ᠲᠡᠷᠢᠭᠦᠨ ᠬᠠᠭᠤᠳᠠᠰᠤ   -   ᠠᠯᠪᠠᠨ ᠵᠠᠷ
ᠬᠥᠬᠡᠬᠣᠲᠠ᠂ ᠤᠯᠠᠭ᠋ᠠᠨᠴᠠᠪ ᠬᠣᠲᠠ ᠵᠢᠨ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠨ᠎ᠤ ᠦᠨᠡᠯᠡᠯᠲᠡ ᠵᠢᠨ ᠳ᠋ᠦᠩ᠎ᠤᠨ ᠵᠠᠷᠯᠠᠯ
ᠨᠡᠶ᠋ᠢᠲᠡᠯᠡᠭᠰᠡᠨ ᠴᠠᠭ᠄ 2022-06-21

      《2022 ᠣᠨ᠎ᠤ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢ ᠦᠨᠡᠯᠡᠵᠦ ᠰᠢᠯᠭ᠋ᠠᠨ ᠠᠪᠬᠤ ᠠᠵᠢᠯ᠎ᠢ ᠥᠷᠨᠢᠭᠦᠯᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠮᠤᠷ ᠲᠦᠪᠰᠢᠨ᠎ᠤ ᠠᠯᠪᠠᠨ ᠭᠡᠷ᠎ᠤᠨ ᠮᠡᠳᠡᠭᠳᠡᠯ》 (ᠢᠳᠡᠭᠡᠨ ᠠᠮᠤᠷ ᠠᠯᠪᠠᠨ [2021] 15 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠬᠥᠬᠡᠬᠣᠲᠠ᠂ ᠤᠯᠠᠭ᠋ᠠᠨᠴᠠᠪ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠭᠤᠶᠤᠴᠢᠯᠠᠯ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠵᠥᠪᠯᠡᠯ᠎ᠤᠨ ᠠᠯᠪᠠᠨ ᠭᠡᠷ᠎ᠨᠢ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠬᠠᠮᠲᠤᠷᠠᠨ᠂ ᠢᠳᠡᠭᠡᠨ᠎ᠤ ᠠᠮᠤᠷ ᠲᠦᠪᠰᠢᠨ᠎ᠤ ᠮᠡᠷᠭᠡᠵᠢᠯᠲᠡᠨ᠎ᠢ ᠰᠣᠩᠭᠣᠨ ᠲᠣᠮᠢᠯᠠᠵᠤ ᠠᠵᠢᠯᠯᠠᠬᠤ ᠳᠤᠭᠤᠢ᠌ᠯᠠᠩ ᠪᠠᠢ᠌ᠭᠤᠯᠵᠤ᠂ 《ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢᠨ ᠦᠨᠡᠯᠡᠯᠲᠡ ᠪᠠ ᠬᠠᠮᠢᠶᠠᠷᠤᠯᠲᠠ ᠵᠢᠨ ᠠᠷᠭ᠎ᠠ》 《ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢᠨ ᠦᠨᠡᠯᠡᠯᠲᠡ ᠵᠢᠨ ᠨᠠᠷᠢᠨ ᠳᠦᠷᠢᠮ (2021 ᠬᠡᠪ)》 《ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢᠨ ᠮᠤᠵᠢ ᠵᠢᠨ ᠱᠠᠲᠤᠨ᠎ᠤ ᠬᠢᠨᠠᠨ ᠲᠣᠭᠲᠠᠭ᠋ᠠᠬᠤ ᠠᠵᠢᠯᠯᠠᠭ᠋ᠠᠨ᠎ᠤ ᠬᠥᠲᠦᠯᠦᠮᠵᠢ (2021 ᠬᠡᠪ)》 ᠵᠡᠷᠭᠡ ᠵᠢ ᠦᠨᠳᠦᠰᠦᠯᠡᠨ᠂ ᠮᠠᠲ᠋ᠧᠷᠢᠶᠠᠯ᠎ᠢ ᠬᠢᠨᠠᠨ ᠪᠠᠢ᠌ᠴᠠᠭ᠋ᠠᠬᠤ᠂ ᠲᠤᠬᠠᠢ ᠵᠢᠨ ᠭᠠᠵᠠᠷ᠎ᠲᠤ᠎ᠨᠢ ᠪᠠᠢ᠌ᠴᠠᠭ᠋ᠠᠬᠤ (ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ)᠂ ᠤᠳᠤᠷᠢᠳᠤᠯᠭ᠎ᠠ ᠵᠢ ᠰᠤᠷᠪᠤᠯᠵᠢᠯᠠᠬᠤ ᠵᠡᠷᠭᠡ ᠬᠡᠯᠪᠡᠷᠢ᠎ᠪᠠᠷ ᠬᠣᠶᠠᠷ ᠬᠣᠲᠠ᠎ᠳᠤ ᠠᠩᠬᠠᠨ᠎ᠤ ᠦᠨᠡᠯᠡᠯᠲᠡ ᠬᠢᠪᠡ᠃ ᠠᠩᠬᠠᠨ᠎ᠤ ᠦᠨᠡᠯᠡᠯᠲᠡ ᠵᠢᠨ ᠪᠠᠢ᠌ᠳᠠᠯ᠎ᠢ ᠦᠨᠳᠦᠰᠦᠯᠡᠪᠡᠯ᠂ ᠬᠥᠬᠡᠬᠣᠲᠠ᠂ ᠤᠯᠠᠭ᠋ᠠᠨᠴᠠᠪ ᠬᠣᠲᠠ᠎ᠨᠢ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢᠨ ᠪᠠᠷᠢᠮᠵᠢᠶ᠎ᠠ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠢᠳᠡᠭᠡᠨ ᠪᠠ ᠡᠮ᠎ᠤᠨ ᠵᠦᠢ᠍ᠯ᠎ᠤᠨ ᠠᠮᠤᠷ ᠲᠦᠪᠰᠢᠨ᠎ᠤ ᠵᠥᠪᠯᠡᠯ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠮᠤᠷ ᠲᠦᠪᠰᠢᠨ᠎ᠤ ᠠᠯᠪᠠᠨ ᠭᠡᠷ᠎ᠲᠤ ᠬᠥᠬᠡᠬᠣᠲᠠ ᠪᠠ ᠤᠯᠠᠭ᠋ᠠᠨᠴᠠᠪ ᠬᠣᠲᠠ ᠵᠢ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢᠨ ᠨᠡᠷ᠎ᠡ ᠳᠤᠷᠠᠳᠤᠭᠰᠠᠨ ᠬᠣᠲᠠ᠎ᠪᠠᠷ ᠲᠠᠨᠢᠯᠴᠠᠭᠤᠯᠬᠤ ᠵᠢᠨ ᠬᠠᠮᠲᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠢᠳᠡᠭᠡᠨ᠎ᠤ ᠠᠮᠤᠷ ᠲᠦᠪᠰᠢᠨ᠎ᠤ ᠠᠯᠪᠠᠨ ᠭᠡᠷ᠎ᠤᠨ ᠰᠢᠯᠭ᠋ᠠᠨ ᠠᠪᠬᠤ ᠵᠢ ᠭᠤᠶᠤᠴᠢᠯᠠᠬᠤ᠎ᠪᠠᠷ ᠪᠣᠶ᠃

      ᠨᠡᠢ᠌ᠭᠡᠮ᠎ᠤᠨ ᠡᠯ᠎ᠡ ᠡᠲᠡᠭᠡᠳ᠎ᠤᠨ ᠰᠠᠨᠠᠯ᠎ᠢ ᠥᠷᠭᠡᠨ ᠵᠶ᠋ᠡᠷ ᠰᠣᠨᠣᠰᠴᠤ᠂ ᠣᠯᠠᠨ ᠲᠦᠮᠡᠨ᠎ᠤ ᠬᠢᠨᠠᠯᠲᠠ ᠵᠢ ᠬᠦᠯᠢᠶᠡᠬᠦ ᠵᠢᠨ ᠲᠤᠰᠠᠳᠠ᠂ ᠡᠳᠦᠭᠡ 《ᠬᠥᠬᠡᠬᠣᠲᠠ ᠵᠢᠨ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ ᠠᠩᠬᠠᠨ᠎ᠤ ᠦᠨᠡᠯᠡᠯᠲᠡ ᠵᠢᠨ ᠪᠠᠢ᠌ᠳᠠᠯ》 ᠪᠠ 《ᠤᠯᠠᠭ᠋ᠠᠨᠴᠠᠪ ᠬᠣᠲᠠ ᠵᠢᠨ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ ᠠᠩᠬᠠᠨ᠎ᠤ ᠦᠨᠡᠯᠡᠯᠲᠡ ᠵᠢᠨ ᠪᠠᠢ᠌ᠳᠠᠯ》᠎ᠢ ᠨᠡᠢ᠌ᠭᠡᠮ᠎ᠳᠤ ᠢᠯᠡ ᠨᠡᠢ᠌ᠲᠡᠯᠡᠪᠡ᠃ ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠥᠨ ᠴᠥᠮ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠠᠷᠭ᠎ᠠ᠎ᠪᠠᠷ ᠰᠠᠨᠠᠯ ᠰᠠᠨᠠᠭᠤᠯᠭ᠎ᠠ᠎ᠪᠠᠨ ᠲᠤᠰᠬᠠᠵᠤ ᠪᠣᠯᠣᠨ᠎ᠠ᠃ ᠠᠰᠠᠭᠤᠳᠠᠯ᠎ᠢ ᠲᠤᠰᠬᠠᠬᠤ᠎ᠳᠤ᠎ᠪᠠᠨ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠢ᠌ᠵᠤ᠂ ᠨᠢᠭᠡᠴᠢ ᠵᠢᠨ ᠨᠡᠷ᠎ᠡ᠎ᠪᠠᠷ ᠠᠰᠠᠭᠤᠳᠠᠯ᠎ᠢ ᠲᠤᠰᠬᠠᠬᠤ ᠭᠡᠪᠡᠯ᠂ ᠠᠯᠪᠠᠨ ᠲᠠᠮᠠᠭ᠎ᠠ ᠳᠠᠷᠤᠬᠤ ᠬᠡᠷᠡᠭᠲᠡᠢ; ᠬᠤᠪᠢ ᠬᠥᠮᠥᠨ᠎ᠤ ᠨᠡᠷ᠎ᠡ᠎ᠪᠠᠷ ᠠᠰᠠᠭᠤᠳᠠᠯ᠎ᠢ ᠲᠤᠰᠬᠠᠬᠤ ᠭᠡᠪᠡᠯ᠂ ᠲᠣᠰ ᠬᠥᠮᠥᠨ᠎ᠤ ᠦᠨᠡᠨ ᠪᠣᠳᠠᠲᠠᠢ ᠣᠪᠣᠭ ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠵᠡᠷᠭᠡ ᠮᠡᠳᠡᠭᠡ ᠵᠠᠩᠭᠢ᠎ᠪᠠᠨ ᠬᠠᠩᠭ᠋ᠠᠬᠤ ᠬᠡᠷᠡᠭᠲᠡᠢ᠃

      ᠢᠯᠡ ᠨᠡᠢ᠌ᠲᠡᠯᠡᠬᠦ ᠴᠠᠭ᠄ 2022 ᠣᠨ᠎ᠤ 6 ᠳ᠋ᠤᠭ᠋ᠠᠷ ᠰᠠᠷ᠎ᠠ ᠵᠢᠨ 17᠎ᠤ ᠡᠳᠦᠷ᠎ᠠᠴᠠ 2022 ᠣᠨ᠎ᠤ 7 ᠳ᠋ᠤᠭ᠋ᠠᠷ ᠰᠠᠷ᠎ᠠ ᠵᠢᠨ 1᠎ᠤ ᠡᠳᠦᠷ ᠪᠣᠯᠲᠠᠯ᠎ᠠ᠃

      ᠬᠠᠷᠢᠯᠴᠠᠬᠤ ᠬᠥᠮᠥᠨ᠄ ᠶᠤᠸᠠᠨ ᠰᠢᠸ᠋ ᠯᠢᠩ

      ᠬᠠᠷᠢᠯᠴᠠᠬᠤ ᠤᠲᠠᠰᠤ᠄ 0471-4320627 (ᠹᠠᠺᠰ)

      ᠢᠮᠧᠯ᠄ nmgsab@126.com

      ᠬᠠᠷᠢᠯᠴᠠᠬᠤ ᠬᠠᠶᠢᠭ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠢᠳᠡᠭᠡᠨ᠎ᠢ ᠵᠣᠬᠢᠴᠠᠭᠤᠯᠤᠨ ᠰᠤᠭᠤᠴᠢᠨ ᠪᠠᠢ᠌ᠴᠠᠭ᠋ᠠᠬᠤ ᠭᠠᠵᠠᠷ (ᠵᠢᠨ ᠴᠢᠶᠣᠤ ᠨᠡᠭᠡᠭᠡᠯᠲᠡ ᠵᠢᠨ ᠲᠣᠭᠣᠷᠢᠭ᠎ᠤᠨ ᠱ᠌ᠢ ᠵᠢᠢ ᠳᠥᠷᠪᠡᠳᠦᠭᠡᠷ ᠵᠠᠮ)

      ᠳᠠᠭ᠋ᠠᠯᠳᠤᠭᠤᠯᠤᠯ᠄ 1. ᠬᠥᠬᠡᠬᠣᠲᠠ ᠵᠢᠨ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ ᠠᠩᠬᠠᠨ᠎ᠤ ᠦᠨᠡᠯᠡᠯᠲᠡ ᠵᠢᠨ ᠪᠠᠢ᠌ᠳᠠᠯ

      2. ᠤᠯᠠᠭ᠋ᠠᠨᠴᠠᠪ ᠬᠣᠲᠠ ᠵᠢᠨ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠵᠢᠱ᠌ᠢᠶ᠎ᠡ ᠦᠵᠡᠭᠦᠯᠬᠦ ᠬᠣᠲᠠ ᠵᠢ ᠡᠭᠦᠳᠦᠨ ᠪᠠᠢ᠌ᠭᠤᠯᠬᠤ ᠠᠩᠬᠠᠨ᠎ᠤ ᠦᠨᠡᠯᠡᠯᠲᠡ ᠵᠢᠨ ᠪᠠᠢ᠌ᠳᠠᠯ

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ