ᠲᠦᠷᠦᠭᠦᠬᠡᠨ ᠂ ᠪᠠᠷᠠᠭᠤᠨ ᠦᠵᠦᠮᠦᠴᠢᠨ ᠬᠣᠰᠢᠭᠤᠨ᠎ᠤ 1050MW/4200MWh ᠠᠭ᠋ᠠᠷ᠎ᠢ ᠳᠠᠷᠤᠰᠢᠭᠤᠯᠤᠨ ᠡᠨᠧᠷᠭᠢ ᠨᠥᠭᠡᠴᠡᠯᠡᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠎ᠤᠨ ᠠᠵᠢᠯ᠎ᠢ ᠡᠬᠢᠯᠡᠭᠦᠯᠪᠡ᠃ ᠲᠣᠰ ᠲᠥᠷᠥᠯ ᠵᠦᠢ᠍ᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠸ᠋ ᠪᠦᠯᠦᠭ᠎ᠤᠨ ᠵᠠᠭᠤᠨ ᠲᠦᠮᠡᠨ ᠺᠢᠯᠣᠸᠠᠲ᠎ᠤᠨ ᠲᠠᠰ᠎ᠤᠨ ᠡᠨᠧᠷᠭᠢ ᠨᠥᠭᠡᠴᠡᠯᠡᠬᠦ ᠲᠥᠷᠥᠯ ᠵᠦᠢ᠍ᠯ ᠪᠣᠯᠤᠭᠰᠠᠨ᠎ᠤ ᠬᠤᠪᠢ᠎ᠳᠤ᠂ ᠨᠡᠶ᠋ᠢᠲᠡ 74 ᠳ᠋ᠦᠩᠰᠢᠭᠤᠷ ᠲᠥᠭᠥᠷᠢᠭ᠎ᠤᠨ ᠪᠡᠯᠡ ᠣᠷᠤᠭᠤᠯᠤᠯᠲᠠ᠎ᠲᠠᠢ ᠪᠠᠢ᠌ᠵᠤ᠂ ᠲᠥᠷᠥᠯ ᠵᠦᠢ᠍ᠯ ᠪᠠᠢ᠌ᠭᠤᠯᠤᠭᠳᠠᠭ᠋ᠠᠳ ᠳᠠᠭᠤᠰᠪᠠᠯ᠂ ᠵᠢᠱ᠌ᠢᠯᠲᠡ᠎ᠪᠠᠷ ᠪᠥᠬᠥ ᠠᠮᠢ ᠨᠠᠰᠤᠨ᠎ᠤ ᠦᠶᠡᠯᠡᠯ᠎ᠳᠤ᠎ᠪᠠᠨ ᠪᠠᠷᠠᠭᠤᠨ ᠦᠵᠦᠮᠦᠴᠢᠨ ᠬᠣᠰᠢᠭᠤᠨ᠎ᠳᠤ ᠪᠠᠷᠤᠭ 13 ᠳ᠋ᠦᠩᠰᠢᠭᠤᠷ ᠲᠥᠭᠥᠷᠢᠭ᠎ᠤᠨ ᠭᠠᠢ᠌ᠯᠢ ᠵᠢᠨ ᠵᠣᠭᠣᠰ ᠲᠤᠰᠢᠶᠠᠵᠤ᠂ ᠬᠠᠷᠢᠶᠠᠲᠤ ᠣᠷᠣᠨ᠎ᠤ ᠠᠵᠤ ᠠᠬᠤᠢ ᠵᠢᠨ ᠬᠥᠭᠵᠢᠯᠲᠡ ᠵᠢ ᠪᠦᠲᠦᠮᠵᠢᠲᠡᠶ ᠳᠡᠮᠵᠢᠬᠦ ᠪᠣᠯᠣᠨ᠎ᠠ᠃