭ᠎ᠲᠠᠬᠢ ᠲᠤᠰ ᠲᠤᠰ᠎ᠤᠨ ᠣᠨᠴᠠᠯᠢᠭ᠎ᠲᠠᠢ 8 ᠡᠶᠡᠳᠡᠭᠦᠯᠬᠦ ᠲᠠᠰᠤᠭ ᠪᠠ 5 ᠴᠢᠳᠠᠮᠵᠢᠲᠤ ᠲᠠᠰᠤᠭ᠎ᠨᠢ ᠣᠯᠠᠨ ᠲᠦᠮᠡᠨ᠎ᠳᠤ ᠬᠠᠤᠯᠢ ᠴᠠᠭ᠋ᠠᠵᠠ ᠵᠢᠨ ᠵᠥᠪᠯᠡᠯᠭᠡ ᠥᠭᠬᠦ ᠂  ᠰᠡᠳᠬᠢᠴᠡ ᠵᠢᠨ ᠵᠢᠯᠣᠭᠣᠳᠤᠯᠭ᠎ᠠ ᠬᠢᠬᠦ ᠵᠡᠷᠭᠡ ᠣᠯᠠᠨ ᠲᠠᠯ᠎ᠠ ᠵᠢᠨ  ᠦᠢ᠍ᠯᠡᠴᠢᠯᠡᠭᠡ ᠬᠠᠩᠭ᠋ᠠᠵᠤ ᠪᠠᠢ᠌ᠨ᠎ᠠ ᠃

ᠡᠨᠡ ᠵᠢᠯ᠎ᠤᠨ 2 ᠰᠠᠷ᠎ᠠ᠎ᠳᠤ ᠪᠣᠳᠠᠲᠤ ᠴᠣᠭᠴᠠᠵᠢᠭᠤᠯᠤᠨ ᠠᠵᠢᠯᠯᠠᠭᠤᠯᠤᠭᠰᠠᠨ᠎ᠠᠴᠠ ᠨᠠᠭ᠋ᠠᠰᠢ ᠂  ᠬᠠᠢ᠌ᠷᠤᠪ᠎ᠤᠨ ᠲᠣᠬᠣᠢ ᠲᠣᠭᠣᠷᠢᠭ᠎ᠤᠨ ᠶᠡᠷᠦᠩᠬᠡᠢ᠌ᠯᠡᠨ ᠵᠠᠰᠠᠬᠤ ᠲᠥᠪ᠎ᠤᠨ᠎ᠬᠢᠨ ᠨᠡᠢ᠍ᠢ᠍ᠳᠡ 458 ᠤᠯᠠᠨ ᠲᠦᠮᠡᠨ᠎ᠢ ᠭᠥᠯᠢᠶᠡᠨ ᠠᠪᠴᠤ ᠂ 167 ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠨ ᠂ 157 ᠬᠡᠷᠡᠭ᠎ᠢ ᠰᠢᠢ᠍ᠳᠪᠦᠷᠢᠯᠡᠵᠦ ᠂  ᠰᠢᠢ᠍ᠳᠪᠦᠷᠢᠯᠡᠵᠦ ᠳᠠᠭᠤᠰᠬᠠᠭᠰᠠᠨ ᠨᠤᠷᠮ᠎ᠠ᠎ᠨᠢ 94% ᠵᠢ  ᠳᠠᠪᠠᠵᠠᠢ ᠃

ᠨᠢᠳᠤᠨᠤᠨ ᠂  ᠦᠬᠠᠢ ᠬᠣᠲᠠ ᠪᠦᠭᠦ ᠣᠷᠣᠨ᠎ᠳᠤ 《ᠶᠡᠷᠦᠩᠬᠡᠢ᠌ᠯᠡᠨ ᠵᠠᠰᠠᠬᠤ ᠲᠥᠪ᠎ᠤᠨ ᠵᠢᠷᠤᠮᠵᠢᠬᠰᠠᠨ ᠪᠠᠢ᠌ᠭᠤᠯᠤᠯᠲᠠ ᠵᠢ ᠤᠯᠠᠮ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ 》᠎ᠢ  ᠤᠷᠢᠳ ᠵᠶ᠋ᠠᠷ ᠲᠣᠭᠲᠠᠭ᠋ᠠᠵᠤ ᠂  ᠬᠣᠲᠠ ᠂  ᠲᠣᠭᠣᠷᠢᠭ ᠂  ᠪᠠᠯᠭ᠋ᠠᠰᠤ (ᠵᠡᠭᠡᠯᠢ ᠭᠤᠳᠤᠮᠵᠢ ) ᠭᠤᠷᠪᠠᠨ ᠱᠠᠲᠤᠨ᠎ᠤ ᠶᠡᠷᠦᠩᠬᠡᠢ᠌ᠯᠡᠨ ᠵᠠᠰᠠᠬᠤ ᠲᠥᠪ᠎ᠤᠨ ᠵᠢᠷᠤᠮᠵᠢᠬᠰᠠᠨ ᠪᠠᠢ᠌ᠭᠤᠯᠤᠯᠲᠠ ᠂  ᠪᠣᠳᠠᠲᠤ ᠪᠠᠢ᠌ᠯᠳᠤᠭ᠋ᠠᠨ᠎ᠤ ᠠᠵᠢᠯᠯᠠᠭ᠋ᠠᠨ᠎ᠤ ᠬᠠᠷᠠᠯᠲᠠ ᠵᠢ 3 ᠵᠢᠯ ᠬᠤᠪᠢᠶᠠᠨ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠵᠠᠢ ᠃  ᠡᠨᠡ ᠵᠢᠯ᠎ᠤᠨ ᠡᠬᠢ᠎ᠪᠠᠷ ᠂  ᠬᠣᠯᠪᠣᠭᠳᠠᠯ ᠪᠦᠬᠦᠢ ᠬᠠᠮᠤᠭ᠎ᠤᠨ ᠰᠢᠨ᠎ᠡ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠂  ᠦᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠤᠯᠤᠰ ᠲᠦᠷᠦ ᠬᠠᠤᠯᠢ ᠴᠠᠭ᠋ᠠᠵᠠ ᠵᠢᠨ ᠬᠣᠷᠢᠶ᠎ᠠ ᠦᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ ᠂  ᠨᠡᠢ᠌ᠭᠡᠮ᠎ᠤᠨ ᠠᠵᠢᠯ᠎ᠤᠨ ᠬᠡᠯᠲᠡᠰ ᠂  ᠣᠷᠣᠨ ᠲᠣᠭ᠎ᠠ ᠵᠢᠨ ᠠᠯᠪᠠᠨ ᠭᠡᠷ ᠵᠡᠷᠭᠡ 15 ᠰᠠᠯᠠᠭ᠎ᠠ ᠮᠥᠴᠢᠷ᠎ᠲᠠᠢ ᠬᠠᠮᠲᠤᠷᠠᠨ ᠂  ᠬᠡᠷᠡᠭᠵᠢᠭᠦᠯᠬᠦ ᠲᠥᠰᠥᠯ᠎ᠢ ᠰᠢᠨ᠎ᠡ᠎ᠪᠠᠷ ᠵᠠᠰᠠᠨ ᠲᠡᠭᠦᠯᠳᠡᠷᠵᠢᠭᠦᠯᠵᠦ ᠂  ᠪᠠᠢ᠌ᠭᠤᠯᠤᠯᠲᠠ ᠂  ᠡᠭᠦᠷᠭᠡ ᠴᠢᠳᠠᠪᠬᠢ ᠂  ᠠᠵᠢᠯᠯᠠᠭ᠋ᠠᠨ ᠵᠡᠷᠭᠡ 3 ᠲᠠᠯ᠎ᠠ᠎ᠪᠠᠷ ᠴᠢᠭᠯᠡᠯ ᠪᠠ ᠠᠷᠭ᠎ᠠ ᠵᠠᠮ᠎ᠢ ᠤᠯᠠᠮ ᠲᠣᠳᠣᠷᠬᠠᠢ᠌ᠯᠠᠵᠤ ᠂  ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ ᠂  ᠶᠡᠷᠦᠩᠬᠡᠢ᠌ᠯᠡᠨ ᠵᠠᠰᠠᠬᠤ ᠲᠥᠪ᠎ᠤᠨ ᠵᠢᠷᠤᠮᠵᠢᠬᠰᠠᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠬᠤ᠎ᠳᠤ ᠪᠠᠲᠤ ᠪᠡᠬᠢ ᠳᠦᠷᠢᠮ᠎ᠤᠨ ᠪᠠᠲᠤᠯᠠᠭ᠎ᠠ ᠬᠠᠩᠭ᠋ᠠᠵᠠᠢ ᠃

《ᠶᠡᠷᠦᠩᠬᠡᠢ᠌ᠯᠡᠨ ᠵᠠᠰᠠᠬᠤ ᠲᠥᠪ᠎ᠤᠨ᠎ᠬᠢᠨ ᠲᠠᠪᠴᠠᠩ ᠭᠠᠷᠭ᠋ᠠᠵᠤ ᠂  ᠣᠷᠣᠵᠤ ᠰᠠᠭᠤᠭᠰᠠᠨ ᠰᠠᠯᠠᠭ᠎ᠠ ᠮᠥᠴᠢᠷ᠎ᠤᠨ᠎ᠬᠢᠨ ᠦᠢ᠍ᠯᠡᠳᠦᠯ ᠵᠢᠡᠨ ᠪᠠᠳᠠᠷᠠᠭᠤᠯᠵᠤ ᠂  ᠵᠥᠷᠢᠴᠡᠯ ᠵᠠᠭᠤᠷᠠᠯᠳᠤᠭ᠋ᠠᠨ᠎ᠢ  ᠦᠨᠡᠨ ᠪᠣᠳᠠᠲᠠᠢ ᠰᠢᠢ᠍ᠳᠪᠦᠷᠢᠯᠡᠵᠡᠢ 》᠃  ᠬᠣᠲᠠ ᠵᠢᠨ ᠳᠡᠰ ᠳᠠᠪᠬᠤᠷᠭ᠎ᠠ᠎ᠳᠤ ᠂  ᠦᠬᠠᠢ ᠬᠤᠳᠠ ᠵᠢᠨ ᠶᠡᠷᠦᠩᠬᠡᠢ᠌ᠯᠡᠨ ᠵᠠᠰᠠᠬᠤ ᠲᠥᠪ᠎ᠨᠢ ᠬᠤᠳᠠ ᠵᠢᠨ ᠲᠣᠭ᠋ᠠᠴᠢᠯᠠᠭᠰᠠᠨ ᠬᠤᠳᠠ ᠵᠢᠨ ᠠᠵᠢᠯᠯᠠᠭ᠋ᠠᠨ ᠪᠠ ᠵᠠᠰᠠᠯᠲᠠ ᠵᠢᠨ ᠲᠥᠪ᠎ᠲᠠᠢ ᠬᠠᠮᠲᠤᠷᠠᠨ ᠠᠵᠢᠯᠯᠠᠵᠤ ᠂ 48 ᠰᠠᠯᠠᠭ᠎ᠠ ᠮᠥᠴᠢᠷ᠎ᠤᠨ 15 ᠳ᠋ᠦᠩᠰᠢᠭᠤᠷ ᠰᠢᠬᠠᠮ ᠲᠣᠭ᠎ᠠ ᠪᠠᠷᠢᠮᠲᠠ ᠵᠢ ᠴᠤᠭᠯᠠᠭᠤᠯᠵᠤ 《ᠲᠣᠭ᠎ᠠ ᠪᠠᠷᠢᠮᠲᠠ ᠵᠢᠨ ᠬᠥᠮᠥᠷᠭᠡ 》 ᠵᠢ  ᠪᠦᠷᠢᠯᠳᠦᠭᠦᠯᠵᠦ ᠂  ᠵᠥᠷᠢᠴᠡᠯ ᠵᠠᠭᠤᠷᠠᠯᠳᠤᠭ᠋ᠠᠨ᠎ᠤ ᠲᠣᠭ᠎ᠠ ᠪᠠᠷᠢᠮᠲᠠ ᠵᠢᠨ ᠪᠦᠲᠦᠴᠡ᠎ᠳᠤ ᠵᠠᠳᠠᠯᠤᠯᠲᠠ ᠬᠢᠬᠦ ᠂  ᠣᠶᠤᠨᠴᠢ᠎ᠪᠠᠷ  ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ ᠂  ᠵᠥᠷᠢᠴᠡᠯ ᠵᠠᠭᠤᠷᠠᠯᠳᠤᠭ᠋ᠠᠨ᠎ᠤ ᠬᠥᠭᠵᠢᠯᠲᠡ ᠵᠢᠨ ᠪᠠᠢ᠌ᠳᠠᠯ᠎ᠢ ᠬᠥᠳᠡᠯᠦᠩᠭᠦᠢ᠎ᠪᠠᠷ ᠲᠤᠰᠬᠠᠵᠤ ᠂  ᠴᠠᠭ ᠲᠤᠬᠠᠢ᠎ᠳᠤᠨᠢ ᠰᠡᠷᠡᠮᠵᠢᠯᠡᠭᠦᠯᠭᠦ ᠂  ᠬᠥᠳᠡᠯᠦᠩᠭᠦᠢ᠎ᠪᠠᠷ ᠰᠤᠳᠤᠯᠤᠨ ᠮᠠᠭ᠋ᠠᠳᠯᠠᠬᠤ ᠂  ᠪᠦᠲᠦᠮᠵᠢᠲᠡᠢ ᠰᠢᠢ᠍ᠳᠪᠦᠷᠢᠯᠡᠬᠦ ᠵᠢ ᠪᠡᠶᠡᠯᠡᠭᠦᠯᠵᠦ ᠂  ᠪᠦᠭᠦ ᠡᠯᠧᠮᠧᠨ᠋ᠲ ᠵᠶ᠋ᠡᠷ ᠶᠡᠷᠦᠩᠬᠡᠢ᠌ᠯᠡᠨ ᠵᠠᠰᠠᠬᠤ ᠲᠥᠪ᠎ᠤᠨ ᠪᠣᠳᠠᠲᠤ ᠠᠵᠢᠯᠯᠠᠭ᠋ᠠᠨ᠎ᠤ ᠦᠷ᠎ᠡ ᠪᠦᠲᠦᠮᠵᠢ ᠵᠢ ᠲᠤᠯᠭ᠋ᠠᠭᠤᠷᠢᠯᠠᠪᠠ ᠃

ᠣᠢ᠌ᠷ᠎ᠠ ᠵᠢᠨ ᠵᠢᠯ᠎ᠤᠨ ᠲᠣᠰ ᠬᠣᠲᠠ ᠵᠢᠨ ᠵᠥᠷᠢᠴᠡᠯ ᠵᠠᠭᠤᠷᠠᠯᠳᠤᠭ᠋ᠠᠨ ᠠᠮᠠᠷᠬᠠᠨ ᠡᠭᠦᠰᠬᠦ ᠪᠠ ᠪᠠᠢ᠌ᠨ ᠳᠠᠭᠢᠨ ᠡᠭᠦᠰᠬᠦ ᠬᠦᠷᠢᠶᠡᠨ᠎ᠤ ᠲᠣᠭ᠎ᠠ ᠪᠦᠷᠢᠳᠬᠡᠯ᠎ᠤᠨ ᠵᠠᠳᠠᠯᠤᠯᠲᠠ ᠵᠢ ᠦᠨᠳᠦᠰᠦᠯᠡᠵᠦ ᠂  ᠦᠬᠠᠢ ᠬᠣᠲᠠ ᠵᠢᠨ ᠡᠯ᠎ᠡ ᠲᠣᠭᠣᠷᠢᠭ᠎ᠤᠨ ᠶᠡᠷᠦᠩᠬᠡᠢ᠌ᠯᠡᠨ ᠵᠠᠰᠠᠬᠤ ᠲᠥᠪ ᠤᠯᠤᠰ ᠲᠥᠷᠥ ᠬᠠᠤᠯᠢ ᠴᠠᠭ᠋ᠠᠵᠠ ᠵᠢᠨ ᠰᠠᠯᠠᠭ᠎ᠠ ᠮᠥᠴᠢᠷ᠎ᠢ ᠨᠡᠢ᠌ᠳᠬᠡᠬᠦ ᠵᠢᠨ ᠬᠠᠮᠲᠤ ᠂  ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠂  ᠡᠷᠡᠭᠦᠯ ᠬᠠᠮᠠᠭ᠋ᠠᠯᠠᠯ ᠡᠷᠡᠭᠦᠯ ᠮᠡᠨᠳᠦ ᠂  ᠡᠮᠡᠭᠲᠡᠢ᠌ᠴᠦᠳ᠎ᠤᠨ ᠬᠣᠯᠪᠤᠭ᠎ᠠ ᠂  ᠠᠵᠢᠯᠴᠢᠨ᠎ᠤ ᠡᠪᠯᠡᠯ ᠂  ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠤᠨ ᠡᠬᠢ ᠪᠠᠶᠠᠯᠢᠭ᠎ᠤᠨ ᠬᠦᠴᠦᠨ᠎ᠢ ᠶᠡᠷᠦᠩᠬᠡᠢ᠌ᠯᠡᠨ ᠵᠠᠰᠠᠬᠤ ᠲᠥᠪ᠎ᠲᠤ ᠲᠥᠪᠯᠡᠷᠡᠭᠦᠯᠦᠨ ᠠᠵᠢᠯᠯᠠᠭᠤᠯᠵᠤ ᠂  ᠣᠷᠣᠭ᠎ᠤᠨ ᠡᠶᠡᠳᠡᠭᠦᠯᠦᠯᠲᠡ ᠵᠢᠨ  ᠵᠥᠪᠯᠡᠯ ᠂  ᠵᠠᠮ ᠬᠠᠷᠢᠯᠴᠠᠭ᠋ᠠᠨ᠎ᠤ ᠡᠨᠳᠡᠯ᠎ᠢ ᠡᠶᠡᠳᠡᠭᠦᠯᠬᠦ ᠵᠥᠪᠯᠡᠯ ᠂  ᠠᠳᠠᠯ ᠠᠬᠤᠢ ᠵᠢᠨ ᠡᠶᠡᠳᠡᠭᠦᠯᠭᠡ ᠵᠢᠨ ᠵᠥᠪᠯᠡᠯ ᠵᠡᠷᠭᠡ ᠨᠢᠭᠡ ᠪᠦᠯᠦᠭ ᠲᠤᠰᠬᠠᠢ ᠮᠡᠷᠭᠡᠵᠢᠯ᠎ᠤᠨ ᠴᠢᠨᠠᠷᠲᠠᠢ ᠠᠵᠢᠯ ᠲᠥᠷᠥᠯ᠎ᠤᠨ ᠴᠢᠨᠠᠷᠲᠠᠢ ᠡᠶᠡᠳᠡᠭᠦᠯᠬᠦ ᠵᠣᠬᠢᠶᠠᠨ ᠪᠠᠢ᠌ᠭᠤᠯᠤᠯᠲᠠ ᠵᠢ ᠪᠣᠢ᠌ᠵᠢᠭᠤᠯᠵᠤ ᠂  ᠡᠭᠡᠯᠵᠢᠯᠡᠨ ᠰᠠᠭᠤᠬᠤ ᠂  ᠳᠠᠭᠤᠳᠠᠮᠠᠭᠴᠠ ᠢᠷᠡᠵᠤ ᠰᠠᠭᠤᠬᠤ ᠵᠡᠷᠭᠡ ᠠᠷᠭ᠎ᠠ ᠮᠠᠶᠢᠭ ᠵᠶ᠋ᠠᠷ ᠳᠡᠮᠵᠢᠨ ᠵᠥᠷᠢᠴᠡᠯ ᠵᠠᠭᠤᠷᠠᠯᠳᠤᠭ᠋ᠠᠨ᠎ᠢ ᠰᠢᠢ᠍ᠳᠪᠦᠷᠢᠯᠡᠬᠦ᠎ᠳᠤ ᠣᠷᠣᠯᠴᠠᠪᠠ ᠃  ᠡᠯ᠎ᠡ ᠪᠠᠯᠭ᠋ᠠᠰᠤ (ᠵᠡᠭᠡᠯᠢ ᠭᠤᠳᠤᠮᠵᠢ ) ᠵᠢᠨ  ᠤᠯᠤᠰ ᠲᠥᠷᠥ ᠬᠠᠤᠯᠢ ᠴᠠᠭ᠋ᠠᠵᠠ ᠵᠢᠨ ᠭᠡᠰᠢᠭᠦᠳ ᠨᠡᠢ᠌ᠭᠡᠮ᠎ᠤᠨ ᠵᠠᠰᠠᠯᠲᠠ ᠵᠢᠨ ᠠᠯᠪᠠᠨ ᠭᠡᠷ ᠂ 《ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ  ᠭᠠᠵᠠᠷ ᠂  ᠳᠣᠲᠣᠭ᠋ᠠᠳᠤ ᠵᠢ  ᠬᠠᠮᠠᠭ᠋ᠠᠯᠠᠬᠤ ᠲᠣᠮᠢᠯᠠᠭᠰᠠᠨ ᠰᠠᠯᠪᠤᠷᠢ ᠂  ᠬᠠᠤᠯᠢᠴᠢ ᠵᠢᠨ  ᠬᠡᠷᠡᠭ ᠡᠷᠭᠢᠯᠡᠭᠦ ᠭᠠᠵᠠᠷ ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ  ᠦᠢ᠍ᠯᠡᠴᠢᠯᠡᠭᠡᠨ᠎ᠤ ᠭᠠᠵᠠᠷ ᠪᠠ ᠠᠷᠠᠳ᠎ᠤᠨ ᠰᠢᠭᠦᠬᠦ  ᠲᠢᠩᠬᠢᠮ 》 ᠵᠡᠷᠭᠡ ᠡᠬᠢ ᠪᠠᠶᠠᠯᠢᠭ᠎ᠤᠨ ᠬᠦᠴᠦᠨ᠎ᠢ ᠨᠡᠢ᠌ᠳᠬᠡᠵᠦ ᠣᠯᠠᠨ ᠵᠦᠢ᠍ᠯ᠎ᠤᠨ ᠠᠷᠭ᠎ᠠ ᠭᠡᠯᠪᠡᠷᠢ᠎ᠪᠠᠷ ᠶᠡᠷᠦᠩᠬᠡᠢ᠌ᠯᠡᠨ ᠵᠠᠰᠠᠬᠤ ᠲᠥᠪ᠎ᠲᠤ ᠤᠶᠠᠨ ᠬᠠᠳᠠᠨ ᠴᠢᠨᠠᠷᠲᠠᠢ ᠣᠷᠣᠵᠤ ᠰᠠᠭᠤᠨ ᠂  ᠡᠯ᠎ᠡ ᠲᠥᠷᠥᠯ᠎ᠤᠨ ᠵᠥᠷᠢᠴᠡᠯ ᠵᠠᠭᠤᠷᠠᠯᠳᠤᠭ᠋ᠠᠨ ᠭᠣᠮᠣᠳᠠᠯ ᠲᠣᠭ᠋ᠠᠴᠢᠯᠲᠠ ᠵᠢ ᠲᠤᠬᠠᠢ ᠵᠢᠨ ᠲᠠᠯᠠᠪᠤᠷ᠎ᠲᠤ ᠰᠢᠢ᠍ᠳᠪᠦᠷᠢᠯᠡᠬᠦ ᠂  ᠬᠠᠮᠲᠤᠷᠠᠨ ᠡᠶᠡᠳᠡᠭᠦᠯᠦᠨ ᠰᠢᠢ᠍ᠳᠪᠦᠷᠢᠯᠡᠬᠦ ᠂  ᠦᠨᠡᠨ ᠪᠣᠳᠠᠲᠠᠢ ᠰᠢᠢ᠍ᠳᠪᠦᠷᠢᠯᠡᠬᠦ ᠵᠢ ᠪᠡᠶᠡᠯᠡᠭᠦᠯᠪᠡ ᠃  ᠲᠣᠰ ᠬᠣᠲᠠ ᠵᠢᠨ ᠲᠣᠭᠣᠷᠢᠭ᠎ᠤᠨ ᠲᠠᠰ᠎ᠤᠨ ᠶᠡᠷᠦᠩᠬᠡᠢ᠌ᠯᠡᠨ ᠵᠠᠰᠠᠬᠤ ᠲᠥᠪ ᠪᠦᠭᠦᠨ᠎ᠢ 《ᠲᠠᠪᠤᠨ ᠪᠠᠷᠢᠮᠵᠢᠶ᠎ᠠ 》᠎ᠪᠠᠷ  ᠪᠦᠲᠦᠭᠡᠨ ᠪᠠᠢ᠌ᠭᠤᠯᠬᠤ ᠵᠢᠨ ᠬᠠᠮᠲᠤ ᠂  ᠶᠡᠷᠦᠩᠬᠡᠢ᠌ᠯᠡᠨ ᠵᠠᠰᠠᠬᠤ ᠲᠥᠪ᠎ᠤᠨ ᠬᠠᠶᠢᠭ ᠪᠠ ᠬᠠᠷᠢᠯᠴᠠᠬᠤ ᠠᠷᠭ᠎ᠠ ᠭᠡᠯᠪᠡᠷᠢ ᠵᠢ ᠣᠯᠠᠨ ᠠᠷᠭ᠎ᠠ ᠵᠠᠮ ᠵᠶ᠋ᠠᠷ ᠨᠡᠢ᠌ᠲᠡᠯᠡᠵᠦ ᠂  ᠪᠦᠭᠦᠨ᠎ᠢ ᠭᠠᠵᠠᠷ᠎ᠤᠨ ᠵᠢᠷᠤᠭ᠎ᠤᠨ ᠵᠠᠮᠴᠢᠯᠠᠭᠤᠷ ᠳᠡᠭᠡᠷ᠎ᠡ ᠣᠷᠣᠨ ᠪᠠᠢ᠌ᠷᠢ ᠵᠢᠨ ᠮᠡᠳᠡᠭᠡ ᠵᠠᠩᠭᠢ᠎ᠪᠠᠨ ᠰᠢᠨᠡᠳᠬᠡᠵᠦ ᠂  ᠠᠷᠪᠠᠨ ᠲᠠᠪᠤᠨ ᠮᠢᠨᠦ᠋ᠲ᠎ᠤᠨ ᠶᠡᠷᠦᠩᠬᠡᠢ᠌ᠯᠡᠨ ᠵᠠᠰᠠᠬᠤ ᠲᠥᠪ᠎ᠤᠨ ᠳᠥᠭᠦᠮ ᠳᠥᠲᠡ ᠦᠢ᠍ᠯᠡᠴᠢᠯᠡᠭᠡᠨ᠎ᠤ ᠲᠣᠭᠣᠷᠢᠭ᠎ᠢ ᠪᠤᠶ ᠪᠣᠯᠭ᠋ᠠᠪᠠ ᠃ 《ᠶᠡᠷᠦᠩᠬᠡᠢ᠌ᠯᠡᠨ ᠵᠠᠰᠠᠬᠤ ᠲᠥᠪ᠎ᠨᠢ ᠲᠠᠰ ᠳᠠᠷᠠᠭ᠋ᠠᠯᠠᠯ᠎ᠤᠨ ᠴᠢᠨᠠᠷᠲᠠᠢ ᠠᠬᠢᠭᠤᠯᠬᠤ ᠵᠢ ᠬᠠᠷᠢᠭᠤᠴᠠᠬᠤ ᠂  ᠭᠦᠢ᠍ᠴᠡᠳᠬᠡᠬᠦ ᠰᠠᠯᠠᠭ᠎ᠠ ᠮᠥᠴᠢᠷ᠎ᠨᠢ ᠮᠥᠨ ᠴᠢᠨᠠᠷ᠎ᠤᠨ ᠴᠢᠨᠠᠷᠲᠠᠢ ᠰᠢᠢ᠍ᠳᠪᠦᠷᠢᠯᠡᠬᠦ ᠵᠢ ᠬᠠᠷᠢᠭᠤᠴᠠᠬᠤ 》 ᠵᠠᠷᠴᠢᠮ᠎ᠢ  ᠪᠠᠷᠢᠮᠲᠠᠯᠠᠵᠤ ᠂  ᠵᠢᠯᠣᠭᠣᠳᠤᠨ ᠲᠣᠬᠢᠷᠠᠭᠤᠯᠬᠤ ᠂  ᠳᠡᠭᠡᠷ᠎ᠡ ᠱᠠᠲᠤᠨ᠎ᠠᠴᠠ ᠲᠤᠰᠢᠶᠠᠨ ᠰᠢᠢ᠍ᠳᠪᠦᠷᠢᠯᠡᠭᠦᠯᠬᠦ ᠪᠠ ᠳᠣᠣᠷ᠎ᠠ ᠱᠠᠲᠤᠨ᠎ᠠᠴᠠ ᠳᠡᠭᠡᠭᠰᠢ ᠮᠡᠳᠡᠭᠦᠯᠬᠦ ᠂  ᠶᠡᠷᠦᠩᠬᠡᠢ᠌ᠯᠡᠨ ᠵᠠᠰᠠᠬᠤ ᠲᠥᠪ ᠬᠢᠭᠡᠳ ᠣᠷᠣᠵᠤ ᠰᠠᠭᠤᠭᠰᠠᠨ ᠰᠠᠯᠠᠭ᠎ᠠ ᠮᠥᠴᠢᠷ᠎ᠤᠨ ᠲᠤᠬᠠᠢ᠌ᠯᠠᠭᠰᠠᠨ ᠠᠵᠢᠯ᠎ᠢ ᠬᠠᠮᠵᠢᠯᠴᠠᠨ ᠵᠣᠯᠭ᠋ᠠᠭᠤᠯᠬᠤ ᠵᠡᠷᠭᠡ ᠠᠯᠢ ᠣᠯᠠᠨ ᠠᠵᠢᠯᠯᠠᠭ᠋ᠠᠨ᠎ᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ ᠂  ᠭᠥᠯᠢᠶᠡᠨ ᠠᠪᠴᠤ ᠰᠢᠢ᠍ᠳᠪᠦᠷᠢᠯᠡᠬᠦ ᠵᠦᠢ᠍ᠯᠡᠰ᠎ᠢ ᠲᠥᠷᠥᠯ ᠬᠤᠪᠢᠶᠠᠨ ᠳᠠᠩᠰᠠ ᠭᠠᠷᠭ᠋ᠠᠬᠤ ᠵᠢᠨ ᠬᠠᠮᠲᠤ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠲᠤ ᠲᠤᠰᠢᠶᠠᠵᠤ ᠪᠦᠭᠦ ᠶᠠᠪᠤᠴᠠ᠎ᠪᠠᠷ ᠮᠥᠷᠳᠡᠨ ᠱᠠᠯᠠᠪᠳᠠᠭᠤᠯᠪᠠ ᠃

ᠦᠬᠠᠢ ᠬᠣᠲᠠ ᠪᠠᠰᠠ ᠲᠣᠣᠷᠵᠢᠯ᠎ᠤᠨ 《ᠵᠢᠭᠰᠠᠭ᠋ᠠᠨ ᠪᠠᠢ᠌ᠴᠠᠭ᠋ᠠᠯᠲᠠ 》᠂  ᠲᠣᠰᠬᠣᠨ ᠨᠡᠢ᠌ᠭᠡᠮ ᠲᠣᠭᠣᠷᠢᠭ᠎ᠤᠨ 《ᠠᠩᠬᠠᠨ᠎ᠤ ᠡᠶᠡᠳᠡᠭᠦᠯᠭᠡ 》᠂  ᠪᠠᠯᠭ᠋ᠠᠰᠤ ᠵᠡᠭᠡᠯᠢ ᠭᠤᠳᠤᠮᠵᠢ ᠵᠢᠨ 《ᠬᠤᠷᠠᠯ᠎ᠤᠨ ᠡᠶᠡᠳᠡᠭᠦᠯᠭᠡ 》᠂  ᠬᠣᠲᠠ ᠲᠣᠭᠣᠷᠢᠭ᠎ᠤᠨ 《ᠬᠠᠮᠲᠤᠷᠠᠭᠰᠠᠨ ᠡᠶᠡᠳᠡᠭᠦᠯᠭᠡ 》 ᠵᠡᠷᠭᠡ ᠳᠥᠷᠪᠡᠨ ᠱᠠᠲᠤᠨ᠎ᠤ ᠵᠥᠷᠢᠴᠡᠯ ᠵᠠᠭᠤᠷᠠᠯᠳᠤᠭ᠋ᠠᠨ᠎ᠢ ᠬᠠᠮᠲᠤᠷᠠᠨ ᠡᠶᠡᠳᠡᠭᠦᠯᠦᠨ ᠰᠢᠢ᠍ᠳᠪᠦᠷᠢᠯᠡᠬᠦ ᠵᠠᠭᠪᠤᠷ᠎ᠢ ᠢᠳᠡᠪᠬᠢᠲᠡᠢ ᠬᠡᠷᠡᠭᠵᠢᠭᠦᠯᠵᠦ ᠂ 《ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ  ᠭᠠᠵᠠᠷ ᠂  ᠳᠣᠲᠣᠭ᠋ᠠᠳᠤ ᠵᠢ  ᠬᠠᠮᠠᠭ᠋ᠠᠯᠠᠬᠤ ᠲᠣᠮᠢᠯᠠᠭᠰᠠᠨ ᠰᠠᠯᠪᠤᠷᠢ ᠂  ᠬᠠᠤᠯᠢᠴᠢ ᠵᠢᠨ  ᠬᠡᠷᠡᠭ ᠡᠷᠭᠢᠯᠡᠭᠦ ᠭᠠᠵᠠᠷ ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ  ᠦᠢ᠍ᠯᠡᠴᠢᠯᠡᠭᠡᠨ᠎ᠤ ᠭᠠᠵᠠᠷ ᠪᠠ ᠠᠷᠠᠳ᠎ᠤᠨ ᠰᠢᠭᠦᠬᠦ  ᠲᠢᠩᠬᠢᠮ 》᠂ 《ᠰᠠᠯᠪᠤᠷᠢ ᠬᠣᠯᠪᠣᠭ᠋ᠠᠯᠠᠭᠰᠠᠨ 》᠂ 《ᠴᠠᠭᠳᠠᠭ᠎ᠠ ᠨᠡᠢ᠌ᠭᠡᠮ᠎ᠤᠨ᠎ᠬᠢᠨ ᠬᠣᠯᠪᠤᠭ᠋ᠠᠯᠠᠨ ᠬᠥᠳᠡᠯᠦᠯᠴᠡᠭᠰᠡᠨ 》 ᠬᠠᠮᠵᠢᠯᠴᠠᠬᠤ ᠲᠣᠭᠲᠠᠴᠠ ᠵᠢ ᠲᠡᠭᠦᠯᠳᠡᠷᠵᠢᠭᠦᠯᠵᠦ ᠂  ᠵᠠᠭ᠋ᠠᠯᠳᠤᠯᠭ᠎ᠠ᠎ᠪᠠᠷ ᠲᠠᠮᠵᠢᠨ ᠡᠶᠡᠳᠡᠭᠦᠯᠬᠦ ᠂  ᠴᠠᠭᠳᠠᠭ᠎ᠠ ᠵᠢᠨ  ᠲᠠᠯ᠎ᠠ᠎ᠠᠴᠠ ᠡᠶᠡᠳᠡᠭᠦᠯᠬᠦ ᠂  ᠪᠠᠢ᠌ᠴᠠᠭ᠋ᠠᠬᠤ ᠬᠣᠷᠢᠶ᠎ᠠ᠎ᠠᠴᠠ ᠡᠶᠡᠳᠡᠭᠦᠯᠬᠦ ᠂  ᠬᠥᠨᠳᠡᠯᠡᠨ᠎ᠠᠴᠠ ᠲᠠᠰᠤᠯᠬᠤ ᠭᠠᠵᠠᠷ᠎ᠠᠴᠠ ᠡᠶᠡᠳᠡᠭᠦᠯᠬᠦ ᠂  ᠠᠷᠠᠳ᠎ᠤᠨ ᠡᠶᠡᠳᠡᠭᠦᠯᠬᠦ ᠵᠥᠪᠯᠡᠯ᠎ᠠᠴᠠ ᠡᠶᠡᠳᠡᠭᠦᠯᠬᠦ ᠂  ᠵᠠᠬᠢᠳᠠᠯ ᠰᠤᠷᠪᠤᠯᠵᠢᠯᠠᠯ ᠵᠶ᠋ᠡᠷ ᠲᠠᠮᠵᠢᠨ ᠡᠶᠡᠳᠡᠭᠦᠯᠬᠦ 《ᠵᠢᠷᠭᠤᠭ᠋ᠠᠨ ᠡᠶᠡᠳᠡᠭᠦᠯᠭᠡ 》 ᠵᠢ  ᠬᠠᠮᠲᠤᠷᠠᠨ ᠬᠢᠬᠦ ᠵᠢ ᠭᠦᠨᠵᠡᠭᠡᠢ᠌ᠷᠡᠭᠦᠯᠵᠦ ᠂ 《ᠬᠥᠷᠰᠢ ᠵᠡᠷᠭᠡᠯᠡᠳᠡᠭᠡ ᠵᠢᠨ ᠬᠡᠷᠡᠭ ᠡᠷᠭᠢᠯᠡᠭᠴᠢᠳ᠎ᠤᠨ ᠳᠠᠷᠤᠭ᠎ᠠ 》 ᠵᠡᠷᠭᠡ ᠣᠨᠴᠠᠯᠢᠭ᠎ᠲᠠᠢ ᠡᠶᠡᠳᠡᠭᠦᠯᠬᠦ ᠲᠦᠷᠦᠯ ᠲᠡᠮᠳᠡᠭ᠎ᠢ 38 ᠪᠤᠶ ᠪᠤᠯᠭ᠋ᠠᠵᠤ ᠂  ᠵᠥᠷᠢᠴᠡᠯ ᠵᠠᠭᠤᠷᠠᠯᠳᠤᠭ᠋ᠠᠨ᠎ᠢ ᠠᠯᠢ ᠴᠢᠳᠠᠬᠤ᠎ᠪᠠᠷ  ᠵᠢᠭᠰᠠᠭ᠋ᠠᠨ ᠂  ᠠᠯᠢ ᠴᠢᠳᠠᠬᠤ᠎ᠪᠠᠷ  ᠲᠣᠬᠢᠷᠠᠭᠤᠯᠬᠤ ᠵᠢ  ᠪᠦᠭᠦ ᠬᠦᠴᠦᠨ ᠵᠶ᠋ᠡᠷ ᠵᠶ᠋ᠡᠨ ᠠᠬᠢᠭᠤᠯᠪᠠ ᠃  ᠡᠨᠡ ᠵᠢᠯ᠎ᠠᠴᠠ ᠨᠠᠭ᠋ᠠᠰᠢ ᠂  ᠡᠯ᠎ᠡ ᠱᠠᠲᠤᠨ᠎ᠤ ᠶᠡᠷᠦᠩᠬᠡᠢ᠌ᠯᠡᠨ ᠵᠠᠰᠠᠬᠤ ᠲᠥᠪ ᠨᠡᠢ᠌ᠲᠡ 2695 ᠵᠥᠷᠢᠴᠡᠯ ᠵᠠᠭᠤᠷᠠᠯᠳᠤᠭ᠋ᠠᠨ᠎ᠢ ᠭᠥᠯᠢᠶᠡᠨ ᠠᠪᠴᠤ ᠰᠢᠢ᠍ᠳᠪᠦᠷᠢᠯᠡᠨ ᠂ 2608 ᠬᠡᠷᠡᠭ᠎ᠢ ᠠᠮᠵᠢᠯᠲᠠ᠎ᠲᠠᠢ ᠡᠶᠡᠳᠡᠭᠦᠯᠵᠦ ᠂  ᠠᠮᠵᠢᠯᠲᠠ᠎ᠲᠠᠢ ᠡᠶᠡᠳᠡᠭᠦᠯᠦᠭᠰᠡᠨ ᠨᠣᠷᠮ᠎ᠠ 97%᠎ᠳᠤ ᠬᠦᠷᠴᠡᠢ ᠃  ᠡᠭᠦᠨ᠎ᠤ ᠬᠠᠮᠲᠤ ᠂ 《ᠲᠣᠣᠷᠵᠢᠯ᠎ᠤᠨ ᠨᠠᠮ᠎ᠤᠨ ᠪᠠᠭ᠎ᠠ ᠳᠤᠭᠤᠢ᠌ᠯᠠᠩ + ᠲᠤᠰᠬᠠᠢ ᠲᠤᠰᠢᠶᠠᠯᠲᠤ ᠲᠣᠣᠷᠵᠢᠯ᠎ᠤᠨ ᠠᠵᠢᠯᠲᠠᠨ + ᠠᠰᠠᠷ (ᠨᠢᠭᠡᠴᠢ ᠂  ᠡᠷᠦᠭᠡ ᠬᠣᠯᠪᠣᠭ᠋ᠠᠯᠠᠭᠰᠠᠨ )᠎ᠤᠨ  ᠳᠠᠷᠤᠭ᠎ᠠ 》 ᠵᠢᠨ  ᠦᠨᠳᠦᠰᠦᠨ ᠱᠠᠲᠤᠨ᠎ᠤ ᠪᠢᠴᠢᠯ ᠵᠠᠰᠠᠯᠲᠠ ᠵᠢᠨ 《ᠭᠤᠷᠪᠠᠯᠵᠢᠨ ᠬᠣᠯᠪᠣᠭ᠋ᠠᠰᠤ》 ᠵᠢ  ᠦᠷᠭᠦᠯᠵᠢᠯᠡᠨ ᠭᠦᠨᠵᠡᠭᠡᠢ᠌ᠷᠡᠭᠦᠯᠵᠦ ᠂  ᠲᠣᠣᠷᠵᠢᠯ᠎ᠤᠨ ᠨᠠᠮ᠎ᠤᠨ ᠪᠠᠭ᠎ᠠ ᠳᠤᠭᠤᠢ᠌ᠯᠠᠩ᠎ᠢ 390 ᠪᠠᠢ᠌ᠭᠤᠯᠵᠤ ᠂  ᠲᠤᠰᠬᠠᠢ ᠲᠤᠰᠢᠶᠠᠯᠲᠤ ᠲᠣᠣᠷᠵᠢᠯ᠎ᠤᠨ ᠠᠵᠢᠯᠲᠠᠨ᠎ᠢ 554 ᠲᠣᠬᠢᠷᠠᠭᠤᠯᠵᠤ ᠂  ᠠᠰᠠᠷ (ᠨᠢᠭᠡᠴᠢ ᠂  ᠡᠷᠦᠭᠡ ᠬᠣᠯᠪᠣᠭ᠋ᠠᠯᠠᠭᠰᠠᠨ )᠎ᠤᠨ ᠳᠠᠷᠤᠭ᠎ᠠ ᠵᠢ 4049 ᠰᠣᠩᠭᠣᠨ ᠭᠠᠷᠭ᠋ᠠᠵᠤ ᠂  ᠦᠨᠳᠦᠰᠦᠨ ᠱᠠᠲᠤᠨ᠎ᠤ ᠡᠯ᠎ᠡ ᠲᠥᠷᠥᠯ᠎ᠤᠨ ᠵᠥᠷᠢᠴᠡᠯ ᠵᠠᠭᠤᠷᠠᠯᠳᠤᠭ᠋ᠠᠨ᠎ᠢ ᠪᠦᠭᠦ ᠲᠠᠯ᠎ᠠ᠎ᠪᠠᠷ ᠭᠦᠨᠵᠡᠭᠡᠢ ᠪᠠᠢ᠌ᠴᠠᠭ᠋ᠠᠨ ᠰᠢᠢ᠍ᠳᠪᠦᠷᠢᠯᠡᠵᠦ ᠂  ᠦᠨᠳᠦᠰᠦᠨ ᠱᠠᠲᠤᠨ᠎ᠤ ᠠᠮᠤᠷ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ 《ᠨᠢᠭᠡᠳᠦᠭᠡᠷ ᠰᠡᠷᠭᠡᠢ᠌ᠯᠡᠯᠲᠡ ᠵᠢᠨ ᠱᠤᠭᠤᠮ 》 ᠎ᠢ ᠬᠦᠴᠦᠲᠡᠢ ᠪᠠᠲᠤ ᠰᠠᠬᠢᠪᠠ ᠃

ᠨᠢᠭᠡᠯᠡ ᠭᠠᠵᠠᠷ᠎ᠲᠤ  ᠲᠦᠮᠡᠨ ᠡᠷᠦᠭᠡ ᠵᠢᠨ ᠶᠠᠪᠤᠳᠠᠯ᠎ᠢ ᠰᠢᠢ᠍ᠳᠪᠦᠷᠢᠯᠡᠨ᠎ᠡ ᠃  ᠡᠳᠦᠭᠡ ᠦᠬᠠᠢ ᠬᠣᠲᠠ ᠂  ᠶᠡᠷᠦᠩᠬᠡᠢ᠌ᠯᠡᠨ ᠵᠠᠰᠠᠬᠤ ᠲᠥᠪ᠎ᠢ ᠶᠠᠭ ᠪᠦᠭᠦ ᠬᠦᠴᠦᠨ ᠵᠶ᠋ᠡᠷ ᠵᠶ᠋ᠡᠨ 《ᠰᠡᠳᠬᠢᠯ᠎ᠢ ᠳᠤᠯᠠᠭ᠋ᠠᠴᠠᠭᠤᠯᠬᠤ ᠥᠷᠲᠡᠭᠡ 》᠂  ᠵᠥᠷᠢᠴᠡᠯ᠎ᠤᠨ 《ᠡᠴᠦᠰ᠎ᠤᠨ ᠥᠷᠲᠡᠭᠡ 》᠂  ᠠᠮᠤᠷ ᠠᠮᠤᠭᠤᠯᠠᠩᠲᠤ 《ᠰᠠᠬᠢᠨ ᠬᠠᠮᠠᠭ᠋ᠠᠯᠠᠬᠤ ᠥᠷᠲᠡᠭᠡ 》 ᠪᠣᠯᠭ᠋ᠠᠨ ᠪᠦᠲᠦᠭᠡᠨ ᠪᠠᠢ᠌ᠭᠤᠯᠵᠤ ᠂  ᠶᠡᠷᠦᠩᠬᠡᠢ᠌ᠯᠡᠨ ᠵᠠᠰᠠᠬᠤ ᠲᠥᠪ᠎ᠢ ᠵᠢᠷᠤᠮᠵᠢᠭᠤᠯᠬᠤ  ᠪᠠᠢ᠌ᠭᠤᠯᠤᠯᠲᠠ᠎ᠪᠠᠷ ᠠᠮᠤᠷ ᠠᠮᠤᠭᠤᠯᠠᠩᠲᠤ ᠦᠬᠠᠢ ᠂  ᠬᠠᠤᠯᠢ᠎ᠪᠠᠷ ᠵᠠᠰᠠᠬᠤ ᠦᠬᠠᠢ ᠵᠢ ᠪᠠᠢ᠌ᠭᠤᠯᠬᠤ᠎ᠳᠤ ᠬᠦᠴᠦᠨ ᠨᠡᠮᠡᠷᠢᠯᠡᠵᠦ ᠪᠤᠢ ᠃

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ