ᠲᠡᠷᠢᠭᠦᠨ ᠬᠠᠭᠤᠳᠠᠰᠤ   -   ᠠᠶ᠋ᠢᠮᠠᠭ ᠬᠤᠲᠠ᠎ᠶᠢᠨ ᠰᠣᠨᠤᠰᠬᠠᠯ
ᠪᠠᠶᠠᠨᠨᠠᠭᠤᠷ ᠬᠤᠲᠠ ᠤᠨᠴᠠᠯᠢᠬ᠍ᠳᠤ ᠬᠥᠳᠡᠯᠮᠦᠷᠢ ᠬᠦᠴᠦᠨ᠎ᠤ ᠨᠠᠷᠠᠲᠤ ᠲᠥᠷᠥᠯ ᠲᠡᠮᠳᠡᠭ᠎ᠢ ᠪᠣᠶ ᠪᠣᠯᠭᠠᠵᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ᠎ᠢ ᠥᠷᠭᠡᠳᠭᠡᠵᠦ ᠪᠣᠢ
ᠨᠡᠶ᠋ᠢᠲᠡᠯᠡᠭᠰᠡᠨ ᠴᠠᠭ᠄ 2025-07-09

 

ᠨᠢᠭᠡ᠎ᠳᠤ᠂ ᠲᠥᠷᠥ᠎ᠶᠢᠨ ᠪᠣᠳᠣᠯᠭ᠎ᠠ᠎ᠪᠠᠷ ᠪᠣᠢᠵᠢᠭᠣᠯᠣᠯᠲᠠ᠎ᠶᠢᠨ 《ᠢᠷᠡᠭᠡᠳᠦᠢ᠎ᠶᠢ ᠬᠠᠮᠠᠭᠠᠯᠠᠪᠠ》᠃ ᠬᠥᠳᠡᠯᠮᠦᠷᠢ ᠬᠦᠴᠦᠨ᠎ᠤ ᠨᠠᠷᠠᠲᠤ ᠲᠥᠷᠥᠯ ᠲᠡᠮᠳᠡᠭ᠎ᠦᠨ ᠪᠠᠶ᠋ᠢᠭᠤᠯᠤᠯᠲᠠ᠎ᠶᠢ ᠪᠥᠬᠦ ᠬᠤᠲᠠ᠎ᠶᠢᠨ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠶᠢᠨ ᠪᠠᠶ᠋ᠢᠯᠳᠤᠬᠤ ᠪᠣᠳᠣᠯᠭ᠎ᠠ᠎ᠳᠤ ᠣᠷᠣᠭᠤᠯᠵᠤ᠂ 《ᠪᠠᠶᠠᠨᠨᠠᠭᠤᠷ ᠬᠤᠲᠠ᠎ᠶᠢᠨ ᠬᠥᠳᠡᠯᠮᠦᠷᠢ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭ᠎ᠢ ᠮᠠᠭᠠᠳᠯᠠᠨ ᠲᠣᠭᠲᠠᠭᠠᠬᠤ ᠬᠠᠮᠢᠶᠠᠷᠤᠯᠲᠠ᠎ᠶᠢᠨ ᠠᠷᠭ᠎ᠠ》᠎ᠶᠢ ᠨᠡᠶ᠋ᠢᠲᠡᠯᠡᠵᠦ᠂ ᠨᠠᠷᠠᠲᠤ ᠲᠥᠷᠥᠯ ᠲᠡᠮᠳᠡᠭ᠎ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠬᠢᠭᠡᠳ ᠪᠤᠶ᠋ᠢᠵᠢᠭᠤᠯᠬᠤ ᠴᠢᠭᠯᠡᠯ᠎ᠢ ᠲᠣᠳᠣᠷᠬᠠᠶ᠋ᠢᠯᠠᠨ᠂ 《ᠢᠯᠡᠷᠡᠭᠦᠯᠬᠦ — ᠪᠣᠢᠵᠢᠭᠣᠯᠬᠤ — ᠳᠡᠭᠡᠭ᠌ᠰᠢᠯᠡᠭᠦᠯᠬᠦ᠌ — ᠪᠤᠵᠠᠭᠠᠶ᠋ᠢᠷᠠᠭᠤᠯᠬᠤ》 ᠬᠡᠪ ᠵᠠᠭᠪᠤᠷ᠎ᠢ ᠬᠡᠷᠡᠭᠵᠢᠭᠦᠯᠵᠦ᠂ ᠨᠢᠭᠡ ᠪᠦᠯᠦᠭ ᠢᠯᠭᠠᠨ ᠲᠠᠨᠢᠬᠤ ᠬᠡᠮᠵᠢᠶ᠎ᠡ᠎ᠪᠠᠷ ᠥᠨᠳᠥᠷ᠂ ᠥᠷᠢᠰᠦᠯᠳᠦᠬᠦ ᠬᠦᠴᠦᠨ᠎ᠢᠶᠠᠷ ᠴᠢᠩᠭ᠎ᠠ᠂ ᠠᠵᠢᠯ ᠣᠯᠭᠤᠯᠲᠠ᠎ᠶᠢ ᠳᠠᠶ᠋ᠢᠴᠢᠯᠠᠬᠤ ᠴᠢᠳᠠᠪᠤᠷᠢ᠎ᠪᠠᠷ ᠴᠢᠩᠭ᠎ᠠ ᠤᠨᠴᠠᠯᠢᠭ᠍ᠳᠤ ᠬᠥᠳᠡᠯᠮᠦᠷᠢ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭ᠎ᠢ ᠪᠣᠢᠵᠢᠭᠣᠯᠪᠠ᠃ ᠣᠳᠣᠬᠠᠨ᠎ᠳᠤ᠂ ᠮᠠᠨ᠎ᠤ ᠬᠤᠲᠠ᠎ᠳᠤ ᠬᠥᠳᠡᠯᠮᠦᠷᠢ ᠬᠦᠴᠦᠨ᠎ᠤ ᠤᠨᠴᠠᠯᠢᠬ᠍ᠳᠤ 15 ᠨᠠᠷᠠᠲᠤ ᠲᠡᠮᠳᠡᠭ ᠰᠠᠭᠤᠷᠢᠰᠢᠨ ᠬᠥᠭᠵᠢᠵᠦ᠂ ᠨᠡᠶ᠋ᠢᠲᠡ 2.9 ᠲᠦᠮᠡ ᠭᠠᠷᠤᠶ ᠬᠥᠮᠦᠨ᠎ᠤ ᠠᠵᠢᠯ ᠣᠯᠭᠤᠯᠲᠠ᠎ᠶᠢ ᠳᠠᠶ᠋ᠢᠴᠢᠯᠠᠵᠤ᠂ ᠡᠭᠦᠳᠦᠭᠰᠡᠨ ᠬᠥᠳᠡᠯᠮᠦᠷᠢ ᠬᠦᠴᠦᠨ᠎ᠤ ᠣᠷᠣᠯᠭ᠎ᠠ ᠨᠢ 22.44 ᠳ᠋ᠦᠩᠰᠢᠭᠤᠷ ᠲᠥᠭᠦᠷᠢᠭ᠎ᠲᠤ ᠬᠦᠷᠪᠡ᠃ ᠬᠤᠶᠠᠷ᠎ᠲᠤ᠂ ᠤᠷ᠎ᠠ ᠴᠢᠳᠠᠪᠤᠷᠢ᠎ᠪᠡᠷ ᠠᠶᠠᠯᠠᠯ᠎ᠤᠨ ᠬᠠᠮᠠᠭᠠᠯᠠᠯᠲᠠ᠎ᠶᠢᠨ 《ᠰᠠᠭᠤᠷᠢ᠎ᠶᠢ ᠪᠠᠲᠤᠳᠬᠠᠪᠠ》᠃ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠬᠥᠳᠡᠯᠮᠦᠷᠢ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭ᠎ᠦᠨ ᠪᠠᠶ᠋ᠢᠭᠤᠯᠤᠯᠲᠠ᠎ᠶᠢᠨ ᠭᠤᠤᠯᠯᠠᠬᠤ ᠬᠥᠳᠡᠯᠭᠡᠭᠴᠢ ᠬᠦᠴᠦᠨ ᠪᠣᠯᠭᠠᠵᠤ᠂ ᠤᠷ᠎ᠠ ᠴᠢᠳᠠᠪᠤᠷᠢ᠎ᠪᠡᠷ ᠢᠷᠡᠭᠡᠳᠦᠢ᠎ᠶ᠋ᠢ ᠭᠡᠷᠡᠯᠲᠦᠭᠦᠯᠬᠦ ᠠᠵᠢᠯᠯᠠᠭ᠎ᠠ᠎ᠶᠢ ᠬᠡᠷᠡᠭᠵᠢᠭᠦᠯᠦᠨ᠂ 《ᠰᠤᠷᠬᠤᠢ ᠬᠢᠬᠦᠢ᠎ᠶᠢ ᠨᠢᠭᠡ ᠴᠣᠭᠴᠠᠵᠢᠭᠤᠯᠬᠤ᠂ ᠦᠢᠯᠡᠳᠪᠦᠷᠢᠯᠡᠬᠦᠢ ᠰᠤᠷᠭᠠᠬᠤᠢ᠎ᠶᠢ ᠠᠭᠤᠰᠤᠯᠴᠠᠭᠤᠯᠬᠤ》 ᠬᠡᠪ ᠵᠠᠭᠪᠤᠷ᠎ᠢ ᠬᠡᠷᠡᠭᠵᠢᠭᠦᠯᠵᠦ᠂ ᠵᠠᠬᠢᠶᠠᠯᠠᠭ᠎ᠠ᠎ᠶᠢᠨ ᠬᠡᠯᠪᠡᠷᠢ᠂ ᠠᠵᠢᠯ᠎ᠤᠨ ᠪᠠᠶ᠋ᠢᠷᠢ ᠲᠣᠭᠲᠠᠭᠠᠬᠤ ᠬᠡᠯᠪᠡᠷᠢ᠂ ᠬᠠᠨᠳᠤᠯᠭᠠᠲᠤ ᠬᠡᠯᠪᠡᠷᠢ᠎ᠶᠢᠨ ᠪᠣᠯᠪᠠᠰᠤᠷᠠᠯ᠎ᠢ ᠥᠷᠨᠢᠭᠦᠯᠵᠦ᠂ ᠬᠥᠳᠡᠯᠮᠦᠷᠢ ᠦᠢᠯᠡᠴᠢᠯᠡᠭᠡᠨ᠎ᠤ ᠨᠠᠷᠠᠲᠤ ᠲᠥᠷᠥᠯ ᠲᠡᠮᠳᠡᠭ᠎ᠦᠨ ᠴᠢᠨᠠᠷ ᠴᠢᠨᠰᠠᠭ᠎ᠠ ᠎ᠶ᠋ᠢ ᠳᠡᠭᠡᠭᠰᠢᠯᠡᠭᠦᠯᠦᠨ ᠲᠠᠰ ᠳᠡᠪᠰᠢᠭᠦᠯᠬᠦ᠎ᠶᠢ ᠲᠦᠷᠭᠡᠳᠬᠡᠪᠡ᠃ 6 ᠳ᠋ᠤᠭᠠᠷ ᠰᠠᠷ᠎ᠠ᠎ᠶᠢᠨ ᠡᠴᠦᠰ ᠪᠣᠯᠲᠠᠯ᠎ᠠ᠂ ᠡᠯ᠎ᠡ ᠲᠥᠷᠥᠯ᠎ᠤᠨ ᠮᠡᠷᠭᠡᠵᠢᠯ᠎ᠤᠨ ᠪᠣᠯᠪᠠᠰᠤᠷᠠᠯ᠎ᠤᠨ ᠠᠩᠭᠢ᠎ᠶᠢ 100 ᠭᠠᠷᠤᠶ ᠬᠤᠭᠤᠴᠠᠭ᠎ᠠ ᠡᠷᠭᠢᠯᠡᠵᠦ᠂ 3500 ᠭᠠᠷᠤᠶ ᠬᠥᠮᠦᠨ᠎ᠳᠤ ᠪᠣᠯᠪᠠᠰᠤᠷᠠᠯ ᠬᠦᠷᠲᠡᠭᠡᠪᠡ᠃ ᠭᠤᠷᠪᠠ᠎ᠳᠤ᠂ ᠣᠷᠣᠨ ᠪᠦᠰᠡ᠎ᠶᠢᠨ 《ᠠᠯᠳᠠᠷ ᠨᠡᠷ᠎ᠡ᠎ᠶᠢᠨ ᠬᠠᠭᠤᠳᠠᠰᠤ》᠎ᠶᠢ ᠪᠣᠶ ᠪᠣᠯᠭᠠᠪᠠ᠃ ᠭᠠᠵᠠᠷ ᠣᠷᠣᠨ᠎ᠤ ᠰᠣᠶᠣᠯ ᠬᠢᠭᠡᠳ ᠠᠵᠤ ᠦᠢᠯᠡᠰ᠎ᠤᠨ ᠳᠠᠪᠠᠭᠤᠯᠢᠭ᠋᠎ᠢ ᠭᠦᠨ ᠠᠭᠤᠳᠠᠯᠵᠤ᠂ ᠨᠢᠭᠡ ᠲᠥᠷᠥᠯ ᠲᠡᠮᠳᠡᠭ᠎ᠢ ᠬᠦᠴᠦᠯᠡᠨ ᠪᠣᠶ ᠪᠣᠯᠭᠠᠵᠤ᠂ ᠨᠢᠭᠡ ᠭᠠᠵᠠᠷ ᠣᠷᠣᠨ᠎ᠤ ᠠᠵᠢᠯ ᠣᠯᠭᠤᠯᠲᠠ᠎ᠶᠢ ᠳᠠᠶ᠋ᠢᠴᠢᠯᠠᠵᠤ᠂ ᠨᠢᠭᠡ ᠭᠠᠵᠠᠷ ᠣᠷᠣᠨ᠎ᠤ ᠠᠷᠠᠳ ᠲᠦᠮᠡᠨ᠎ᠢ ᠪᠠᠶᠠᠵᠢᠭᠤᠯᠤᠨ᠎ᠠ᠃ 《ᠪᠣᠷᠣᠳᠣᠬᠤᠢ᠎ᠶᠢᠨ ᠠᠷᠢᠬᠢ ᠨᠡᠷᠡᠬᠦ ᠤᠷ᠎ᠠ ᠮᠡᠷᠭᠡᠵᠢᠯ》᠎ᠨᠢ ᠪᠣᠷᠣᠳᠣᠬᠤᠢ᠎ᠶᠢᠨ ᠠᠷᠢᠬᠢᠨ᠎ᠤ ᠦᠢᠯᠡᠰ᠎ᠤᠨ ᠪᠦᠯᠦᠭᠯᠡᠯ᠎ᠤᠨ ᠮᠡᠷᠭᠡᠵᠢᠯ ᠪᠠ ᠵᠠᠬ᠎ᠠ ᠳᠡᠯᠭᠡᠭᠦᠷ᠎ᠤᠨ ᠳᠠᠪᠠᠭᠤᠯᠢᠭ᠋᠎ᠲᠤ ᠲᠦᠰᠢᠭᠯᠡᠨ᠂ ᠪᠣᠷᠣᠳᠣᠬᠤᠢ᠎ᠶᠢᠨ ᠠᠷᠢᠬᠢ ᠨᠡᠷᠡᠬᠦ ᠤᠷ᠎ᠠ ᠮᠡᠷᠭᠡᠵᠢᠯ᠎ᠢᠶᠠᠷ ᠵᠢᠯ ᠪᠦᠷᠢ 700 ᠭᠠᠷᠤᠢ ᠬᠥᠮᠥᠨ ᠤᠳᠠᠭ᠎ᠠ ᠪᠣᠯᠪᠠᠰᠤᠷᠠᠭᠤᠯᠵᠤ᠂ 4500 ᠭᠠᠷᠤᠢ ᠬᠥᠮᠥᠨ᠎ᠤ ᠠᠵᠢᠯ ᠣᠯᠭᠤᠯᠲᠠ᠎ᠶᠢ ᠰᠢᠭᠤᠳ ᠳᠠᠶ᠋ᠢᠴᠢᠯᠠᠵᠤ᠂ ᠬᠦᠴᠦ ᠶᠠᠪᠤᠭᠰᠠᠳ᠎ᠤᠨ ᠵᠢᠯ᠎ᠤᠨ ᠳᠤᠮᠳᠠᠴᠢ ᠣᠷᠣᠯᠭ᠎ᠠ᠎ᠨᠢ 6 ᠲᠦᠮᠡᠨ ᠲᠥᠭᠦᠷᠢᠭ᠎ᠲᠤ ᠬᠦᠷᠪᠡ ; 《ᠪᠠᠶᠠᠨᠨᠠᠭᠤᠷ᠎ᠤᠨ ᠲᠡᠭᠡᠭᠡᠪᠦᠷᠢ᠎ᠶᠢᠨ ᠴᠢᠳᠠᠪᠤᠷᠢᠲᠠᠨ》 ᠲᠤᠰᠬᠠᠶ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠪᠣᠯᠪᠠᠰᠤᠷᠠᠯ ᠪᠠ ᠣᠨᠣᠴᠠᠲᠠᠶ᠎ᠪᠠᠷ ᠠᠵᠢᠯ ᠣᠯᠭᠤᠬᠤ᠎ᠳᠤ ᠲᠦᠰᠢᠭᠯᠡᠵᠦ᠂ ᠨᠡᠶ᠋ᠢᠲᠡ 7200 ᠭᠠᠷᠤᠶ ᠬᠥᠮᠦᠨ᠎ᠢ ᠬᠠᠪᠰᠤᠷᠤᠨ ᠲᠣᠭᠲᠠᠭᠤᠨ᠎ᠢᠶᠠᠷ ᠠᠵᠢᠯ ᠣᠯᠭᠣᠯᠵᠣ᠂ ᠬᠥᠳᠡᠯᠮᠦᠷᠢ ᠬᠦᠴᠦᠨ᠎ᠤ ᠵᠢᠯ᠎ᠤᠨ ᠳᠤᠮᠳᠠᠴᠢ ᠣᠷᠣᠯᠭ᠎ᠠ 7 ᠲᠦᠮᠡᠨ ᠲᠥᠭᠦᠷᠢᠭ᠎ᠲᠤ ᠬᠦᠷᠪᠡ ; 《ᠬᠤᠨ ᠭᠠᠯᠠᠭᠤ ᠮᠡᠷᠭᠡᠵᠢᠯᠲᠡᠨ》᠎ᠢᠶᠠᠷ ᠰᠣᠶᠣᠯ᠎ᠤᠨ ᠪᠦᠲᠦᠭᠡᠯᠴᠢ ᠰᠠᠨᠠᠭ᠎ᠠ᠂ ᠦᠨᠳᠦᠰᠦᠲᠡᠨ᠎ᠤ ᠬᠤᠪᠴᠠᠰᠤ ᠵᠠᠰᠠᠯ᠎ᠤᠨ ᠵᠢᠷᠤᠭ ᠲᠥᠯᠥᠪᠯᠡᠭᠡ ᠵᠡᠷᠭᠡ ᠠᠯᠢ ᠣᠯᠠᠨ ᠰᠢᠨ᠎ᠡ᠎ᠪᠠᠷ ᠬᠥᠭᠵᠢᠭᠰᠡᠨ ᠡᠵᠡᠩᠨᠡᠯᠲᠡ᠎ᠶᠢᠨ ᠬᠡᠯᠪᠡᠷᠢ ᠪᠠᠶ᠋ᠢᠳᠠᠯ᠎ᠢ ᠪᠣᠶ ᠪᠣᠯᠭᠠᠵᠤ᠂ ᠵᠢᠯ ᠪᠦᠷᠢ 800 ᠭᠠᠷᠤᠶ ᠬᠥᠮᠦᠨ᠎ᠢ ᠰᠢᠭᠤᠳ ᠳᠠᠶ᠋ᠢᠴᠢᠯᠠᠨ ᠭᠠᠷ ᠤᠷᠠᠯᠠᠯ᠎ᠤᠨ ᠠᠵᠢᠯ ᠲᠥᠷᠥᠯ᠎ᠳᠤ ᠣᠷᠣᠯᠴᠠᠭᠤᠯᠵᠤ᠂ ᠬᠥᠮᠦᠨ ᠳᠤᠮᠳᠠᠴᠢ᠎ᠶᠢᠨ ᠵᠢᠯ᠎ᠤᠨ ᠣᠷᠣᠯᠭ᠎ᠠ᠎ᠶᠢᠨ ᠨᠡᠮᠡᠭᠳᠡᠯ 3 ᠲᠦᠮᠡᠨ ᠲᠥᠭᠦᠷᠢᠭ᠎ᠲᠤ ᠬᠦᠷᠪᠡ᠃ ᠳᠥᠷᠪᠡ᠎ᠳᠤ᠂ 《ᠲᠣᠮᠣ᠌ ᠲᠠᠪᠴᠠᠩ》᠎ᠢ ᠪᠠᠶ᠋ᠢᠭᠤᠯᠤᠨ ᠳᠡᠯᠭᠡᠷᠡᠭᠦᠯᠪᠡ᠃ ᠤᠨᠴᠠᠯᠢᠬ᠍ᠳᠤ ᠬᠥᠳᠡᠯᠮᠦᠷᠢ ᠬᠦᠴᠦᠨ᠎ᠤ ᠨᠡᠷᠡᠲᠦ ᠲᠦᠷᠦᠯ ᠲᠡᠮᠳᠡᠭ᠎ᠢ ᠵᠣᠬᠢᠶᠠᠨ ᠪᠠᠶ᠋ᠢᠭᠤᠯᠵᠤ 《ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ᠎ᠶᠢᠨ ᠤᠷᠤᠯᠳᠤᠭᠠᠨ᠎ᠤ ᠭᠠᠢᠬᠠᠮᠰᠢᠭ᠍ᠲᠤ ᠤᠷ᠎ᠠ ᠠᠪᠢᠶᠠᠰ ᠭᠠᠢᠬᠠᠮᠰᠢᠭ᠍ᠲᠤ ᠡᠷᠳᠡᠮ ᠴᠢᠳᠠᠪᠤᠷᠢ᠎ᠶ᠋ᠢᠨ ᠦᠵᠡᠭᠦᠯᠭᠡ᠎ᠶᠢᠨ ᠲᠣᠭᠯᠠᠯᠲᠠ》᠂ 《ᠥᠪᠥᠷ ᠮᠣᠩᠭᠤᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠴᠠᠭᠠᠨ ᠰᠠᠷ᠎ᠠ᠎ᠶᠢᠨ ᠡᠳ᠋ ᠪᠠᠷᠠᠭ᠎ᠠ ᠎ᠶ᠋ᠢᠨ ᠨᠠᠢᠷ》ᠵᠡᠷᠭᠡ ᠡᠯ᠎ᠡ ᠲᠦᠷᠦᠯ᠎ᠤᠨ ᠦᠵᠡᠰᠬᠦᠯᠡᠩ᠎ᠤᠨ ᠴᠤᠭᠯᠠᠭᠠᠨ᠂ ᠲᠠᠨᠢᠯᠴᠠᠭᠤᠯᠭ᠎ᠠ᠎ᠶᠢᠨ ᠴᠤᠭᠯᠠᠭᠠᠨ᠎ᠢ ᠣᠯᠠᠨ᠎ᠳᠤ ᠦᠵᠡᠭᠦᠯᠦᠨ᠂ 《ᠪᠣᠷᠣᠲᠣᠬᠤᠶ᠎ᠶᠢᠨ ᠠᠷᠢᠬᠢ ᠨᠡᠷᠡᠬᠦ ᠤᠷ᠎ᠠ ᠮᠡᠷᠭᠡᠵᠢᠯ》ᠪᠠ 《ᠬᠤᠨ ᠭᠠᠯᠠᠭᠤ ᠮᠡᠷᠭᠡᠵᠢᠯᠲᠡᠨ》 ᠵᠡᠷᠭᠡ ᠨᠡᠷᠡᠲᠦ ᠲᠥᠷᠥᠯ ᠲᠡᠮᠳᠡᠭ᠎ᠢᠶᠠᠷ ᠥᠪᠡᠷᠲᠡᠭᠡᠨ ᠵᠠᠰᠠᠬᠤ ᠣᠷᠣᠨ᠎ᠤ ᠤᠨᠴᠠᠯᠢᠬ᠍ᠳᠤ ᠬᠥᠳᠡᠯᠮᠦᠷᠢ ᠬᠦᠴᠦᠨ᠎ᠤ ᠨᠡᠷᠡᠲᠦ ᠲᠦᠷᠦᠯ ᠲᠡᠮᠳᠡᠭ (ᠨᠡᠶ᠋ᠢᠳᠡ 10 ᠪᠤᠢ)᠎ᠢ ᠲᠦᠯᠦᠭᠡᠯᠡᠭᠦᠯᠦᠨ ᠪᠡᠭᠡᠵᠢᠩ᠎ᠳᠤ ᠬᠦᠷᠴᠦ ᠤᠬᠠᠭᠤᠯᠤᠨ ᠲᠠᠨᠢᠯᠴᠠᠭᠤᠯᠵᠤ᠂ ᠨᠡᠶ᠋ᠢᠰᠯᠡᠯ᠎ᠤᠨ ᠬᠤᠳᠠᠯᠳᠤᠭᠠᠨ᠎ᠤ ᠲᠣᠭᠤᠷᠢᠭ᠋᠎ᠲᠤ ᠦᠢᠯᠡᠴᠢᠯᠡᠭᠦᠯᠬᠦ᠌ ᠪᠣᠯᠭᠠᠪᠠ᠃ ᠰᠦᠯᠵᠢᠶ᠎ᠡ ᠎ᠪᠡᠷ ᠪᠠ ᠰᠦᠯᠵᠢᠶᠡᠨ᠎ᠡᠴᠡ ᠭᠠᠳᠠᠭᠤᠷᠬᠢ ᠣᠯᠠᠨ ᠡᠰᠢᠲᠦ ᠠᠷᠭ᠎ᠠ ᠵᠠᠮ᠎ᠢᠶᠠᠷ ᠳᠠᠮᠵᠢᠭᠤᠯᠤᠨ ᠤᠬᠠᠭᠤᠯᠤᠨ ᠳᠡᠯᠭᠡᠷᠡᠭᠦᠯᠵᠦ᠂ ᠨᠠᠷᠠᠲᠤ ᠲᠥᠷᠥᠯ ᠲᠡᠮᠳᠡᠭ᠎ᠦᠨ ᠨᠥᠯᠥᠭᠡᠯᠡᠬᠦ ᠬᠦᠴᠦᠨ᠎ᠢ ᠥᠷᠭᠡᠳᠭᠡᠪᠡ᠃

ᠢᠷᠡᠯᠲᠡ᠄ ᠪᠠᠶᠠᠨᠨᠠᠭᠤᠷ ᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ