ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠲᠦᠩᠯᠢᠶᠣᠣ ᠬᠣᠲᠠ ᠡᠪᠡᠳᠬᠡᠯ ᠦᠭᠡᠢ ᠬᠥᠩᠭᠡᠵᠢᠯᠲᠡ᠎ᠶᠢᠨ ᠵᠠᠷᠤᠳᠠᠯ᠎ᠢ ᠡᠮᠴᠢᠯᠡᠭᠡᠨ᠎ᠦ ᠳᠠᠭᠠᠳᠬᠠᠯ᠎ᠢᠶᠠᠷ ᠲᠥᠯᠥᠬᠦ ᠬᠡᠪᠴᠢᠶᠡᠨ᠎ᠳᠦ ᠣᠷᠣᠭᠤᠯᠪᠠ
ᠨᠡᠶ᠋ᠢᠲᠡᠯᠡᠭᠰᠡᠨ ᠴᠠᠭ᠄ 2025-07-31

 

7 ᠳ᠋ᠤᠭᠠᠷ ᠰᠠᠷ᠎ᠠ᠎ᠶᠢᠨ 20᠎ᠤ ᠡᠳᠦᠷ᠎ᠡᠴᠡ ᠡᠬᠢᠯᠡᠨ᠂ ᠲᠦᠩᠯᠢᠶᠣᠣ ᠬᠣᠲᠠ ᠡᠪᠡᠳᠬᠡᠯ ᠦᠭᠡᠢ ᠬᠥᠩᠭᠡᠵᠢᠯᠲᠡ᠎ᠶᠢᠨ ᠵᠠᠷᠤᠳᠠᠯ᠎ᠢ ᠡᠮᠴᠢᠯᠡᠭᠡᠨ᠎ᠦ ᠳᠠᠭᠠᠳᠬᠠᠯ᠎ᠢᠶᠠᠷ ᠲᠥᠯᠥᠬᠦ ᠬᠡᠪᠴᠢᠶᠡᠨ᠎ᠳᠦ ᠵᠢᠩᠬᠢᠨᠢ᠎ᠪᠡᠷ ᠣᠷᠣᠭᠤᠯᠪᠠ᠃ 

ᠡᠪᠡᠳᠬᠡᠯ ᠦᠭᠡᠢ ᠬᠥᠩᠭᠡᠵᠢᠯᠲᠡ᠎ᠶᠢ ᠠᠨᠠᠭᠠᠬᠤ ᠤᠬᠠᠭᠠᠨ᠎ᠦ ᠲᠤᠰᠬᠠᠢ ᠨᠡᠷᠡᠢᠳᠦᠯ᠎ᠢᠶᠡᠷ ᠪᠣᠯ ᠰᠡᠭᠡᠷ᠎ᠦᠨ ᠭᠤᠤᠷᠰᠤᠨ᠎ᠳᠦ ᠡᠮ ᠲᠠᠷᠢᠵᠤ ᠡᠪᠡᠳᠬᠦ᠎ᠶᠢ ᠨᠠᠮᠳᠠᠭᠠᠬᠤ ᠮᠡᠷᠭᠡᠵᠢᠯ ᠭᠡᠵᠤ ᠬᠡᠯᠡᠳᠡᠭ᠃ ᠮᠢᠨᠴᠦᠭᠦᠷᠡᠭᠦᠯᠬᠦ ᠡᠮᠴᠢ ᠬᠥᠩᠭᠡᠵᠢᠭᠴᠢ᠎ᠶᠢᠨ ᠨᠢᠷᠤᠭᠤᠨ᠎ᠤ ᠬᠠᠲᠠᠭᠤ ᠪᠦᠷᠬᠦᠪᠴᠢ᠎ᠶᠢᠨ ᠭᠠᠳᠠᠷ ᠬᠥᠨᠳᠡᠢ᠎ᠶᠢᠨ ᠬᠡᠰᠡᠭ᠎ᠲᠦ ᠬᠠᠳᠬᠤᠭᠤᠷ ᠬᠠᠳᠬᠤᠵᠤ ᠲᠠᠯᠪᠢᠭᠠᠳ ᠵᠣᠬᠢᠬᠤ ᠬᠡᠮᠵᠢᠶᠡᠨ᠎ᠦ ᠮᠢᠨᠴᠦᠭᠦᠷᠡᠭᠦᠯᠬᠦ ᠡᠮ ᠲᠠᠷᠢᠵᠤ᠂ ᠬᠥᠩᠭᠡᠵᠢᠭᠴᠢ᠎ᠶᠢᠨ 9᠎ᠡᠴᠡ 10 ᠬᠤᠪᠢ ᠪᠠᠢᠭ᠍ᠰᠠᠨ ᠲᠡᠰᠪᠦᠷᠢᠯᠡᠬᠦᠶ᠎ᠡ ᠪᠡᠷᠬᠡ ᠡᠪᠡᠳᠦᠯᠲᠡ᠎ᠶᠢ 3᠎ᠡᠴᠡ 4 ᠬᠤᠪᠢ᠎ᠳᠤ ᠬᠦᠷᠲᠡᠯ᠎ᠡ ᠨᠠᠮᠳᠠᠭᠠᠵᠤ᠂ ᠬᠥᠩᠭᠡᠵᠢᠬᠦ᠎ᠶᠢᠨ ᠵᠣᠪᠠᠭᠤᠷᠢ᠎ᠶᠢ ᠨᠢ ᠲᠤᠢᠯ᠎ᠤᠨ ᠶᠡᠬᠡ᠎ᠪᠡᠷ ᠬᠥᠩᠭᠡᠷᠡᠭᠦᠯᠳᠡᠭ ᠮᠥᠷᠲᠡᠭᠡᠨ ᠲᠤᠰ ᠮᠡᠷᠭᠡᠵᠢᠯ᠎ᠳᠦ ᠬᠡᠷᠡᠭᠯᠡᠳᠡᠭ ᠮᠢᠨᠴᠦᠭᠦᠷᠡᠭᠦᠯᠬᠦ ᠡᠮ᠎ᠦᠨ ᠥᠳᠬᠡᠴᠡ ᠨᠢ ᠳᠣᠣᠷ᠎ᠠ᠂ ᠬᠡᠮᠵᠢᠶ᠎ᠡ ᠨᠢ ᠪᠠᠭ᠎ᠠ᠂ ᠴᠢᠰᠤᠨ᠎ᠤ ᠡᠷᠭᠢᠯᠲᠡ᠎ᠳᠦ ᠣᠷᠣᠬᠤ ᠪᠤᠶᠤ ᠢᠬᠡᠰ᠎ᠲᠦ ᠰᠢᠩᠭᠡᠬᠦ ᠡᠮ᠎ᠦᠨ ᠬᠡᠮᠵᠢᠶ᠎ᠡ ᠨᠢ ᠲᠤᠩ ᠪᠠᠭ᠎ᠠ ᠪᠣᠯᠬᠣᠷ ᠬᠡᠪᠡᠯᠢ᠎ᠳᠡᠬᠢ ᠬᠡᠦᠬᠡᠳ᠎ᠲᠦ ᠮᠠᠭᠤ ᠨᠥᠯᠥᠭᠡ ᠦᠭᠡᠢ ᠪᠠᠢᠵᠤ᠂ ᠠᠶᠤᠯ ᠦᠭᠡᠢ ᠴᠢᠨᠠᠷ ᠪᠠ ᠪᠦᠲᠦᠮᠵᠢᠲᠦ ᠴᠢᠨᠠᠷ᠎ᠢᠶᠠᠷ᠎ᠢᠶᠠᠨ ᠨᠢᠭᠡᠨᠲᠡ ᠶᠡᠬᠡ ᠬᠡᠮᠵᠢᠶᠡᠨ᠎ᠦ ᠡᠮᠴᠢᠯᠡᠭᠡᠨ᠎ᠦ ᠦᠢᠯᠡᠳᠦᠯᠭᠡ᠎ᠶᠢᠨ ᠰᠢᠯᠭᠠᠨ ᠪᠠᠲᠤᠯᠠᠯᠲᠠ᠎ᠶᠢ ᠣᠯᠣᠭᠰᠠᠨ ᠪᠠᠢᠨ᠎ᠠ᠃ 

ᠣᠢᠯᠠᠭᠠᠭᠰᠠᠨ᠎ᠢᠶᠠᠷ᠂ ᠡᠪᠡᠳᠬᠡᠯ ᠦᠭᠡᠢ ᠬᠥᠩᠭᠡᠵᠢᠯᠲᠡ᠎ᠶᠢᠨ ᠵᠠᠷᠤᠳᠠᠯ᠎ᠢ ᠡᠮᠴᠢᠯᠡᠭᠡᠨ᠎ᠦ ᠳᠠᠭᠠᠳᠬᠠᠯ᠎ᠢᠶᠠᠷ ᠲᠥᠯᠥᠬᠦ ᠬᠡᠪᠴᠢᠶᠡᠨ᠎ᠳᠦ ᠣᠷᠣᠭᠤᠯᠤᠭᠰᠠᠨ ᠶᠠᠪᠤᠳᠠᠯ ᠪᠣᠯ ᠲᠦᠩᠯᠢᠶᠣᠤ ᠬᠣᠲᠠ ᠦᠷᠡᠵᠢᠯ᠎ᠢ ᠳᠡᠮᠵᠢᠬᠦ ᠤᠯᠤᠰ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠭᠰᠠᠨ᠎ᠤ ᠪᠣᠳᠠᠲᠠᠢ ᠢᠯᠡᠷᠡᠯ ᠮᠥᠨ᠂ ᠡᠨᠡ ᠨᠢ ᠦᠷᠡᠵᠢᠯ᠎ᠦᠨ ᠦᠢᠯᠡᠴᠢᠯᠡᠭᠡᠨ᠎ᠦ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠥᠷᠭᠡᠨ ᠣᠯᠠᠨ ᠬᠥᠩᠭᠡᠵᠢᠭᠴᠢ᠎ᠶᠢᠨ ᠠᠷᠠᠢ ᠲᠠᠭᠠᠯᠠᠮᠵᠢᠲᠠᠢᠬᠠᠨ ᠰᠢᠭ᠋ ᠬᠦᠩᠭᠡᠵᠢᠬᠦ ᠬᠡᠷᠡᠭᠴᠡᠭᠡ᠎ᠶᠢ ᠨᠢ ᠬᠠᠩᠭᠠᠬᠤ᠎ᠪᠡᠷ ᠵᠣᠷᠢᠯᠲᠠ᠎ᠪᠠᠨ ᠪᠣᠯᠭᠠᠭᠰᠠᠨ ᠶᠤᠮ᠃ ᠲᠣᠰ ᠤᠳᠠᠭ᠎ᠠ ᠲᠥᠷᠥ᠎ᠶᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠎ᠦ ᠳᠠᠷᠠᠭ᠎ᠠ᠂ ᠨᠥᠬᠥᠴᠡᠯ᠎ᠳᠦ ᠨᠡᠢᠴᠡᠬᠦ ᠳᠠᠭᠠᠳᠬᠠᠯ᠎ᠳᠤ ᠣᠷᠣᠯᠴᠠᠭᠰᠠᠨ ᠬᠥᠩᠭᠡᠵᠢᠭᠴᠢ ᠲᠣᠭᠲᠠᠭᠰᠠᠨ ᠡᠮᠴᠢᠯᠡᠭᠡᠨ᠎ᠦ ᠪᠠᠢᠭᠤᠯᠤᠮᠵᠢ᠎ᠳᠤ ᠡᠪᠡᠳᠬᠡᠯ ᠦᠭᠡᠢ ᠬᠥᠩᠭᠡᠵᠢᠯᠲᠡ᠎ᠶᠢ ᠰᠣᠩᠭᠣᠪᠠᠯ᠂ ᠬᠣᠯᠪᠣᠭᠳᠠᠯ ᠪᠦᠬᠦᠢ ᠵᠠᠷᠤᠳᠠᠯ᠎ᠢ ᠡᠮᠴᠢᠯᠡᠭᠡᠨ᠎ᠦ ᠳᠠᠭᠠᠳᠬᠠᠯ᠎ᠤᠨ ᠲᠥᠷᠥ᠎ᠶᠢᠨ ᠪᠣᠳᠣᠯᠭ᠎ᠠ᠎ᠶᠢᠨ ᠶᠣᠰᠣᠭᠠᠷ ᠲᠠᠩᠰᠠ ᠲᠠᠶ᠋ᠢᠯᠤᠨ᠎ᠠ᠃ ᠠᠷᠠᠳ᠎ᠲᠤ ᠠᠰᠢᠭ᠋ ᠬᠦᠷᠲᠡᠭᠡᠬᠦ ᠲᠣᠰ ᠠᠷᠭ᠎ᠠ ᠬᠡᠮᠵᠢᠶ᠎ᠡ ᠨᠢ ᠲᠦᠩᠯᠢᠶᠣᠣ ᠬᠣᠲᠠ᠎ᠶᠢᠨ ᠦᠷᠡᠵᠢᠯ᠎ᠳᠤ ᠨᠥᠬᠥᠷᠰᠡᠭ ᠬᠡᠯᠪᠡᠷᠢ᠎ᠶᠢᠨ ᠨᠡᠢᠭᠡᠮ᠎ᠦᠨ ᠪᠠᠢᠭᠤᠯᠤᠯᠲᠠ᠎ᠪᠠᠨ ᠰᠢᠨ᠎ᠡ ᠨᠢᠭᠡᠨ ᠳᠡᠭᠲᠡᠷ᠎ᠲᠦ ᠭᠠᠷᠭᠠᠬᠤ᠎ᠳᠤ ᠨᠢ ᠬᠦᠴᠦᠨ ᠨᠡᠮᠡᠷᠢᠯᠡᠬᠦ ᠪᠣᠯᠣᠨ᠎ᠠ᠃ 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ