ᠲᠡᠷᠢᠭᠦᠨ ᠬᠠᠭᠤᠳᠠᠰᠤ   -   ᠠᠯᠪᠠᠨ ᠵᠠᠷ
2022 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠲᠣᠪᠴᠢᠶᠠᠨ᠎ᠤ ᠮᠡᠳᠡᠭᠡᠯᠡᠯ
ᠨᠡᠶ᠋ᠢᠲᠡᠯᠡᠭᠰᠡᠨ ᠴᠠᠭ᠄ 2022-04-28

      ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠠᠯᠪᠠᠨ ᠭᠡᠷ᠎ᠲᠤ᠄

      《ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠠᠢ᠌ᠴᠠᠭ᠋ᠠᠬᠤ ᠭᠦᠢ᠍ᠴᠡᠳᠬᠡᠯ ᠲᠣᠭ᠎ᠠ᠂ ᠬᠢᠨᠠᠨ ᠬᠠᠮᠢᠶᠠᠷᠬᠤ ᠠᠵᠢᠯ᠎ᠤᠨ ᠣᠨ᠎ᠤ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠨᠠᠷᠢᠨ ᠪᠢᠴᠢᠭ᠎ᠤᠨ ᠲᠣᠪᠴᠢᠶ᠎ᠠ ᠵᠢᠨ ᠮᠡᠳᠡᠭᠳᠡᠯ》 (ᠲᠥᠷᠥ ᠠᠯᠪᠠᠨ ᠨᠢᠭᠤᠴᠠ ᠵᠠᠬᠢᠳᠠᠯ [2019] 19 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ 《ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2021] 45 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠣᠢ᠌ᠷ᠎ᠠ ᠵᠢᠨ ᠬᠤᠭᠤᠴᠠᠭ᠋ᠠᠨ᠎ᠳᠤ 2022 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠂ ᠡᠳᠦᠭᠡ ᠬᠣᠯᠪᠣᠭᠳᠠᠯ ᠪᠦᠬᠦᠢ ᠪᠠᠢ᠌ᠳᠠᠯ᠎ᠢ ᠳᠣᠣᠷᠠᠬᠢ ᠮᠡᠲᠦ ᠮᠡᠳᠡᠭᠳᠡᠪᠡ᠄

      ᠨᠢᠭᠡ᠂ ᠶᠡᠷᠦᠩᠬᠡᠢ ᠪᠠᠢ᠌ᠳᠠᠯ

      (ᠨᠢᠭᠡ) 2021 ᠣᠨ᠎ᠤ ᠳᠥᠷᠪᠡᠳᠦᠭᠡᠷ ᠤᠯᠠᠷᠢᠯ᠎ᠳᠤ ᠮᠡᠳᠡᠭᠡᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠃ 2021 ᠣᠨ᠎ᠤ ᠳᠥᠷᠪᠡᠳᠦᠭᠡᠷ ᠤᠯᠠᠷᠢᠯ᠎ᠤᠨ ᠪᠠᠢ᠌ᠴᠠᠭ᠋ᠠᠯᠲᠠ᠎ᠳᠤ 13 ᠵᠠᠰᠠᠭ᠎ᠤᠨ ᠣᠷᠳᠣᠨ᠎ᠤ ᠰᠦᠯᠵᠢᠶ᠎ᠡ ᠪᠠ 152 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠬᠢᠷᠢ ᠲᠡᠩᠴᠡᠭᠰᠡᠨ ᠦᠭᠡᠢ ᠪᠠᠢ᠌ᠬᠤ ᠵᠢ ᠣᠯᠵᠤ ᠮᠡᠳᠡᠵᠦ᠂ ᠳᠠᠬᠢᠨ ᠪᠠᠢ᠌ᠴᠠᠭ᠋ᠠᠬᠤ᠎ᠪᠠᠷ ᠳᠡᠮᠵᠢᠨ᠂ ᠣᠯᠠᠩᠬᠢ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠨᠢᠭᠡᠨᠲᠡ ᠴᠡᠭᠴᠡᠯᠡᠨ ᠰᠠᠢ᠌ᠵᠢᠷᠠᠭᠤᠯᠤᠭᠰᠠᠨ ᠪᠣᠯᠪᠠᠴᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠰᠦᠯᠵᠢᠶ᠎ᠡ》 ᠪᠠ 《ᠦᠬᠠᠢ ᠬᠣᠲᠠ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠰᠦᠯᠵᠢᠶ᠎ᠡ》᠎ᠨᠢ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠢ᠌ᠵᠢᠷᠠᠭᠤᠯᠤᠭᠰᠠᠨ ᠦᠭᠡᠢ ᠪᠠᠢ᠌ᠭᠰᠠᠭ᠋ᠠᠷ ᠪᠠᠢ᠌ᠨ᠎ᠠ᠃

      (ᠬᠣᠶᠠᠷ) 2022 ᠣᠨ᠎ᠤ ᠨᠢᠭᠡᠳᠦᠭᠡᠷ ᠤᠯᠠᠷᠢᠯ᠎ᠳᠤ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠨᠢᠭᠡᠳᠦᠭᠡᠷ ᠤᠯᠠᠷᠢᠯ᠎ᠳᠤ 289 ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠪᠠ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠯᠠᠭ᠎ᠠ ᠮᠥᠴᠢᠷ᠎ᠤᠨ 43 ᠰᠦᠯᠵᠢᠶ᠎ᠡ ᠪᠠ ᠠᠢ᠌ᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ 115 ᠫᠤᠷᠲᠸᠯ ᠰᠦᠯᠵᠢᠶ᠎ᠡ ᠵᠢ ᠪᠦᠬᠦᠨ᠎ᠢ ᠪᠠᠢ᠌ᠴᠠᠭ᠋ᠠᠪᠠ; ᠡᠭᠦᠨ᠎ᠠᠴᠠ ᠭᠠᠳᠠᠨ᠎ᠠ᠂ ᠡᠯ᠎ᠡ ᠠᠢ᠌ᠮᠠᠭ ᠬᠣᠲᠠ ᠵᠢᠨ ᠰᠠᠯᠠᠭ᠎ᠠ ᠮᠥᠴᠢᠷ᠎ᠤᠨ 131 ᠰᠦᠯᠵᠢᠶ᠎ᠡ ᠵᠢ ᠰᠤᠭᠤᠴᠢᠨ ᠪᠠᠢ᠌ᠴᠠᠭ᠋ᠠᠵᠤ᠂ ᠶᠡᠷᠦᠩᠬᠡᠢ ᠲᠣᠭ᠋ᠠᠨ᠎ᠤ 34.11% ᠵᠢ ᠡᠵᠡᠯᠡᠪᠡ᠃ ᠪᠤᠭᠤᠲᠤ ᠬᠣᠲᠠ᠂ ᠠᠯᠠᠱ᠌ᠠ ᠠᠢ᠌ᠮᠠᠭ᠂ ᠤᠯᠠᠭ᠋ᠠᠨᠬᠠᠳᠠ ᠬᠣᠲᠠ᠂ ᠣᠷᠳᠣᠰ ᠬᠣᠲᠠ᠂ ᠰᠢᠯᠢ ᠵᠢᠨ ᠭᠣᠣᠯ ᠠᠢ᠌ᠮᠠᠭ᠎ᠤᠨ ᠰᠦᠯᠵᠢᠶ᠎ᠡ ᠵᠢᠨ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 100%᠎ᠳᠤ ᠬᠥᠷᠪᠡ; ᠦᠬᠠᠢ ᠬᠣᠲᠠ᠂ ᠬᠢᠩᠭ᠋ᠠᠨ ᠠᠢ᠌ᠮᠠᠭ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠬᠢᠷᠢ ᠲᠡᠩᠴᠡᠭᠰᠡᠨ ᠨᠣᠷᠮ᠎ᠠ ᠨᠡᠯᠢᠶᠡᠳ ᠳᠣᠣᠷ᠎ᠠ ᠪᠠᠢ᠌ᠨ᠎ᠠ᠃ ᠲᠣᠪᠣᠢ᠌ᠮ᠎ᠠ ᠠᠰᠠᠭᠤᠳᠠᠯ ᠣᠷᠣᠰᠢᠵᠤ ᠪᠠᠢ᠌ᠭ᠎ᠠ ᠵᠠᠰᠠᠭ᠎ᠤᠨ ᠣᠷᠳᠣᠨ᠎ᠤ ᠰᠦᠯᠵᠢᠶ᠎ᠡ 15 ᠪᠠᠢ᠌ᠵᠤ᠂ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 94.81%᠎ᠳᠤ ᠬᠦᠷᠴᠦ᠂ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠬᠣᠶᠠᠷ ᠤᠯᠠᠷᠢᠯ ᠳᠠᠷᠠᠭ᠋ᠠᠯᠠᠨ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ᠃ ᠰᠤᠭᠤᠴᠢᠨ ᠪᠠᠢ᠌ᠴᠠᠭ᠋ᠠᠭ᠋ᠠᠳ ᠣᠯᠵᠤ ᠮᠡᠳᠡᠭᠰᠡᠨ᠎ᠨᠢ᠂ ᠮᠠᠨ᠎ᠤ ᠣᠷᠣᠨ᠎ᠤ 47.41% ᠵᠢᠨ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ᠎ᠨᠢ ᠪᠠᠢ᠌ᠩᠭᠤ ᠲᠣᠬᠢᠶᠠᠯᠳᠤᠳᠠᠭ ᠯᠠᠪᠯᠠᠭ᠎ᠠ᠎ᠳᠤ 5 ᠠᠵᠢᠯᠯᠠᠬᠤ ᠡᠳᠦᠷ᠎ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ᠂ 2021 ᠣᠨ᠎ᠤ ᠳᠥᠷᠪᠡᠳᠦᠭᠡᠷ ᠤᠯᠠᠷᠢᠯ᠎ᠤᠨ᠎ᠬᠢ᠎ᠠᠴᠠ 5.17 ᠵᠠᠭᠤᠨ᠎ᠤ ᠨᠢᠭᠡᠴᠢ ᠳᠡᠭᠡᠭᠰᠢᠯᠡᠵᠦ᠂ ᠡᠭᠦᠨ᠎ᠳᠤ 24 ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ᠎ᠨᠢ 1 ᠠᠵᠢᠯᠯᠠᠬᠤ ᠡᠳᠦᠷ᠎ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ ᠴᠢᠳᠠᠪᠠ᠃

      (ᠭᠤᠷᠪᠠ) 2022 ᠣᠨ᠎ᠤ ᠨᠢᠭᠡᠳᠦᠭᠡᠷ ᠤᠯᠠᠷᠢᠯ᠎ᠳᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ᠃ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠠᠴᠠ ᠨᠡᠶ᠋ᠢᠲᠡ 2706 ᠵᠢ ᠰᠤᠭᠤᠴᠢᠨ ᠪᠠᠢ᠌ᠴᠠᠭ᠋ᠠᠵᠤ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠠᠯᠠᠭ᠎ᠠ ᠮᠥᠴᠢᠷ᠎ᠤᠨ 384 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠲᠤ ᠴᠥᠮ ᠪᠠᠢ᠌ᠴᠠᠭ᠋ᠠᠯᠲᠠ ᠬᠢᠵᠦ᠂ ᠡᠯ᠎ᠡ ᠠᠢ᠌ᠮᠠᠭ᠎ᠤᠨ ᠬᠣᠲᠠ ᠵᠢᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ 2322 ᠰᠤᠭᠤᠴᠢᠨ ᠪᠠᠢ᠌ᠴᠠᠭ᠋ᠠᠵᠤ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ᠎ᠨᠢ 97.56%᠎ᠳᠤ ᠬᠥᠷᠪᠡ; ᠬᠢᠷᠢ ᠲᠡᠩᠴᠡᠭᠰᠡᠨ ᠦᠭᠡᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ 66 ᠪᠠᠢ᠌ᠬᠤ ᠵᠢ ᠢᠯᠡᠷᠡᠭᠦᠯᠵᠦ᠂ ᠨᠢᠳᠤᠨᠤᠨ᠎ᠤ ᠳᠥᠷᠪᠡᠳᠦᠭᠡᠷ ᠤᠯᠠᠷᠢᠯ᠎ᠤᠨ᠎ᠬᠢ᠎ᠠᠴᠠ 4.14%᠎ᠪᠠᠷ ᠳᠡᠭᠡᠭᠰᠢᠯᠡᠵᠡᠢ᠃ ᠪᠤᠭᠤᠲᠤ ᠬᠤᠳᠠ᠂ ᠬᠥᠯᠥᠨ ᠪᠤᠢ᠍ᠢ᠍ᠷ ᠬᠤᠳᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠤᠳᠠ᠂ ᠣᠷᠳᠣᠰ ᠬᠤᠳᠠ᠂ ᠦᠬᠠᠢ ᠬᠤᠳᠠ᠂ ᠠᠯᠠᠱ᠌ᠠ ᠠᠢ᠌ᠮᠠᠭ ᠵᠡᠷᠭᠡ ᠠᠢ᠌ᠮᠠᠭ ᠬᠤᠳᠠ ᠵᠢᠨ ᠬᠢᠷᠢ ᠲᠡᠩᠴᠡᠭᠰᠡᠨ ᠨᠤᠷᠮ᠎ᠠ᠎ᠨᠢ ᠳᠤᠮᠳᠠᠴᠢ ᠲᠦᠪᠰᠢᠨ᠎ᠠᠴᠠ ᠥᠨᠳᠥᠷ ᠪᠠᠢ᠌ᠵᠤ᠂ ᠬᠥᠬᠡᠬᠣᠲᠠ᠂ ᠪᠠᠶᠠᠨᠨᠠᠭᠤᠷ ᠬᠤᠳᠠ ᠵᠢᠨ ᠬᠢᠷᠢ ᠲᠡᠩᠴᠡᠭᠰᠡᠨ ᠨᠤᠷᠮ᠎ᠠ ᠨᠡᠯᠢᠶᠡᠳ ᠳᠣᠣᠷ᠎ᠠ ᠪᠠᠢ᠌ᠨ᠎ᠠ᠃

      ᠬᠣᠶᠠᠷ᠂ ᠣᠷᠣᠰᠢᠵᠤ ᠪᠠᠢ᠌ᠭ᠎ᠠ ᠭᠣᠣᠯ ᠠᠰᠠᠭᠤᠳᠠᠯ

      (ᠨᠢᠭᠡ) ᠠᠵᠢᠯᠯᠠᠭᠤᠯᠬᠤ ᠪᠠᠲᠤᠯᠠᠬᠤ ᠴᠢᠳᠠᠪᠤᠷᠢ ᠵᠢᠴᠢ ᠴᠢᠳᠠᠮᠵᠢ ᠵᠢᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃ ᠣᠨᠴᠠ ᠵᠠᠷᠢᠮ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠡᠳᠦᠷ ᠲᠤᠲᠤᠮ᠎ᠤᠨ ᠠᠵᠢᠯᠯᠠᠭᠤᠯᠵᠤ ᠪᠠᠲᠤᠯᠠᠬᠤ ᠬᠢᠨᠠᠯᠲᠠ ᠬᠠᠮᠢᠶᠠᠷᠤᠯᠲᠠ᠎ᠨᠢ ᠬᠦᠷᠦᠯᠴᠡᠬᠦ ᠦᠭᠡᠢ᠂ ᠮᠡᠳᠡᠭᠡ ᠵᠠᠩᠭᠢ ᠨᠡᠢ᠌ᠲᠡᠯᠡᠵᠦ ᠬᠢᠨᠠᠨ ᠬᠠᠷᠭᠤᠭᠤᠯᠬᠤ᠎ᠪᠠᠨ ᠴᠢᠩᠭ᠎ᠠ ᠠᠳᠬᠤᠭᠰᠠᠨ ᠦᠭᠡᠢ ᠪᠠᠢ᠌ᠳᠠᠭ᠂ ᠵᠢᠱ᠌ᠢᠶᠡᠯᠡᠪᠡᠯ 《ᠥᠪᠥᠷ ᠮᠣᠩᠭᠣᠯ᠎ᠤᠨ ᠬᠣᠷᠢᠨᠭᠡᠷ ᠰᠢᠨ᠎ᠡ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ》 《ᠤᠳᠠ ᠵᠢᠨ ᠲᠣᠬᠣᠢ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ》 ᠵᠡᠷᠭᠡ ᠰᠦᠯᠵᠢᠶᠡᠨ᠎ᠳᠤ ᠬᠦᠨᠳᠦ ᠨᠣᠴᠢᠲᠠᠢ ᠪᠤᠷᠤᠭᠤ ᠲᠣᠭ᠋ᠠᠴᠢᠯᠲᠠ ᠣᠷᠣᠰᠢᠵᠤ ᠪᠠᠢ᠌ᠨ᠎ᠠ᠃ ᠣᠨᠴᠠ ᠵᠠᠷᠢᠮ ᠵᠠᠰᠠᠭ᠎ᠤᠨ ᠣᠷᠳᠣᠨ᠎ᠤ ᠰᠦᠯᠵᠢᠶ᠎ᠡ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠰᠢᠨᠡᠳᠬᠡᠭᠰᠡᠨ ᠦᠭᠡᠢ᠂ ᠬᠣᠭᠣᠰᠤᠨ ᠪᠣᠯᠤᠩ ᠦᠯᠡᠳᠡᠭᠡᠬᠦ ᠪᠠ ᠬᠣᠯᠪᠣᠭ᠋ᠠᠰᠤ᠎ᠨᠢ ᠬᠡᠷᠡᠭᠯᠡᠭᠳᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠂ ᠵᠢᠱ᠌ᠢᠶᠡᠯᠡᠪᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ》 《ᠵᠦᠸᠧᠽᠢ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ》 ᠵᠡᠷᠭᠡ ᠰᠦᠯᠵᠢᠶᠡᠨ᠎ᠳᠤ ᠣᠯᠠᠨ ᠬᠣᠭᠣᠰᠤᠨ ᠪᠤᠯᠤᠩ ᠣᠷᠣᠰᠢᠵᠤ ᠪᠠᠢ᠌ᠨ᠎ᠠ᠃ ᠵᠠᠰᠠᠭ᠎ᠤᠨ ᠣᠷᠳᠣᠨ᠎ᠤ ᠬᠡᠰᠡᠭ ᠰᠦᠯᠵᠢᠶ᠎ᠡ᠎ᠨᠢ ᠰᠦᠯᠵᠢᠶᠡᠴᠢᠳ᠎ᠤᠨ ᠬᠠᠯᠠᠮᠵᠢᠯᠠᠯ᠎ᠳᠤ ᠴᠠᠭ ᠲᠤᠬᠠᠢ᠎ᠳᠤ᠎ᠨᠢ ᠬᠠᠷᠢᠭᠤ ᠥᠭᠭᠦᠭᠰᠡᠨ ᠦᠭᠡᠢ ᠪᠠᠢ᠌ᠳᠠᠭ᠂ ᠵᠢᠱ᠌ᠢᠶᠡᠯᠡᠪᠡᠯ 《ᠬᠤᠤᠯᠢᠩᠭᠣᠣᠯ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ》 ᠰᠦᠯᠵᠢᠶ᠎ᠡ᠎ᠨᠢ ᠰᠦᠯᠵᠢᠶᠡᠴᠢᠳ᠎ᠤᠨ ᠦᠯᠡᠳᠡᠭᠡᠭᠰᠡᠨ ᠦᠭᠡᠨ᠎ᠳᠤ ᠬᠠᠷᠢᠭᠤ ᠥᠭᠭᠦᠭᠰᠡᠨ ᠦᠭᠡᠢ 3 ᠰᠠᠷ᠎ᠠ ᠬᠡᠲᠦᠷᠡᠪᠡ᠃ ᠣᠨᠴᠠ ᠵᠠᠷᠢᠮ ᠵᠠᠰᠠᠭ᠎ᠤᠨ ᠣᠷᠳᠣᠨ᠎ᠤ ᠰᠦᠯᠵᠢᠶᠡᠨ᠎ᠳᠤ ᠲᠠᠪᠴᠠᠩ᠎ᠤᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠡᠢ᠌ᠳᠬᠡᠬᠦ ᠡᠷᠴᠢᠮ ᠰᠤᠯᠠ᠂ ᠡᠷᠴᠢᠮᠵᠢᠭᠦᠯᠦᠭᠰᠡᠨ ᠬᠡᠮᠵᠢᠶ᠎ᠡ ᠨᠡᠯᠢᠶᠡᠳ ᠳᠣᠣᠷ᠎ᠠ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠂ ᠵᠢᠱ᠌ᠢᠶᠡᠯᠡᠪᠡᠯ 《ᠱᠠᠩᠳᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶᠡᠨ᠎ᠳᠠᠬᠢ ᠬᠠᠢ᠌ᠬᠤ ᠴᠢᠳᠠᠮᠵᠢ ᠵᠢᠨ ᠪᠦᠷᠬᠦᠴᠡ᠎ᠨᠢ ᠪᠦᠷᠢᠨ ᠪᠤᠰᠤ᠂ ᠨᠢᠭᠡᠨᠲᠡ ᠨᠡᠢ᠌ᠲᠡᠯᠡᠭᠰᠡᠨ ᠬᠡᠰᠡᠭ ᠬᠠᠷᠢᠯᠴᠠᠨ ᠦᠢ᠍ᠯᠡᠳᠦᠯᠴᠡᠵᠦ ᠬᠠᠷᠢᠭᠤ ᠥᠭᠬᠦ᠂ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ ᠵᠡᠷᠭᠡ ᠮᠡᠳᠡᠭᠡ ᠵᠠᠩᠭᠢ ᠪᠤᠶᠤ ᠦᠢ᠍ᠯᠡᠴᠢᠯᠡᠭᠡᠨ᠎ᠤ ᠭᠠᠷᠴᠠᠭ᠎ᠢ ᠪᠥᠬᠥ ᠥᠷᠲᠡᠭᠡ ᠵᠢᠨ ᠬᠠᠢ᠌ᠬᠤ ᠴᠢᠳᠠᠮᠵᠢ᠎ᠪᠠᠷ ᠬᠠᠢ᠌ᠭ᠋ᠠᠳ ᠣᠯᠣᠭᠰᠠᠨ ᠦᠭᠡᠢ᠃ ᠣᠨᠴᠠ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠰᠦᠯᠵᠢᠶᠡᠨ᠎ᠤ ᠢᠯᠡᠳᠬᠡᠮᠵᠢ ᠵᠢ ᠵᠢᠷᠤᠮᠵᠢᠭᠤᠯᠤᠨ ᠪᠠᠢ᠌ᠷᠢᠯᠠᠭᠤᠯᠤᠭᠰᠠᠨ ᠦᠭᠡᠢ ᠪᠠᠢ᠌ᠳᠠᠭ᠂ ᠵᠢᠱ᠌ᠢᠶᠡᠯᠡᠪᠡᠯ 《ᠢᠦᠢ᠌ᠴᠤᠸᠠᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶᠡᠨ᠎ᠤ ᠬᠡᠰᠡᠭ ᠲᠤᠰᠬᠠᠢ ᠰᠡᠳᠦᠪᠲᠦ ᠨᠢᠭᠤᠷ᠎ᠤᠨ ᠲᠡᠷᠢᠭᠦᠨ ᠬᠡᠰᠡᠭ᠎ᠤᠨ ᠣᠷᠣᠨ ᠪᠠᠢ᠌ᠷᠢ᠎ᠨᠢ ᠢᠯᠡᠷᠬᠡᠢ ᠪᠤᠰᠤ᠂ ᠰᠦᠯᠵᠢᠶᠡᠨ᠎ᠤ ᠨᠡᠷᠡᠢ᠌ᠳᠦᠯ ᠵᠶ᠋ᠠᠨ ᠵᠢᠷᠤᠮᠵᠢᠭᠤᠯᠤᠨ ᠢᠯᠡᠷᠡᠭᠦᠯᠦᠭᠰᠡᠨ ᠦᠭᠡᠢ᠂ ᠨᠢᠭᠤᠷ᠎ᠤᠨ ᠳᠣᠣᠷ᠎ᠠ ᠬᠡᠰᠡᠭ᠎ᠤᠨ ᠴᠢᠳᠠᠮᠵᠢᠲᠤ ᠣᠷᠣᠨ᠎ᠳᠤ ᠰᠦᠯᠵᠢᠶᠡᠨ᠎ᠤ ᠢᠯᠡᠳᠬᠡᠮᠵᠢ ᠵᠢ ᠵᠢᠷᠤᠮᠵᠢᠭᠤᠯᠤᠨ ᠨᠡᠮᠡᠭᠰᠡᠨ ᠦᠭᠡᠢ ᠪᠠ 《ᠵᠠᠰᠠᠭ᠎ᠤᠨ ᠣᠷᠳᠣᠨ᠎ᠤ ᠰᠦᠯᠵᠢᠶᠡᠨ᠎ᠤ ᠪᠤᠷᠤᠭᠤ ᠵᠢ ᠪᠢ ᠣᠯᠵᠤ ᠥᠭᠬᠦ》 ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ᠎ᠤᠨ ᠣᠷᠤᠴᠠ ᠵᠢ ᠵᠢᠷᠤᠮᠵᠢᠭᠤᠯᠤᠨ ᠨᠡᠮᠡᠭᠰᠡᠨ ᠦᠭᠡᠢ ᠪᠠᠢ᠌ᠨ᠎ᠠ᠃

      (ᠬᠣᠶᠠᠷ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠨᠡᠢ᠌ᠲᠡᠯᠡᠬᠦ᠎ᠳᠤ ᠵᠢᠷᠤᠮᠵᠢᠯ᠎ᠤᠨ ᠴᠢᠨᠠᠷ᠎ᠢ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃ ᠬᠡᠰᠡᠭ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠵᠤ ᠨᠡᠢ᠌ᠲᠡᠯᠡᠬᠦ ᠵᠢ ᠴᠢᠬᠤᠯᠠᠴᠢᠯᠠᠭᠰᠠᠨ ᠵᠶ᠋ᠠᠷ ᠬᠦᠷᠦᠯᠴᠡᠬᠦ ᠦᠭᠡᠢ᠂ ᠬᠠᠮᠢᠶ᠎ᠠ ᠪᠦᠬᠦᠢ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠨᠡᠢ᠌ᠲᠡᠯᠡᠭᠰᠡᠨ ᠦᠭᠡᠢ᠂ ᠣᠨᠣᠪᠴᠢᠲᠠᠶ ᠨᠡᠢ᠌ᠲᠡᠯᠡᠭᠰᠡᠨ ᠦᠭᠡᠢ᠂ ᠣᠨ᠎ᠤ ᠮᠡᠳᠡᠭᠦᠯᠦᠯᠲᠡ ᠵᠢᠨ ᠠᠭᠤᠯᠭ᠎ᠠ᠎ᠨᠢ ᠪᠦᠷ ᠠᠳᠠᠯᠢ ᠪᠠᠢ᠌ᠨ᠎ᠠ᠂ ᠵᠢᠱ᠌ᠢᠶᠡᠯᠡᠪᠡᠯ 《ᠰᠢᠯᠢ ᠵᠢᠨ ᠭᠣᠣᠯ ᠠᠢ᠌ᠮᠠᠭ᠎ᠤᠨ ᠤᠰᠤᠨ ᠠᠰᠢᠭᠯᠠᠯᠲᠠ ᠵᠢᠨ ᠲᠣᠪᠴᠢᠶ᠎ᠠ》 ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ᠎ᠪᠠᠨ ᠨᠡᠢ᠌ᠲᠡᠯᠡᠭᠰᠡᠨ ᠬᠤᠭᠤᠴᠠᠭ᠎ᠠ᠎ᠨᠢ ᠬᠡᠲᠦᠷᠡᠪᠡ; 《ᠭᠡᠭᠡᠨ ᠭᠣᠣᠯ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ》᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ᠎ᠳᠠᠬᠢ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠭᠥᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠢ᠌ᠳᠠᠯ》᠎ᠨᠢ ᠳᠡᠭᠡᠷ᠎ᠡ ᠨᠢᠭᠡ ᠵᠢᠯ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠎ᠲᠠᠢ ᠵᠣᠯᠭ᠋ᠠᠭᠤᠯᠤᠭᠰᠠᠨ᠎ᠨᠢ ᠣᠨᠣᠪᠴᠢ ᠦᠭᠡᠢ ᠪᠠᠢ᠌ᠨ᠎ᠠ᠃ ᠬᠡᠰᠡᠭ ᠨᠢᠭᠡᠴᠢ ᠵᠢᠨ ᠨᠡᠢ᠌ᠲᠡᠯᠡᠭᠰᠡᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢᠨ ᠠᠭᠤᠯᠭ᠎ᠠ᠎ᠨᠢ ᠵᠢᠷᠤᠮᠵᠢᠯ ᠦᠭᠡᠢ ᠪᠠᠢ᠌ᠨ᠎ᠠ᠂ ᠵᠢᠱ᠌ᠢᠶᠡᠯᠡᠪᠡᠯ 《ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》 《ᠪᠠᠶᠠᠨᠨᠠᠭᠤᠷ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ》 ᠵᠢᠨ ᠣᠨ᠎ᠤ ᠮᠡᠳᠡᠭᠦᠯᠦᠯᠲᠡ᠎ᠳᠠᠬᠢ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠢ᠌ᠳᠠᠯ》᠂ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠤᠶᠤᠴᠢᠯᠠᠯ᠎ᠢ ᠭᠥᠯᠢᠶᠡᠨ ᠠᠪᠤᠭᠰᠠᠨ ᠪᠠ ᠰᠢᠢ᠍ᠳᠪᠦᠷᠢᠯᠡᠭᠰᠡᠨ ᠪᠠᠢ᠌ᠳᠠᠯ》 ᠪᠠ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠪᠠᠢ᠌ᠳᠠᠯ᠂ ᠵᠠᠰᠠᠭ ᠵᠠᠬᠢᠷᠭ᠋ᠠᠨ᠎ᠤ ᠵᠠᠷᠭᠤ ᠵᠢᠨ ᠪᠠᠢ᠌ᠳᠠᠯ》᠎ᠤᠨ ᠬᠦᠰᠦᠨᠦᠭᠲᠦ᠎ᠳᠤ ᠶᠡᠬᠡ ᠬᠡᠮᠵᠢᠶᠡᠨ᠎ᠤ ᠬᠣᠭᠣᠰᠤᠨ ᠵᠠᠢ ᠦᠯᠡᠳᠡᠭᠡᠵᠦ᠃ ᠲᠣᠭ᠎ᠠ ᠬᠡᠮᠵᠢᠶ᠎ᠡ᠎ᠨᠢ ᠲᠡᠭ ᠪᠠᠢ᠌ᠬᠤ ᠵᠦᠢ᠍ᠯᠡᠰ᠎ᠢ ᠲᠠᠭᠯᠠᠭᠰᠠᠨ ᠦᠭᠡᠢ ᠪᠠᠢ᠌ᠳᠠᠭ᠂ ᠬᠡᠰᠡᠭ ᠨᠢᠭᠡᠴᠢ ᠵᠢᠨ ᠣᠨ᠎ᠤ ᠮᠡᠳᠡᠭᠦᠯᠦᠯᠲᠡ᠎ᠳᠤ ᠵᠢᠭᠰᠠᠭ᠋ᠠᠭᠰᠠᠨ 《ᠮᠡᠳᠡᠭᠦᠯᠬᠦ ᠴᠢᠬᠤᠯᠠᠲᠠᠢ ᠪᠤᠰᠤᠳ ᠵᠦᠢ᠍ᠯᠡᠰ》᠎ᠲᠤ ᠮᠡᠳᠡᠭᠡ ᠵᠠᠩᠭᠢ ᠰᠢᠢ᠍ᠳᠪᠦᠷᠢᠯᠡᠬᠦ ᠰᠦᠢ᠍ᠳᠬᠡᠯ ᠬᠤᠷᠢᠶᠠᠭᠰᠠᠨ ᠪᠠᠢ᠌ᠳᠠᠯ ᠵᠶ᠋ᠠᠨ ᠬᠠᠩᠭ᠋ᠠᠭᠰᠠᠨ ᠦᠭᠡᠢ ᠪᠠᠢ᠌ᠳᠠᠭ᠃ ᠣᠨᠴᠠ ᠵᠠᠷᠢᠮ ᠰᠠᠯᠠᠭ᠎ᠠ ᠮᠥᠴᠢᠷ᠎ᠤᠨ ᠨᠡᠢ᠌ᠲᠡᠯᠡᠭᠰᠡᠨ ᠣᠨ᠎ᠤ ᠮᠡᠳᠡᠭᠦᠯᠦᠯᠲᠡ᠎ᠨᠢ ᠳᠡᠭᠡᠷ᠎ᠡ ᠵᠢᠯ᠎ᠤᠨ ᠮᠡᠳᠡᠭᠦᠯᠦᠯᠲᠡ᠎ᠯᠦᠭᠡ ᠨᠡᠯᠢᠶᠡᠳ ᠠᠳᠠᠯᠢ ᠪᠠᠢ᠌ᠨ᠎ᠠ᠂ ᠵᠢᠱ᠌ᠢᠶᠡᠯᠡᠪᠡᠯ 《ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》᠎ᠤ 2021 ᠣᠨ᠎ᠤ ᠮᠡᠳᠡᠭᠦᠯᠦᠯᠲᠡ᠎ᠳᠤ᠂ ᠲᠠᠪᠤᠳᠤᠭ᠋ᠠᠷ ᠬᠡᠰᠡᠭ᠎ᠤᠨ ᠠᠭᠤᠯᠭ᠎ᠠ᠎ᠨᠢ ᠳᠡᠭᠡᠷ᠎ᠡ ᠵᠢᠯ᠎ᠤᠨ ᠮᠡᠳᠡᠭᠦᠯᠦᠯᠲᠡ ᠵᠢᠨ ᠠᠭᠤᠯᠭ᠎ᠠ ᠵᠢ ᠲᠡᠷᠡ ᠬᠡᠪ ᠵᠶ᠋ᠡᠷ᠎ᠨᠢ ᠬᠠᠭᠤᠯᠤᠭᠰᠠᠨ ᠠᠰᠠᠭᠤᠳᠠᠯ ᠣᠷᠣᠰᠢᠵᠤ᠂ ᠨᠡᠢ᠌ᠲᠡᠯᠡᠵᠦ ᠬᠢᠨᠠᠨ ᠬᠠᠷᠭᠤᠭᠤᠯᠬᠤ ᠵᠢ ᠴᠢᠩᠭ᠎ᠠ ᠠᠳᠬᠤᠭᠰᠠᠨ ᠦᠭᠡᠢ ᠪᠠᠢ᠌ᠳᠠᠭ᠃

      (ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃ ᠰᠤᠭᠤᠴᠢᠨ ᠪᠠᠢ᠌ᠴᠠᠭ᠋ᠠᠯᠲᠠ᠎ᠪᠠᠷ ᠣᠯᠵᠤ ᠮᠡᠳᠡᠭᠰᠡᠨ ᠵᠶ᠋ᠡᠷ ᠬᠡᠰᠡᠭ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠤᠨ ᠠᠭᠤᠯᠭ᠎ᠠ᠎ᠪᠠᠨ ᠣᠷᠳᠣ ᠬᠤᠭᠤᠴᠠᠭ᠎ᠠ᠎ᠪᠠᠷ ᠰᠢᠨᠡᠳᠬᠡᠭᠰᠡᠨ ᠦᠭᠡᠢ᠂ ᠶᠡᠬᠡ ᠬᠡᠮᠵᠢᠶᠡᠨ᠎ᠤ 《ᠦᠬᠦᠮᠡᠯ》 ᠲᠠᠩᠰᠠᠨ ᠳ᠋ᠤᠭ᠋ᠠᠷ ᠣᠷᠣᠰᠢᠵᠤ ᠪᠠᠢ᠌ᠨ᠎ᠠ᠃ ᠵᠢᠱ᠌ᠢᠶᠡᠯᠡᠪᠡᠯ ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠬᠠᠩᠭᠢᠨ ᠬᠣᠢ᠌ᠲᠤ ᠬᠣᠰᠢᠭᠤᠨ᠎ᠤ ᠵᠠᠮ ᠲᠡᠭᠡᠭᠡᠪᠦᠷᠢ ᠵᠢᠨ ᠬᠠᠮᠢᠶᠠᠷᠤᠯᠲᠠ ᠵᠢᠨ ᠭᠠᠵᠠᠷ》᠂ ᠰᠢᠨ ᠯᠠᠩ ᠪᠢᠴᠢᠯ ᠪᠯᠣᠭ᠎ᠤᠨ 《ᠲᠣᠭᠲᠠᠬᠤ ᠵᠢᠨ ᠴᠠᠭᠳᠠᠭ᠋ᠠᠨ᠎ᠤ ᠶᠠᠪᠤᠳᠠᠯ》᠂ ᠥᠨᠥᠳᠥᠷ᠎ᠤᠨ ᠲᠡᠷᠢᠭᠦᠨ ᠵᠤᠷᠪᠤᠰ 《ᠤᠷᠠᠳ᠎ᠤᠨ ᠡᠮᠦᠨᠡᠲᠦ ᠬᠣᠰᠢᠭᠤᠨ᠎ᠤ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠲᠠᠩᠰᠠᠨ ᠳ᠋ᠤᠭ᠋ᠠᠷ ᠵᠶ᠋ᠠᠨ ᠴᠥᠮ ᠣᠷᠳᠣ ᠬᠤᠭᠤᠴᠠᠭ᠎ᠠ᠎ᠪᠠᠷ ᠰᠢᠨᠡᠳᠬᠡᠭᠰᠡᠨ ᠦᠭᠡᠢ ᠪᠠᠢ᠌ᠨ᠎ᠠ᠃ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠥᠪᠡᠷᠲᠡᠭᠡᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠢ ᠪᠣᠳᠠᠲᠠᠢ᠌ᠵᠢᠭᠤᠯᠤᠭᠰᠠᠨ ᠦᠭᠡᠢ᠂ ᠦᠢ᠍ᠯᠡᠳᠦᠯᠴᠡᠯ᠎ᠤᠨ ᠴᠢᠳᠠᠮᠵᠢ ᠵᠢᠨ ᠪᠠᠲᠤᠯᠠᠭ᠎ᠠ ᠵᠢ ᠨᠠᠢ᠌ᠳᠠᠪᠤᠷᠢᠵᠢᠭᠤᠯᠤᠭᠰᠠᠨ ᠦᠭᠡᠢ ᠪᠠᠢ᠌ᠨ᠎ᠠ᠂ ᠵᠢᠱ᠌ᠢᠶᠡᠯᠡᠪᠡᠯ ᠸᠢᠴᠠᠲ᠎ᠤᠨ ᠨᠡᠶ᠋ᠢᠲᠡ ᠵᠢᠨ ᠳ᠋ᠤᠭ᠋ᠠᠷ 《WLHD ᠦᠢ᠍ᠯᠡᠴᠢᠯᠡᠭᠡᠨ᠎ᠤ ᠲᠠᠪᠴᠠᠩ》᠂ 《ᠥᠨᠥᠳᠥᠷ᠎ᠤᠨ ᠭᠠᠬᠠᠢ᠌ᠲᠤ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠪᠦᠲᠦᠮᠵᠢᠲᠡᠶ ᠦᠢ᠍ᠯᠡᠳᠦᠯᠴᠡᠬᠦ ᠴᠢᠳᠠᠮᠵᠢ ᠬᠠᠩᠭ᠋ᠠᠭᠰᠠᠨ ᠦᠭᠡᠢ ᠪᠠᠢ᠌ᠳᠠᠭ᠃

      ᠭᠤᠷᠪᠠ᠂ ᠲᠠᠷᠠᠭ᠋ᠠᠴᠢ ᠵᠢᠨ ᠠᠯᠬᠤᠮ᠎ᠤᠨ ᠠᠵᠢᠯ᠎ᠤᠨ ᠰᠠᠨᠠᠭᠤᠯᠭ᠎ᠠ

      (ᠨᠢᠭᠡ) ᠡᠳᠦᠷ ᠲᠤᠲᠤᠮ᠎ᠤᠨ ᠠᠵᠢᠯᠯᠠᠭᠤᠯᠬᠤ ᠪᠠᠲᠤᠯᠠᠬᠤ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠳ 《ᠱᠠᠲᠤ ᠬᠤᠪᠢᠶᠠᠨ ᠬᠢᠨᠠᠨ ᠬᠠᠷᠭᠤᠭᠤᠯᠬᠤ᠂ ᠤᠷᠢᠳ ᠵᠶ᠋ᠠᠷ ᠬᠢᠨᠠᠵᠤ ᠳᠠᠷᠠᠭ᠎ᠠ᠎ᠨᠢ ᠲᠠᠷᠬᠠᠭ᠋ᠠᠬᠤ》 ᠵᠠᠷᠴᠢᠮ᠎ᠢ ᠴᠢᠩᠭ᠎ᠠ ᠵᠢᠷᠤᠮᠯᠠᠨ᠂ ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠨᠡᠢ᠌ᠲᠡᠯᠡᠬᠦ ᠵᠢ ᠬᠢᠨᠠᠨ ᠬᠠᠷᠭᠤᠭᠤᠯᠬᠤ ᠠᠵᠢᠯ ᠵᠶ᠋ᠠᠨ ᠦᠨᠡᠨ ᠬᠦ᠌ ᠰᠠᠢ᠌ᠲᠤᠷ ᠬᠢᠵᠦ᠂ ᠮᠡᠳᠡᠭᠡ ᠵᠠᠩᠭᠢ ᠨᠡᠢ᠌ᠲᠡᠯᠡᠬᠦ ᠵᠢᠨ ᠠᠮᠤᠷ ᠲᠦᠪᠰᠢᠨ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠴᠠᠭᠴᠢ ᠴᠢᠨᠠᠷ ᠪᠠ ᠡᠷᠬᠡ ᠰᠦᠷᠲᠦ ᠴᠢᠨᠠᠷ᠎ᠢ ᠦᠨᠡᠨ ᠬᠦ᠌ ᠪᠠᠲᠤᠯᠠᠬᠤ ᠬᠡᠷᠡᠭᠲᠡᠢ᠃ ᠨᠢᠭᠡᠨᠲᠡ ᠵᠠᠷᠯᠠᠨ ᠮᠡᠳᠡᠭᠳᠡᠭᠰᠡᠨ ᠭᠣᠣᠯᠳᠠᠯᠭ᠎ᠠ᠎ᠲᠠᠢ ᠠᠰᠠᠭᠤᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠷᠲᠡᠭᠡᠨ ᠪᠠᠢ᠌ᠴᠠᠭ᠋ᠠᠵᠤ᠂ ᠪᠤᠷᠤᠭᠤᠳᠠᠭᠰᠠᠨ ᠪᠠ ᠣᠷᠬᠢᠭᠳᠠᠭᠤᠯᠤᠭᠰᠠᠨ ᠮᠡᠳᠡᠭᠡ ᠵᠠᠩᠭᠢ ᠵᠢ ᠴᠠᠭ ᠲᠤᠬᠠᠢ᠎ᠳᠤ᠎ᠨᠢ ᠣᠯᠵᠤ ᠮᠡᠳᠡᠨ ᠵᠠᠯᠠᠷᠠᠭᠤᠯᠵᠤ᠂ ᠴᠠᠭ ᠲᠤᠬᠠᠢ᠎ᠳᠤ᠎ᠨᠢ ᠰᠢᠨᠡᠳᠬᠡᠭᠰᠡᠨ ᠦᠭᠡᠢ᠂ ᠬᠣᠭᠣᠰᠤᠨ ᠪᠤᠯᠤᠩ ᠦᠯᠡᠳᠡᠭᠡᠬᠦ ᠪᠠ ᠬᠦᠨᠳᠦ ᠨᠣᠴᠢᠲᠠᠢ ᠪᠤᠷᠤᠭᠤ ᠲᠣᠭ᠋ᠠᠴᠢᠬᠤ ᠵᠡᠷᠭᠡ ᠠᠰᠠᠭᠤᠳᠠᠯ ᠭᠠᠷᠬᠤ᠎ᠠᠴᠠ ᠡᠷᠡᠰ ᠵᠠᠢ᠌ᠯᠠᠰᠬᠢᠬᠦ ᠬᠡᠷᠡᠭᠲᠡᠢ᠃ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠨᠡᠭᠡᠭᠡᠬᠦ᠂ ᠡᠮᠬᠢᠯᠡᠨ ᠨᠡᠶ᠋ᠢᠯᠡᠭᠦᠯᠬᠦ᠂ ᠬᠠᠭ᠋ᠠᠵᠤ ᠵᠣᠭᠰᠤᠭ᠋ᠠᠬᠤ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠳᠠᠯᠢ ᠨᠢᠭᠡᠨ ᠨᠢᠭᠡᠴᠢ ᠠᠳᠠᠯᠢ᠎ᠨᠢ ᠨᠢᠭᠡᠨ ᠲᠠᠪᠴᠠᠩ᠎ᠳᠤ ᠣᠯᠠᠨ ᠲᠠᠩᠰᠠᠨ ᠳ᠋ᠤᠭ᠋ᠠᠷ ᠭᠠᠷᠭ᠋ᠠᠬᠤ ᠦᠭᠡᠢ᠂ ᠡᠰᠡᠬᠦᠯ᠎ᠡ ᠠᠳᠠᠯᠢ ᠪᠤᠰᠤ ᠲᠠᠪᠴᠠᠩ᠎ᠳᠤ ᠴᠢᠳᠠᠮᠵᠢ᠎ᠪᠠᠷ ᠠᠳᠠᠯᠢᠪᠲᠤᠷ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠨᠡᠭᠡᠭᠡᠬᠦ ᠪᠠᠢ᠌ᠵᠤ᠂ ᠬᠡᠷᠡᠭᠯᠡᠭᠴᠢ ᠵᠢᠨ ᠠᠩᠬᠠᠷᠬᠤ ᠬᠡᠮᠵᠢᠶ᠎ᠡ᠎ᠪᠠᠷ ᠳᠣᠣᠷ᠎ᠠ ᠪᠠ ᠠᠰᠢᠭᠯᠠᠯᠲᠠ ᠵᠢᠨ ᠨᠣᠷᠮ᠎ᠠ᠎ᠪᠠᠷ ᠥᠨᠳᠥᠷ ᠪᠤᠰᠤ ᠵᠡᠷᠭᠡ ᠠᠰᠠᠭᠤᠳᠠᠯ ᠭᠠᠷᠬᠤ᠎ᠠᠴᠠ ᠵᠠᠢ᠌ᠯᠠᠰᠬᠢᠬᠦ ᠬᠡᠷᠡᠭᠲᠡᠢ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠦᠨᠡᠨ ᠬᠦ᠌ ᠬᠠᠮᠠᠭ᠋ᠠᠯᠠᠬᠤ ᠴᠢᠳᠠᠯ ᠦᠭᠡᠢ ᠪᠣᠯ ᠡᠷᠡᠰ ᠬᠦᠴᠦᠨ ᠦᠭᠡᠢ ᠪᠣᠯᠭ᠋ᠠᠵᠤ ᠬᠠᠭ᠋ᠠᠵᠤ ᠵᠣᠭᠰᠤᠭ᠋ᠠᠬᠤ ᠬᠡᠷᠡᠭᠲᠡᠢ᠃

      (ᠬᠣᠶᠠᠷ) ᠠᠭᠤᠯᠭ᠎ᠠ ᠵᠢᠴᠢ ᠴᠢᠳᠠᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠨᠤᠭᠤᠳ ᠰᠦᠯᠵᠢᠶᠡᠨ᠎ᠤ ᠡᠷᠴᠢᠮᠵᠢᠭᠦᠯᠬᠦ ᠪᠠᠢ᠌ᠭᠤᠯᠤᠯᠲᠠ ᠵᠢᠨ ᠠᠵᠢᠯ᠎ᠢ ᠲᠦᠷᠭᠡᠳᠬᠡᠨ ᠠᠬᠢᠭᠤᠯᠵᠤ᠂ ᠰᠦᠯᠵᠢᠶᠡᠨ᠎ᠤ ᠪᠤᠯᠤᠩ ᠪᠠᠢ᠌ᠷᠢᠯᠠᠭᠤᠯᠬᠤ ᠵᠢᠴᠢ ᠰᠦᠯᠵᠢᠶᠡᠨ᠎ᠤ ᠨᠢᠭᠤᠷ᠎ᠢ ᠵᠢᠷᠤᠵᠤ ᠲᠥᠯᠥᠪᠯᠡᠬᠦ ᠵᠢ ᠤᠯᠠᠮ ᠨᠢᠭᠡ ᠠᠯᠬᠤᠮ ᠵᠢᠷᠤᠮᠵᠢᠭᠤᠯᠤᠨ᠂ ᠨᠢᠭᠡᠳᠦᠯᠲᠡᠢ ᠮᠡᠳᠡᠭᠡ ᠵᠠᠩᠭᠢ ᠵᠢᠨ ᠡᠬᠢ ᠪᠠᠶᠠᠯᠢᠭ᠎ᠤᠨ ᠬᠥᠮᠥᠷᠭᠡ᠎ᠳᠤ ᠲᠦᠰᠢᠭᠯᠡᠨ᠂ ᠨᠢᠭᠡᠳᠦᠯᠲᠡᠢ ᠵᠠᠰᠠᠭ᠎ᠤᠨ ᠣᠷᠳᠣᠨ᠎ᠤ ᠰᠦᠯᠵᠢᠶᠡᠨ᠎ᠤ ᠴᠢᠳᠠᠮᠵᠢ ᠵᠢᠨ ᠲᠤᠯᠭ᠋ᠠᠭᠤᠷᠢᠯᠠᠬᠤ ᠲᠣᠭᠲᠠᠯᠴᠠᠭ᠎ᠠ ᠵᠢ ᠪᠠᠢ᠌ᠭᠤᠯᠵᠤ᠂ ᠪᠠᠷᠢᠮᠵᠢᠶ᠎ᠠ᠎ᠨᠢ ᠨᠢᠭᠡᠳᠦᠯᠲᠡᠢ᠂ ᠲᠣᠭ᠎ᠠ ᠪᠠᠷᠢᠮᠲᠠ᠎ᠨᠢ ᠢᠵᠢᠯᠢ ᠢᠷᠡᠯᠲᠡ᠎ᠲᠠᠢ ᠬᠡᠷᠡᠭᠯᠡᠭᠡᠨ᠎ᠤ ᠦᠢ᠍ᠯᠡᠴᠢᠯᠡᠭᠡ ᠵᠢ ᠬᠠᠩᠭ᠋ᠠᠵᠤ᠂ ᠮᠡᠳᠡᠭᠡ ᠵᠠᠩᠭᠢ ᠨᠡᠢ᠌ᠲᠡᠯᠡᠬᠦ᠂ ᠲᠠᠢ᠌ᠯᠤᠮᠵᠢ ᠬᠢᠵᠦ ᠬᠠᠷᠢᠭᠤ ᠥᠭᠬᠦ᠂ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡ᠂ ᠰᠣᠯᠢᠯᠴᠠᠬᠤ ᠵᠡᠷᠭᠡ ᠴᠢᠳᠠᠮᠵᠢ ᠵᠢᠨ ᠡᠷᠴᠢᠮᠵᠢᠭᠦᠯᠦᠯᠲᠡ ᠵᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠳ ᠬᠢᠨᠠᠨ ᠰᠢᠨᠵᠢᠯᠡᠵᠦ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠵᠦ᠂ ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ᠎ᠤᠨ ᠬᠦᠴᠦᠨ᠎ᠤ ᠲᠣᠬᠢᠷᠠᠭᠤᠯᠤᠯᠲᠠ ᠵᠢ ᠴᠢᠩᠭ᠋ᠠᠳᠬᠠᠨ᠂ ᠭᠣᠣᠯᠳᠠᠯᠭ᠎ᠠ᠎ᠲᠠᠢ ᠰᠡᠷᠭᠡᠭ ᠮᠡᠳᠡᠭᠡ ᠵᠠᠩᠭᠢ ᠵᠢ ᠡᠳᠦᠷ ᠪᠦᠷᠢ ᠰᠢᠷᠪᠢᠵᠦ ᠰᠤᠭᠤᠴᠢᠨ ᠪᠠᠢ᠌ᠴᠠᠭ᠋ᠠᠵᠤ᠂ ᠠᠰᠠᠭᠤᠳᠠᠯ ᠪᠠᠢ᠌ᠪᠠᠯ ᠴᠠᠭ ᠲᠤᠬᠠᠢ᠎ᠳᠤ᠎ᠨᠢ ᠰᠢᠢ᠍ᠳᠪᠦᠷᠢᠯᠡᠬᠦ ᠬᠡᠷᠡᠭᠲᠡᠢ᠃

      (ᠭᠤᠷᠪᠠ) ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠵᠤ᠂ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠂ ᠪᠣᠳᠠᠲᠤ ᠴᠣᠭᠴᠠᠲᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠮᠡᠳᠡᠭᠡ ᠵᠠᠩᠭᠢ ᠲᠣᠭ᠎ᠠ ᠪᠠᠷᠢᠮᠲᠠ ᠵᠢ ᠬᠠᠷᠢᠯᠴᠠᠨ ᠬᠣᠯᠪᠣᠭ᠋ᠠᠯᠠᠵᠤ ᠬᠠᠮᠲᠤ᠎ᠳᠤ᠎ᠪᠠᠨ ᠬᠦᠷᠲᠡᠬᠦ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠠᠩ ᠣᠯᠠᠨ ᠵᠦᠢ᠍ᠯᠡᠰ᠎ᠢ 《ᠰᠦᠯᠵᠢᠶᠡᠨ ᠳᠡᠭᠡᠷ᠎ᠡ ᠭᠦᠢ᠍ᠴᠡᠳᠬᠡᠬᠦ》 《ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ》 ᠪᠣᠯᠭ᠋ᠠᠬᠤ ᠵᠢ ᠠᠬᠢᠭᠤᠯᠬᠤ ᠬᠡᠷᠡᠭᠲᠡᠢ᠃ ᠵᠠᠰᠠᠭ ᠠᠷᠠᠳ᠎ᠤᠨ ᠬᠠᠷᠢᠯᠴᠠᠨ ᠦᠢ᠍ᠯᠡᠳᠦᠯᠴᠡᠬᠦ ᠴᠢᠳᠠᠮᠵᠢ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠪᠦᠬᠦᠯᠢ ᠴᠣᠭᠴᠠ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠵᠦ᠂ ᠬᠦᠴᠦ᠎ᠪᠠᠨ ᠬᠠᠮᠲᠤᠳᠬᠠᠵᠤ᠂ ᠬᠠᠷᠢᠯᠴᠠᠨ ᠦᠢ᠍ᠯᠡᠳᠦᠯᠴᠡᠵᠦ ᠬᠠᠷᠢᠭᠤ ᠥᠭᠬᠦ ᠠᠷᠭ᠎ᠠ ᠵᠠᠮ᠎ᠢ ᠤᠯᠠᠮ ᠨᠢᠭᠡ ᠠᠯᠬᠤᠮ ᠴᠢᠯᠦᠭᠡᠲᠡᠢ ᠨᠡᠭᠡᠭᠡᠵᠦ᠂ ᠰᠦᠯᠵᠢᠶᠡᠴᠢᠳ᠎ᠤᠨ ᠦᠯᠡᠳᠡᠭᠡᠭᠰᠡᠨ ᠦᠭᠡ ᠵᠢ ᠬᠢᠨᠠᠨ ᠦᠵᠡᠬᠦ᠂ ᠰᠢᠢ᠍ᠳᠪᠦᠷᠢᠯᠡᠬᠦ ᠪᠠ ᠬᠠᠷᠢᠭᠤ ᠲᠤᠰᠬᠠᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠰᠠᠭᠤᠵᠤ ᠯᠠᠪᠯᠠᠬᠤ᠎ᠳᠤ ᠬᠠᠷᠢᠭᠤᠯᠲᠠ ᠥᠭᠬᠦ ᠬᠥᠮᠥᠷᠭᠡ ᠵᠢ ᠨᠢᠭᠡᠳᠦᠯᠲᠡᠢ᠂ ᠡᠷᠬᠡ ᠰᠦᠷ᠎ᠲᠠᠢ᠂ ᠪᠥᠬᠥ ᠲᠠᠯ᠎ᠠ᠎ᠪᠠᠷ ᠪᠠᠢ᠌ᠭᠤᠯᠤᠨ᠂ ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠷᠢᠯᠴᠠᠨ ᠦᠢ᠍ᠯᠡᠳᠦᠯᠴᠡᠵᠦ ᠬᠠᠷᠢᠭᠤ ᠥᠭᠬᠦ ᠠᠵᠢᠯ᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠢ᠃

      2022 ᠣᠨ᠎ᠤ ᠨᠢᠭᠡᠳᠦᠭᠡᠷ ᠤᠯᠠᠷᠢᠯ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠰᠤᠭᠤᠴᠢᠨ ᠪᠠᠢ᠌ᠴᠠᠭ᠋ᠠᠯᠲᠠ᠎ᠳᠤ ᠠᠰᠠᠭᠤᠳᠠᠯ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠵᠢᠴᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ ᠳᠠᠷᠤᠢ᠌ᠬᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠂ ᠲᠣᠰ ᠮᠡᠳᠡᠭᠡᠯᠡᠯ᠎ᠢ ᠳᠣᠷᠣᠭᠰᠢ ᠲᠠᠷᠬᠠᠭ᠋ᠠᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ ᠵᠶ᠋ᠠᠨ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠬᠠᠷᠢᠭᠤ ᠮᠡᠳᠡᠭᠦᠯᠦᠭᠡᠷᠡᠢ᠃

      ᠳᠠᠭ᠋ᠠᠯᠳᠤᠭᠤᠯᠤᠯ᠄1. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ

      2. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠦᠭᠡᠢ ᠪᠠᠢ᠌ᠳᠠᠯ

      3. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ