ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠪᠤᠭᠤᠲᠤ ᠵᠢᠨ ᠮᠠᠢ᠌ᠳᠠᠷᠢ ᠤᠰᠤ ᠲᠠᠲᠠᠵᠤ ᠡᠨᠧᠷᠭᠢ ᠨᠥᠭᠡᠴᠡᠯᠡᠬᠦ ᠴᠠᠬᠢᠯᠭ᠋ᠠᠨ ᠥᠷᠲᠡᠭᠡ ᠵᠥᠪᠰᠢᠶᠡᠷᠡᠭᠳᠡᠪᠡ
ᠨᠡᠶ᠋ᠢᠲᠡᠯᠡᠭᠰᠡᠨ ᠴᠠᠭ᠄ 2025-07-02


ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠡᠨᠧᠷᠭᠢ ᠵᠢᠨ ᠲᠣᠪᠴᠢᠶᠠᠨ᠎ᠠᠴᠠ ᠣᠢ᠌ᠯᠠᠭ᠋ᠠᠭᠰᠠᠨ ᠵᠢᠡᠷ᠂ ᠪᠤᠭᠤᠲᠤ ᠵᠢᠨ  ᠮᠠᠢ᠌ᠳᠠᠷᠢ  ᠤᠰᠤ ᠲᠠᠲᠠᠵᠤ ᠡᠨᠧᠷᠭᠢ ᠨᠥᠭᠡᠴᠡᠯᠡᠬᠦ ᠴᠠᠬᠢᠯᠭ᠋ᠠᠨ ᠦᠷᠳᠡᠬᠡ ᠣᠢ᠌ᠷ᠎ᠠ ᠵᠢᠨ ᠡᠳᠦᠷ᠎ᠲᠤ  ᠬᠢᠨᠠᠨ ᠵᠥᠪᠰᠢᠶᠡᠷᠡᠭᠳᠡᠭᠰᠡᠨ ᠴᠣᠬᠣᠯᠠᠪᠤᠷᠢ ᠣᠯᠣᠭᠰᠠᠨ᠎ᠨᠢ ᠮᠠᠨ᠎ᠤ ᠣᠷᠣᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠬᠦ ᠲᠠᠯ᠎ᠠ᠎ᠪᠠᠷ ᠴᠢᠬᠤᠯᠠ ᠨᠢᠭᠡ ᠠᠯᠬᠤᠮ ᠠᠯᠬᠤᠭᠰᠠᠨ᠎ᠢ ᠬᠠᠷᠠᠭᠤᠯᠵᠤ ᠪᠠᠢ᠌ᠨ᠎ᠠ᠃

ᠮᠠᠢ᠌ᠳᠠᠷᠢ  ᠤᠰᠤ ᠲᠠᠲᠠᠵᠤ ᠡᠨᠧᠷᠭᠢ ᠨᠥᠭᠡᠴᠡᠯᠡᠬᠦ ᠲᠦᠷᠦᠯ ᠵᠦᠢ᠍ᠯ᠎ᠨᠢ ᠪᠤᠭᠤᠲᠤ ᠬᠤᠳᠠ ᠵᠢᠨ ᠲᠦᠮᠡᠳ ᠪᠠᠷᠠᠭᠤᠨ ᠬᠣᠰᠢᠭᠤᠨ᠎ᠤ ᠬᠢᠯᠢ᠎ᠳᠤ ᠪᠠᠢ᠌ᠷᠢᠯᠠᠨ᠎ᠠ᠂   ᠶᠡᠷᠦᠩᠬᠡᠢ ᠪᠡᠯᠡ ᠣᠷᠣᠭᠤᠯᠤᠯᠲᠠ ᠎ᠨᠢ 82 ᠳ᠋ᠦᠩᠰᠢᠭᠤᠷ ᠲᠥᠭᠥᠷᠢᠭ᠎ᠲᠤ ᠬᠦᠷᠴᠦ᠂ ᠪᠦᠲᠦᠭᠡᠨ ᠪᠠᠶ᠋ᠢᠭᠤᠯᠬᠤ  ᠬᠡᠪᠴᠢᠶᠡᠵᠢᠯ ᠎ᠨᠢ 120 ᠲᠦᠮᠡᠨ ᠺᠢᠯᠣᠸᠠᠲ ᠪᠣᠯᠣᠨ᠎ᠠ᠂ 30 ᠲᠦᠮᠡᠨ ᠺᠢᠯᠣᠸᠠᠲ᠎ᠤᠨ ᠰᠥᠷᠭᠡᠦ ᠬᠡᠯᠪᠡᠷᠢ ᠵᠢᠨ ᠤᠰᠤᠨ ᠬᠥᠭᠡᠷᠭᠡ ᠵᠢᠨ ᠤᠰᠤᠨ ᠲᠦᠷᠪᠢᠨ᠎ᠢ 4  ᠰᠠᠭᠤᠷᠢ  ᠤᠭᠰᠠᠷᠠᠵᠤ᠂ ᠵᠠᠯᠭ᠋ᠠᠭ᠎ᠠ᠎ᠪᠠᠷ ᠬᠠᠮᠤᠭ᠎ᠤᠨ ᠶᠡᠬᠡ ᠴᠢᠳᠠᠮᠵᠢ᠎ᠲᠠᠢ ᠴᠠᠬᠢᠯᠭ᠋ᠠᠨ ᠭᠠᠷᠭ᠋ᠠᠬᠤ᠎ᠳᠤ 6 ᠴᠠᠭ ᠬᠡᠷᠡᠭᠰᠡᠵᠦ᠂ 2025 ᠣᠨ᠎ᠠᠴᠠ ᠡᠬᠢᠯᠡᠨ ᠪᠦᠲᠦᠭᠡᠨ ᠪᠠᠢ᠌ᠭᠤᠯᠵᠤ᠂ 2032 ᠣᠨ᠎ᠳᠤ ᠪᠠᠢ᠌ᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ ᠪᠤᠢ᠃ ᠲᠣᠰ ᠴᠠᠬᠢᠯᠭ᠋ᠠᠨ ᠥᠷᠲᠡᠭᠡ ᠪᠠᠢ᠌ᠭᠤᠯᠤᠭᠳᠠᠭᠰᠠᠨ᠎ᠤ ᠳᠠᠷᠠᠭ᠎ᠠ  ᠂ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠠᠬᠢᠯᠭ᠋ᠠᠨ  ᠬᠦᠴᠦᠨ᠎ᠤ  ᠲᠣᠣᠷ᠎ᠤᠨ ᠣᠷᠭᠢᠯ  ᠬᠡᠮᠵᠢᠭᠳᠡᠯ᠎ᠢ ᠲᠣᠬᠢᠷᠠᠭᠤᠯᠬᠤ  ᠂  ᠴᠠᠬᠢᠯᠭ᠋ᠠᠨ ᠬᠡᠷᠡᠭᠯᠡᠬᠦ ᠳᠣᠣᠷ᠎ᠠ ᠬᠡᠮᠵᠢᠭᠳᠡᠯ᠎ᠤᠨ ᠦᠶᠡᠰ᠎ᠲᠤ  ᠴᠠᠬᠢᠯᠭ᠋ᠠᠨ ᠴᠡᠨᠡᠭᠯᠡᠬᠦ ᠂  ᠴᠠᠬᠢᠯᠭ᠋ᠠᠨ ᠬᠡᠷᠡᠭᠯᠡᠬᠦ ᠤᠳᠠᠭ᠎ᠠ ᠲᠣᠭ᠎ᠠ ᠵᠢ ᠲᠣᠬᠢᠷᠠᠭᠤᠯᠬᠤ ᠵᠡᠷᠭᠡ ᠡᠭᠦᠷᠭᠡ ᠵᠢ ᠡᠭᠦᠷᠭᠡᠯᠡᠨ᠂ ᠴᠠᠬᠢᠯᠭ᠋ᠠᠨ  ᠬᠦᠴᠦᠨ᠎ᠤ  ᠲᠣᠣᠷ᠎ᠤᠨ ᠠᠮᠤᠷ ᠲᠦᠪᠰᠢᠨ ᠲᠣᠭᠲᠠᠭᠤᠨ ᠵᠶ᠋ᠠᠷ ᠠᠵᠢᠯᠯᠠᠬᠤ ᠵᠢ ᠦᠨᠡᠨ ᠬᠦ᠌ ᠪᠠᠲᠤᠯᠠᠬᠤ ᠪᠣᠯᠣᠨ᠎ᠠ᠃

ᠣᠢ᠌ᠯᠠᠭ᠋ᠠᠭᠰᠠᠨ ᠵᠶ᠋ᠠᠷ  ᠂ ᠡᠨᠡ ᠵᠢᠯ᠎ᠤᠨ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠮᠠᠨ᠎ᠤ ᠣᠷᠣᠨ᠎ᠳᠤ ᠨᠢᠭᠡᠨᠲᠡ ᠬᠥᠬᠡᠬᠣᠲᠠ  ᠂ ᡁᠢ ᠷᠦᠢ  ᠂ ᠦᠬᠠᠢ᠂ ᠨᠡᠷᠡᠲᠦ ᠭᠤᠤ᠂  ᠮᠠᠢ᠌ᠳᠠᠷᠢ  ᠵᠡᠷᠭᠡ ᠤᠰᠤ ᠲᠠᠲᠠᠵᠤ ᠡᠨᠧᠷᠭᠢ ᠨᠥᠭᠡᠴᠡᠯᠡᠬᠦ 5 ᠲᠥᠷᠥᠯ ᠵᠦᠢ᠍ᠯ ᠬᠢᠨᠠᠨ ᠵᠥᠪᠰᠢᠶᠡᠷᠡᠭᠳᠡᠵᠦ᠂ ᠬᠢᠨᠠᠨ ᠵᠥᠪᠰᠢᠶᠡᠷᠡᠭᠳᠡᠭᠰᠡᠨ ᠪᠦᠲᠦᠭᠡᠨ ᠪᠠᠢ᠌ᠭᠤᠯᠤᠯᠲᠠ ᠵᠢᠨ  ᠬᠡᠪᠴᠢᠶᠡᠵᠢᠯ᠎ᠨᠢ  ᠨᠡᠮᠡᠭᠳᠡᠭᠡᠳ 600 ᠲᠦᠮᠡᠨ ᠺᠢᠯᠣᠸᠠᠲ᠎ᠲᠤ ᠬᠥᠷᠪᠡ᠃

 


ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ