ᠲᠣᠰ ᠲᠥᠷᠥᠯ ᠵᠦᠢᠯ᠎ᠢ ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠎ᠦᠨ ᠵᠢᠨ ᠱᠠᠨ ᠢᠯᠴᠢ᠎ᠶᠢᠨ ᠴᠠᠬᠢᠯᠭᠠᠨ᠎ᠤ ᠺᠤᠮᠫᠠᠨᠢ᠎ᠠᠴᠠ ᠪᠡᠯᠡ ᠣᠷᠣᠭᠤᠯᠤᠨ ᠪᠦᠲᠦᠭᠡᠨ ᠪᠠᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 15.95 ᠳ᠋ᠦᠩᠰᠢᠭᠤᠷ ᠲᠦᠭᠦᠷᠢᠭ᠎ᠲᠦ ᠬᠦᠷᠴᠦ᠍᠂ ᠵᠢᠨ ᠱᠠᠨ ᠢᠯᠴᠢ᠎ᠶᠢᠨ ᠴᠠᠬᠢᠯᠭᠠᠨ᠎ᠤ ᠦᠢᠯᠡᠳᠪᠦᠷᠢ᠎ᠪᠡᠷ ᠢᠯᠴᠢ ᠬᠠᠩᠭᠠᠬᠤ ᠡᠭᠦᠰᠭᠡᠯ᠎ᠦᠨ ᠴᠡᠭ ᠪᠣᠯᠭᠠᠵᠤ ᠂ ᠵᠢᠨ ᠱᠠᠨ ᠢᠯᠴᠢ᠎ᠶᠢᠨ ᠴᠠᠬᠢᠯᠭᠠᠨ᠎ᠤ ᠺᠣᠮᠫᠠᠨᠢ᠎ᠶᠢᠨ ᠡᠮᠦᠨ᠎ᠡ ᠲᠠᠯ᠎ᠠ᠎ᠪᠠᠷ ᠬᠣᠶᠠᠷ ᠵᠤᠷᠪᠤᠰ ᠠᠭᠤᠷ᠎ᠤᠨ ᠬᠣᠭᠣᠯᠠᠢ ᠭᠤᠤᠷᠰᠤ ᠳᠡᠪᠢᠰᠴᠦ᠍ ᠂ ᠰᠢᠨ ᠳ᠋ᠣᠣ ᠰᠤᠪᠠᠭ᠎ᠢ ᠳᠠᠭᠠᠵᠤ ᠬᠣᠲᠠ᠎ᠶᠢ ᠲᠣᠭᠣᠷᠢᠭ᠍ᠰᠠᠨ ᠥᠨᠳᠥᠷ ᠬᠤᠷᠳᠤᠴᠠᠲᠤ ᠵᠠᠰᠠᠮᠠᠯ ᠵᠠᠮ ᠬᠦᠷᠲᠡᠯ᠎ᠡ ᠳᠡᠪᠢᠰᠴᠦ᠂ ᠳᠠᠬᠢᠭᠠᠳ ᠬᠣᠲᠠ᠎ᠶᠢ ᠲᠣᠭᠣᠷᠢᠭ᠍ᠰᠠᠨ ᠥᠨᠳᠥᠷ ᠬᠤᠷᠳᠤᠴᠠᠲᠤ ᠵᠠᠰᠠᠮᠠᠯ ᠵᠠᠮ᠎ᠢ ᠳᠠᠭᠠᠵᠤ ᠵᠡᠭᠦᠨᠰᠢ ᠵᠢᠨ ᠴᠢᠶᠣᠣ ᠨᠡᠭᠡᠭᠡᠯᠲᠡ᠎ᠶ᠋ᠢᠨ ᠲᠣᠭᠤᠷᠢᠭ ᠬᠦᠷᠲᠡᠯ᠎ᠡ ᠳᠡᠪᠢᠰᠦᠨ᠎ᠡ᠂ ᠦᠢᠯᠡᠳᠪᠦᠷᠢ᠎ᠶᠢᠨ ᠭᠠᠳᠠᠨᠠᠬᠢ ᠬᠣᠭᠣᠯᠠᠢ ᠲᠣᠣᠷ᠎ᠤᠨ ᠱᠤᠭᠤᠮ᠎ᠤᠨ ᠪᠥᠬᠥ ᠣᠷᠳᠣ᠌ ᠨᠢ 32 ᠺᠢᠯᠣᠮᠧᠲᠷ ᠪᠠᠢᠵᠤ ᠂ ᠵᠠᠮ ᠳᠠᠭᠠᠤ ᠲᠦᠮᠡᠳ ᠵᠡᠭᠦᠨ ᠬᠣᠰᠢᠭᠤ᠂ ᠢᠤᠢ ᠴᠢᠤᠸᠠᠨ ᠲᠣᠭᠣᠷᠢᠭ᠋ ᠵᠢᠴᠢ ᠰᠠᠢᠬᠠᠨ ᠲᠣᠭᠤᠷᠢᠭ᠎ᠢ ᠳᠠᠮᠵᠢᠨ᠂ ᠠᠵᠤ ᠦᠢᠯᠡᠳᠪᠦᠷᠢ ᠬᠤᠳᠠᠯᠳᠤᠭᠠᠨ᠎ᠤ ᠠᠵᠤ ᠠᠬᠤᠢᠯᠠᠯ᠎ᠳᠤ 800 ᠲᠣᠨ / ᠴᠠᠭ᠎ᠤᠨ ᠱᠢᠯᠢᠳᠡᠭ ᠴᠢᠨᠠᠷ ᠪᠦᠬᠦᠢ ᠠᠵᠤ ᠦᠢᠯᠡᠳᠪᠦᠷᠢ᠎ᠶᠢᠨ ᠠᠭᠤᠷ᠎ᠢ ᠬᠠᠩᠭᠠᠵᠤ ᠂ ᠵᠠᠩᠭᠢᠯᠠᠭ᠎ᠠ᠎ᠶᠢᠨ ᠭᠣᠭ᠍ᠴᠣᠭ᠎ᠠ ᠴᠡᠭ᠎ᠲᠦ 2000 ᠲᠣᠨ / ᠴᠠᠭ᠎ᠤᠨ ᠳᠠᠮᠵᠢᠭᠤᠯᠤᠨ ᠬᠦᠷᠭᠡᠬᠦ ᠴᠢᠳᠠᠪᠤᠷᠢ᠎ᠪᠠᠷ ᠪᠦᠲᠦᠭᠡᠨ ᠪᠠᠢᠭᠤᠯᠵᠤ ᠪᠣᠯᠣᠨ᠎ᠠ ᠃ ᠲᠣᠰ ᠲᠥᠷᠥᠯ ᠵᠦᠢᠯ ᠨᠢ ᠵᠢᠨ ᠴᠢᠶᠣᠣ ᠨᠡᠭᠡᠭᠡᠯᠲᠡ᠎ᠶ᠋ᠢᠨ ᠲᠣᠭᠤᠷᠢᠭ ᠵᠢᠴᠢ ᠵᠠᠮ ᠳᠠᠭᠠᠤ᠎ᠶᠢᠨ ᠠᠭᠤᠷ ᠬᠡᠷᠡᠭᠯᠡᠬᠦ ᠨᠢᠭᠡᠴᠢ᠎ᠨᠦᠭᠦᠳ᠎ᠦᠨ ᠬᠡᠷᠡᠭᠴᠡᠭᠡ᠎ᠶᠢ ᠬᠠᠩᠭᠠᠬᠤ᠎ᠶᠢᠨ ᠬᠠᠮᠲᠤ ᠪᠠᠰᠠ ᠬᠣᠭᠣᠯᠠᠢ ᠲᠣᠣᠷ᠎ᠤᠨ ᠵᠠᠮ ᠳᠠᠭᠠᠤ᠎ᠳᠠᠬᠢ ᠴᠡᠯᠡᠭᠡᠷ ᠲᠠᠯ᠎ᠠ ᠰᠠᠭᠠᠯᠢ᠎ᠶ᠋ᠢᠨ ᠦᠢᠯᠡᠰ᠎ᠦᠨ ᠨᠡᠭᠡᠭᠡᠯᠲᠡ᠎ᠶ᠋ᠢᠨ ᠲᠣᠭᠤᠷᠢᠭ᠂ ᠹᠦ ᠹᠧᠩ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠣᠷᠣᠨ ᠬᠡᠰᠡᠭ᠂ ᠢᠦᠢ ᠯᠦᠩ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠂ ᠬᠥᠬᠡᠬᠣᠲᠠ᠎ᠶᠢᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠤᠷᠢᠭ᠎ᠲᠤ ᠰᠠᠯᠪᠤᠷᠢ ᠱᠤᠭᠤᠮ᠎ᠤᠨ ᠵᠠᠯᠭᠠᠭᠠᠰᠤ᠎ᠶᠢ ᠤᠷᠢᠳᠴᠢᠯᠠᠨ ᠦᠯᠡᠳᠡᠭᠡᠵᠦ ᠥᠭ᠌ᠴᠡᠢ᠂ ᠨᠢᠭᠡ ᠯᠡ ᠤᠳᠠᠭ᠎ᠠ᠎ᠳᠤ ᠪᠠᠢᠭᠤᠯᠵᠤ ᠳᠠᠭᠤᠰᠭᠠᠭ᠍ᠰᠠᠨ ᠶᠡᠷᠦᠩᠬᠡᠢᠯᠡᠭᠰᠡᠨ ᠬᠣᠭᠣᠯᠠᠢ ᠲᠣᠣᠷ᠎ᠤᠨ ᠪᠦᠲᠦᠴᠡ ᠵᠢᠶᠠᠰᠠ ᠨᠢ ᠴᠦ᠍ ᠣᠷᠳᠣ᠌ ᠬᠤᠭᠤᠴᠠᠭᠠᠨ᠎ᠤ ᠲᠥᠯᠦᠪᠵᠢᠭᠦᠯᠭᠡ᠎ᠳᠦ ᠪᠦᠲᠦᠭᠡᠨ ᠪᠠᠶ᠋ᠢᠭᠤᠯᠬᠤ ᠨᠥᠬᠥᠴᠡᠯ ᠬᠠᠩᠭᠠᠭᠰᠠᠨ ᠪᠠᠢᠨ᠎ᠠ ᠃ ᠲᠥᠷᠥᠯ ᠵᠦᠢᠯ᠎ᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠂ ᠵᠢᠯ ᠪᠦᠷᠢ ᠪᠠᠷᠢᠮᠵᠢᠶᠠᠲᠤ ᠨᠡᠭᠦᠷᠡᠰᠦ᠎ᠶᠢ 7.2 ᠲᠦᠮᠡᠨ ᠲᠣᠨ ᠠᠷᠪᠢᠯᠠᠵᠤ᠂ 21 ᠲᠦᠮᠡᠨ ᠲᠣᠨ ᠨᠡᠭᠦᠷᠡᠰᠦᠲᠥ᠋ᠷᠥᠭᠴᠢ᠎ᠶᠢᠨ ᠳᠠᠪᠬᠤᠷ ᠢᠰᠦᠯ᠂ 93 ᠲᠣᠨ ᠬᠦᠬᠦᠷ᠎ᠦᠨ ᠳᠠᠪᠬᠤᠷ ᠢᠰᠦᠯ᠂ 151 ᠲᠣᠨ ᠠᠽᠣᠲ᠎ᠤᠨ ᠢᠰᠦᠮᠡᠭ᠂ 18 ᠲᠣᠨ ᠲᠣᠭᠣᠰᠣᠨ᠎ᠤ ᠭᠠᠳᠠᠭ᠍ᠰᠢᠯᠠᠭᠤᠯᠤᠯᠲᠠ᠎ᠶ᠋ᠢ ᠪᠠᠭᠠᠰᠬᠠᠵᠤ ᠳᠡᠢᠯᠬᠦ᠌ ᠮᠦᠷᠲᠡᠭᠡᠨ ᠣᠷᠴᠢᠨ ᠲᠣᠭᠣᠷᠢᠨ᠎ᠤ ᠦᠷ᠎ᠡ ᠠᠱᠢᠭ᠎ᠢᠶᠠᠷ ᠴᠦ᠍ ᠪᠠᠶᠠᠷᠯᠠᠭᠤᠱᠢᠲᠠᠢ ᠪᠠᠢᠨ᠎ᠠ᠃