ᠡᠯ᠎ᠡ ᠠᠢ᠌ᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠠᠯᠪᠠᠨ ᠭᠡᠷ᠎ᠲᠤ᠄
《ᠵᠠᠰᠠᠭ᠎ᠤᠨ ᠣᠷᠳᠣᠨ᠎ᠤ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠪᠠᠢ᠌ᠴᠠᠭ᠋ᠠᠬᠤ ᠭᠦᠢ᠍ᠴᠡᠳᠬᠡᠯ ᠲᠣᠭ᠎ᠠ᠂ ᠬᠢᠨᠠᠨ ᠬᠠᠮᠢᠶᠠᠷᠬᠤ ᠠᠵᠢᠯ᠎ᠤᠨ ᠣᠨ᠎ᠤ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠨᠠᠷᠢᠨ ᠪᠢᠴᠢᠭ᠎ᠤᠨ ᠲᠣᠪᠴᠢᠶ᠎ᠠ ᠵᠢᠨ ᠮᠡᠳᠡᠭᠳᠡᠯ》 (ᠲᠥᠷᠥ ᠠᠯᠪᠠᠨ ᠲᠢᠩᠬᠢᠮ᠎ᠤᠨ ᠨᠢᠭᠤᠴᠠ ᠵᠠᠬᠢᠳᠠᠯ [2019] 19 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠶᠣᠰᠣᠭ᠋ᠠᠷ᠂ 《ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2021] 45 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠣᠢ᠌ᠷ᠎ᠠ ᠵᠢᠨ ᠬᠤᠭᠤᠴᠠᠭ᠋ᠠᠨ᠎ᠳᠤ 2022 ᠣᠨ᠎ᠤ ᠬᠣᠶᠠᠳᠤᠭ᠋ᠠᠷ ᠤᠯᠠᠷᠢᠯ᠎ᠤᠨ ᠪᠥᠬᠥ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠂ ᠡᠳᠦᠭᠡ ᠬᠣᠯᠪᠣᠭᠳᠠᠯ ᠪᠦᠬᠦᠢ ᠪᠠᠢ᠌ᠳᠠᠯ᠎ᠢ ᠳᠣᠣᠷᠠᠬᠢ ᠮᠡᠲᠦ ᠮᠡᠳᠡᠭᠳᠡᠪᠡ᠄
ᠨᠢᠭᠡ᠂ ᠶᠡᠷᠦᠩᠬᠡᠢ ᠪᠠᠢ᠌ᠳᠠᠯ
2022 ᠣᠨ᠎ᠤ ᠬᠣᠶᠠᠳᠤᠭ᠋ᠠᠷ ᠤᠯᠠᠷᠢᠯ᠎ᠳᠤ᠂ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠦᠯᠵᠢᠶ᠎ᠡ ᠪᠣᠯᠣᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠲᠤᠬᠠᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠠᠵᠢᠯ᠎ᠤᠨ ᠬᠢᠷᠢ ᠲᠦᠪᠰᠢᠨ ᠵᠶ᠋ᠡᠨ ᠦᠷᠭᠦᠯᠵᠢᠯᠡᠨ ᠳᠡᠭᠡᠭᠰᠢᠯᠡᠭᠦᠯᠵᠦ᠂ ᠨᠢᠭᠡᠳᠦᠭᠡᠷ ᠤᠯᠠᠷᠢᠯ᠎ᠳᠤ ᠵᠠᠷᠯᠠᠨ ᠮᠡᠳᠡᠭᠳᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠦᠨᠳᠦᠰᠦᠨ᠎ᠳᠤ᠎ᠪᠠᠨ ᠪᠡᠶᠡᠯᠡᠭᠦᠯᠵᠦ᠂ 48.28% ᠵᠢᠨ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ᠎ᠨᠢ ᠪᠠᠢ᠌ᠩᠭᠤ ᠲᠣᠬᠢᠶᠠᠯᠳᠤᠬᠤ ᠠᠰᠠᠭᠤᠨ ᠯᠠᠪᠯᠠᠭ᠎ᠠ᠎ᠳᠤ 5 ᠠᠵᠢᠯᠯᠠᠬᠤ ᠡᠳᠦᠷ᠎ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ᠂ ᠡᠭᠦᠨ᠎ᠳᠤ ᠵᠠᠰᠠᠭ᠎ᠤᠨ ᠣᠷᠳᠣᠨ᠎ᠤ 25 ᠫᠤᠷᠲᠸᠯ ᠰᠦᠯᠵᠢᠶ᠎ᠡ᠎ᠨᠢ 1 ᠠᠵᠢᠯᠯᠠᠬᠤ ᠡᠳᠦᠷ᠎ᠤᠨ ᠳᠣᠲᠣᠷ᠎ᠠ ᠪᠦᠲᠦᠮᠵᠢᠲᠡᠶ ᠬᠠᠷᠢᠭᠤᠯᠲᠠ ᠥᠭᠴᠦ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠬᠦ ᠨᠣᠷᠮ᠎ᠠ ᠵᠢ ᠲᠠᠰᠤᠷᠠᠯᠲᠠ ᠦᠭᠡᠢ ᠳᠡᠭᠡᠭᠰᠢᠯᠡᠭᠦᠯᠪᠡ᠃
(ᠨᠢᠭᠡ) 2022 ᠣᠨ᠎ᠤ ᠨᠢᠭᠡᠳᠦᠭᠡᠷ ᠤᠯᠠᠷᠢᠯ᠎ᠳᠤ ᠵᠠᠷᠯᠠᠨ ᠮᠡᠳᠡᠭᠡᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠃ ᠳᠠᠬᠢᠨ ᠪᠠᠢ᠌ᠴᠠᠭ᠋ᠠᠬᠤ᠎ᠪᠠᠷ ᠳᠠᠮᠵᠢᠭ᠋ᠠᠳ᠂ 2022 ᠣᠨ᠎ᠤ ᠨᠢᠭᠡᠳᠦᠭᠡᠷ ᠤᠯᠠᠷᠢᠯ᠎ᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠬᠢᠷᠢ ᠲᠡᠩᠴᠡᠭᠰᠡᠨ ᠦᠭᠡᠢ 15 ᠵᠠᠰᠠᠭ᠎ᠤᠨ ᠣᠷᠳᠣᠨ᠎ᠤ ᠰᠦᠯᠵᠢᠶ᠎ᠡ ᠪᠠ ᠬᠢᠷᠢ ᠲᠡᠩᠴᠡᠭᠰᠡᠨ ᠦᠭᠡᠢ 66 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠳᠣᠲᠣᠷ᠎ᠠ᠂ 《ᠬᠣᠩᠭᠣᠷ ᠪᠠᠯᠭ᠋ᠠᠰᠤ》᠂ 《ᠬᠤᠩᠮᠤᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ》᠂ 《ᠰᠥᠨᠢᠳ ᠵᠡᠭᠦᠨ ᠬᠣᠰᠢᠭᠤᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ》 ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ᠎ᠬᠢᠨ ᠱᠠᠭ᠋ᠠᠷᠳᠠᠯᠭ᠎ᠠ ᠶᠣᠰᠣᠭ᠋ᠠᠷ ᠴᠡᠭᠴᠡᠯᠡᠨ ᠰᠠᠢ᠌ᠵᠢᠷᠠᠭᠤᠯᠤᠭᠰᠠᠨ ᠦᠭᠡᠢ᠃
(ᠬᠣᠶᠠᠷ) 2022 ᠣᠨ᠎ᠤ ᠬᠣᠶᠠᠳᠤᠭ᠋ᠠᠷ ᠤᠯᠠᠷᠢᠯ᠎ᠤᠨ ᠵᠠᠰᠠᠭ᠎ᠤᠨ ᠣᠷᠳᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠨᠢ ᠪᠥᠬᠥ ᠣᠷᠣᠨ᠎ᠤ ᠠᠵᠢᠯᠯᠠᠭᠤᠯᠵᠤ ᠪᠠᠢ᠌ᠭ᠎ᠠ 546 ᠵᠠᠰᠠᠭ᠎ᠤᠨ ᠣᠷᠳᠣᠨ᠎ᠤ ᠰᠦᠯᠵᠢᠶ᠎ᠡ᠎ᠠᠴᠠ 294 ᠵᠢ ᠰᠤᠭᠤᠴᠢᠨ ᠪᠠᠢ᠌ᠴᠠᠭ᠋ᠠᠪᠠ᠃ ᠰᠤᠭᠤᠴᠢᠨ ᠪᠠᠢ᠌ᠴᠠᠭ᠋ᠠᠭᠰᠠᠨ ᠳ᠋ᠦᠩ᠎ᠠᠴᠠ ᠦᠵᠡᠪᠡᠯ᠂ ᠲᠣᠪᠣᠢ᠌ᠮ᠎ᠠ ᠠᠰᠠᠭᠤᠳᠠᠯ ᠣᠷᠣᠰᠢᠵᠤ ᠪᠠᠢ᠌ᠭ᠎ᠠ ᠵᠠᠰᠠᠭ᠎ᠤᠨ ᠣᠷᠳᠣᠨ᠎ᠤ ᠰᠦᠯᠵᠢᠶ᠎ᠡ 17 ᠪᠠᠢ᠌ᠵᠤ᠂ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 94.22%᠎ᠲᠤ ᠬᠦᠷᠴᠦ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠠᠯᠠᠱ᠌ᠠ ᠠᠢ᠌ᠮᠠᠭ᠎ᠤᠨ ᠰᠦᠯᠵᠢᠶ᠎ᠡ ᠵᠢᠨ ᠰᠤᠭᠤᠴᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠣᠷᠮ᠎ᠠ᠎ᠨᠢ 100%᠎ᠳᠤ ᠬᠥᠷᠪᠡ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ》 ᠪᠣᠯᠣᠨ 《ᠤᠳᠠ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ》 ᠭᠡᠬᠦ ᠬᠣᠶᠠᠷ ᠰᠦᠯᠵᠢᠶ᠎ᠡ ᠵᠢ ᠬᠣᠶᠠᠷ ᠤᠯᠠᠷᠢᠯ ᠳᠠᠷᠠᠭ᠋ᠠᠯᠠᠨ ᠰᠤᠭᠤᠴᠢᠨ ᠪᠠᠢ᠌ᠴᠠᠭ᠋ᠠᠭ᠋ᠠᠳ ᠬᠢᠷᠢ ᠲᠡᠩᠴᠡᠭᠰᠡᠨ ᠦᠭᠡᠢ᠃
(ᠭᠤᠷᠪᠠ) 2022 ᠣᠨ᠎ᠤ ᠬᠣᠶᠠᠳᠤᠭ᠋ᠠᠷ ᠤᠯᠠᠷᠢᠯ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠪᠥᠬᠥ ᠣᠷᠣᠨ᠎ᠤ 5928 ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠳᠣᠲᠣᠷ᠎ᠠ᠎ᠠᠴᠠ 2681 ᠵᠢ ᠰᠤᠭᠤᠴᠢᠨ ᠪᠠᠢ᠌ᠴᠠᠭ᠋ᠠᠪᠠ᠃ ᠰᠤᠭᠤᠴᠢᠨ ᠪᠠᠢ᠌ᠴᠠᠭ᠋ᠠᠭᠰᠠᠨ ᠳ᠋ᠦᠩ᠎ᠤᠨ ᠢᠯᠡᠷᠡᠭᠦᠯᠦᠭᠰᠡᠨ ᠵᠶ᠋ᠡᠷ᠂ ᠬᠢᠷᠢ ᠲᠡᠩᠴᠡᠭᠰᠡᠨ ᠦᠭᠡᠢ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ 28 ᠪᠠᠢ᠌ᠵᠤ᠂ ᠶᠡᠷᠦᠩᠬᠡᠢ ᠬᠢᠷᠢ ᠲᠡᠩᠴᠡᠭᠰᠡᠨ ᠨᠣᠷᠮ᠎ᠠ᠎ᠨᠢ 98.96%᠎ᠳᠤ ᠬᠦᠷᠴᠦ᠂ ᠨᠢᠭᠡᠳᠦᠭᠡᠷ ᠤᠯᠠᠷᠢᠯ᠎ᠤᠨ᠎ᠬᠢ᠎ᠠᠴᠠ 1.4%᠎ᠪᠠᠷ ᠳᠡᠭᠡᠭᠰᠢᠯᠡᠵᠡᠢ᠃ ᠡᠭᠦᠨ᠎ᠳᠤ ᠬᠥᠯᠥᠨ ᠪᠣᠶ᠋ᠢᠷ ᠬᠣᠲᠠ᠂ ᠬᠢᠩᠭ᠋ᠠᠨ ᠠᠢ᠌ᠮᠠᠭ᠂ ᠤᠯᠠᠭ᠋ᠠᠨᠬᠠᠳᠠ ᠬᠣᠲᠠ᠂ ᠣᠷᠳᠣᠰ ᠬᠣᠲᠠ᠂ ᠦᠬᠠᠢ ᠬᠣᠲᠠ᠂ ᠠᠯᠠᠱ᠌ᠠ ᠠᠢ᠌ᠮᠠᠭ᠂ ᠪᠠᠶᠠᠨᠨᠠᠭᠤᠷ ᠬᠣᠲᠠ᠂ ᠰᠢᠯᠢ ᠵᠢᠨ ᠭᠣᠣᠯ ᠠᠢ᠌ᠮᠠᠭ ᠵᠡᠷᠭᠡ ᠠᠢ᠌ᠮᠠᠭ ᠬᠣᠲᠠ ᠵᠢᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠬᠢᠷᠢ ᠲᠡᠩᠴᠡᠭᠰᠡᠨ ᠨᠣᠷᠮ᠎ᠠ᠎ᠨᠢ ᠶᠡᠷᠦᠩᠬᠡᠢ ᠬᠢᠷᠢ ᠲᠡᠩᠴᠡᠭᠰᠡᠨ ᠨᠣᠷᠮ᠎ᠠ᠎ᠠᠴᠠ ᠥᠨᠳᠥᠷ ᠪᠠᠢ᠌ᠨ᠎ᠠ᠃
ᠬᠣᠶᠠᠷ᠂ ᠣᠷᠣᠰᠢᠵᠤ ᠪᠠᠢ᠌ᠭ᠎ᠠ ᠭᠣᠣᠯ ᠠᠰᠠᠭᠤᠳᠠᠯ
(ᠨᠢᠭᠡ) ᠠᠭᠤᠯᠭ᠎ᠠ ᠵᠢ ᠪᠠᠲᠤᠯᠠᠬᠤ ᠴᠢᠳᠠᠪᠤᠷᠢ ᠪᠠ ᠴᠢᠳᠠᠮᠵᠢ ᠵᠢᠨ ᠪᠠᠢ᠌ᠭᠤᠯᠤᠯᠲᠠ ᠵᠢᠨ ᠬᠢᠷᠢ ᠲᠦᠪᠰᠢᠨ ᠵᠶ᠋ᠡᠨ ᠮᠥᠨ ᠬᠦ᠌ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃ ᠮᠡᠳᠡᠭᠡ ᠵᠠᠩᠭᠢ ᠵᠢ ᠬᠢᠨᠠᠨ ᠬᠠᠷᠭᠤᠭᠤᠯᠵᠤ ᠨᠡᠢ᠌ᠲᠡᠯᠡᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ ᠵᠢ ᠣᠯᠠᠨᠲᠠ ᠴᠢᠬᠤᠯᠠᠴᠢᠯᠠᠭᠰᠠᠨ ᠪᠠᠢ᠌ᠳᠠᠯ ᠳᠣᠣᠷ᠎ᠠ᠂ ᠲᠣᠰ ᠤᠯᠠᠷᠢᠯ᠎ᠳᠤ ᠣᠨᠴᠠ ᠵᠠᠷᠢᠮ ᠵᠠᠰᠠᠭ᠎ᠤᠨ ᠣᠷᠳᠣᠨ᠎ᠤ ᠰᠦᠯᠵᠢᠶ᠎ᠡ᠎ᠨᠢ ᠮᠡᠳᠡᠭᠡ ᠵᠠᠩᠭᠢ ᠵᠢ ᠨᠡᠢ᠌ᠲᠡᠯᠡᠵᠦ ᠬᠢᠨᠠᠨ ᠬᠠᠷᠭᠤᠭᠤᠯᠬᠤ ᠠᠵᠢᠯ᠎ᠢ ᠮᠥᠨ ᠯᠡ ᠴᠢᠩᠭ᠎ᠠ ᠠᠳᠬᠤᠭᠰᠠᠨ ᠦᠭᠡᠢ᠂ ᠰᠦᠯᠵᠢᠶᠡᠨ᠎ᠳᠤ ᠵᠢᠵᠢᠭᠦᠷᠯᠡᠬᠦ ᠲᠣᠭᠲᠠᠴᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠤᠭᠰᠠᠨ ᠦᠭᠡᠢ᠂ ᠪᠤᠷᠤᠭᠤ ᠢᠯᠡᠳᠬᠡᠯᠲᠡ ᠬᠦᠨᠳᠦ ᠨᠣᠴᠢᠲᠠᠢ ᠣᠷᠣᠰᠢᠵᠤ ᠪᠠᠢ᠌ᠨ᠎ᠠ᠂ ᠵᠢᠱ᠌ᠢᠶᠡᠯᠡᠪᠡᠯ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ》᠂ 《ᠺᠠᠢ᠌ᠯᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ》 ᠵᠡᠷᠭᠡ ᠰᠦᠯᠵᠢᠶ᠎ᠡ᠃ ᠬᠡᠰᠡᠭ ᠵᠠᠰᠠᠭ᠎ᠤᠨ ᠣᠷᠳᠣᠨ᠎ᠤ ᠰᠦᠯᠵᠢᠶ᠎ᠡ᠎ᠨᠢ ᠮᠡᠳᠡᠭᠡ ᠵᠠᠩᠭᠢ᠎ᠪᠠᠨ ᠴᠠᠭ ᠲᠤᠬᠠᠢᠳᠤᠨᠢ ᠰᠢᠨᠡᠳᠬᠡᠭᠰᠡᠨ ᠦᠭᠡᠢ᠂ ᠬᠣᠭᠣᠰᠤᠨ ᠪᠣᠯᠣᠩ ᠢᠯᠡᠷᠡᠵᠦ ᠪᠠᠢ᠌ᠨ᠎ᠠ᠂ ᠵᠢᠱ᠌ᠢᠶᠡᠯᠡᠪᠡᠯ 《ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ》᠂ 《ᠠᠷᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》 ᠵᠡᠷᠭᠡ ᠰᠦᠯᠵᠢᠶ᠎ᠡ᠃ ᠬᠡᠰᠡᠭ ᠵᠠᠰᠠᠭ᠎ᠤᠨ ᠣᠷᠳᠣᠨ᠎ᠤ ᠰᠦᠯᠵᠢᠶ᠎ᠡ᠎ᠨᠢ ᠰᠦᠯᠵᠢᠶᠡᠨ᠎ᠤ ᠢᠯᠡᠳᠬᠡᠮᠵᠢ᠎ᠪᠠᠨ ᠪᠥᠬᠥ ᠲᠠᠯ᠎ᠠ᠎ᠪᠠᠷ ᠪᠠᠢ᠌ᠷᠢᠯᠠᠭᠤᠯᠤᠭᠰᠠᠨ ᠦᠭᠡᠢ᠂ ᠨᠢᠭᠤᠷ᠎ᠤᠨ ᠱᠣᠰᠢᠭ᠎ᠠ᠎ᠳᠤ ᠬᠡᠮᠵᠢᠭᠳᠡᠯ ᠣᠯᠭᠣᠭᠰᠠᠨ᠎ᠨᠢ ᠣᠨᠣᠪᠴᠢ ᠦᠭᠡᠢ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠂ ᠵᠢᠱ᠌ᠢᠶᠡᠯᠡᠪᠡᠯ 《ᠬᠦᠷᠢᠶ᠎ᠡ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》᠂ 《ᠪᠠᠶᠠᠨ᠋ᠣ᠋ᠪᠣᠭ᠎ᠠ ᠠᠭᠤᠷᠬᠠᠢ ᠵᠢᠨ ᠣᠷᠣᠨ᠎ᠤ ᠠᠷᠠᠳ᠎ᠤᠨ ᠵᠠᠰᠠᠭ᠎ᠤᠨ ᠣᠷᠳᠣᠨ》 ᠵᠡᠷᠭᠡ ᠰᠦᠯᠵᠢᠶ᠎ᠡ᠃ ᠬᠡᠰᠡᠭ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠠᠵᠢᠯ ᠶᠠᠪᠤᠳᠠᠯ ᠭᠦᠢ᠍ᠴᠡᠳᠬᠡᠬᠦ ᠦᠢ᠍ᠯᠡᠴᠢᠯᠡᠭᠡᠨ᠎ᠤ ᠪᠤᠯᠤᠩ᠎ᠤᠨ ᠲᠥᠷᠥᠯ ᠵᠦᠢ᠍ᠯ᠎ᠨᠢ ᠨᠠᠷᠢᠯᠢᠭ ᠪᠤᠰᠤ᠂ ᠵᠦᠭᠯᠡᠭᠦᠷ᠎ᠤᠨ ᠡᠯᠧᠮᠧᠨ᠋ᠲ᠎ᠤᠨ ᠠᠭᠤᠯᠭ᠎ᠠ᠎ᠨᠢ ᠵᠢᠷᠤᠮᠵᠢᠯ ᠦᠭᠡᠢ᠂ ᠣᠨᠣᠪᠴᠢ ᠦᠭᠡᠢ᠂ ᠵᠢᠱ᠌ᠢᠶᠡᠯᠡᠪᠡᠯ 《ᠳ᠋ᠸᠩᠺᠸᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶ᠎ᠡ᠃
(ᠬᠣᠶᠠᠷ) ᠬᠠᠷᠢᠯᠴᠠᠨ ᠦᠢ᠍ᠯᠡᠳᠦᠯᠴᠡᠬᠦ ᠴᠢᠳᠠᠮᠵᠢ ᠵᠢᠨ ᠪᠠᠢ᠌ᠭᠤᠯᠤᠯᠲᠠ ᠵᠢᠴᠢ ᠬᠦᠰᠡᠯ ᠱᠠᠭ᠋ᠠᠷᠳᠠᠯᠭ᠎ᠠ ᠵᠢ ᠳᠠᠭ᠋ᠠᠵᠤ ᠰᠢᠢ᠍ᠳᠪᠦᠷᠢᠯᠡᠬᠦ ᠠᠵᠢᠯ᠎ᠢ ᠴᠢᠩᠭ᠋ᠠᠳᠬᠠᠬᠤ ᠴᠢᠬᠤᠯᠠᠲᠠᠢ ᠪᠠᠢ᠌ᠨ᠎ᠠ᠃ ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠵᠶ᠋ᠡᠷ᠂ 《ᠭᠦᠶᠠᠩ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶ᠎ᠡ᠎ᠨᠢ ᠰᠦᠯᠵᠢᠶᠡᠴᠢᠳ᠎ᠤᠨ ᠦᠯᠡᠳᠡᠭᠡᠭᠰᠡᠨ ᠦᠭᠡ ᠵᠢ ᠴᠠᠭ ᠲᠤᠬᠠᠢᠳᠤᠨᠢ ᠨᠡᠢ᠌ᠲᠡᠯᠡᠭᠰᠡᠨ ᠦᠭᠡᠢ᠂ 《ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶ᠎ᠡ᠎ᠨᠢ ᠦᠯᠡᠳᠡᠭᠡᠭᠰᠡᠨ ᠦᠭᠡ ᠵᠢ ᠭᠥᠯᠢᠶᠡᠨ ᠠᠪᠴᠤ ᠬᠠᠷᠢᠭᠤ ᠲᠤᠰᠬᠠᠭᠰᠠᠨ ᠪᠠᠢ᠌ᠳᠠᠯ᠎ᠢ ᠲᠣᠭ᠋ᠠᠯᠠᠨ ᠪᠦᠷᠢᠳᠬᠡᠭᠰᠡᠨ ᠲᠣᠭ᠎ᠠ ᠪᠠᠷᠢᠮᠲᠠ ᠵᠢ ᠨᠡᠢ᠌ᠲᠡᠯᠡᠭᠰᠡᠨ ᠦᠭᠡᠢ᠃ ᠬᠡᠰᠡᠭ ᠵᠠᠰᠠᠭ᠎ᠤᠨ ᠣᠷᠳᠣᠨ᠎ᠤ ᠰᠦᠯᠵᠢᠶ᠎ᠡ᠎ᠨᠢ ᠬᠠᠷᠢᠯᠴᠠᠨ ᠦᠢ᠍ᠯᠡᠳᠦᠯᠴᠡᠬᠦ ᠠᠷᠭ᠎ᠠ ᠵᠠᠮ᠎ᠢ ᠬᠡᠷᠡᠭᠯᠡᠭᠰᠡᠨ ᠵᠶ᠋ᠡᠷ ᠠᠨᠠᠢ᠂ ᠵᠢᠱ᠌ᠢᠶᠡᠯᠡᠪᠡᠯ 《ᠪᠤᠭᠤᠲᠤ ᠬᠣᠲᠠ ᠵᠢᠨ ᠲᠦᠮᠡᠳ ᠪᠠᠷᠠᠭᠤᠨ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶ᠎ᠡ ᠵᠢᠨ ᠬᠠᠷᠢᠯᠴᠠᠨ ᠦᠢ᠍ᠯᠡᠳᠦᠯᠴᠡᠬᠦ ᠪᠤᠯᠤᠩ᠎ᠨᠢ ᠵᠠᠬᠢᠳᠠᠯ ᠴᠢᠮᠡᠭᠡ ᠵᠢ ᠬᠡᠪ᠎ᠤᠨ ᠪᠠᠢ᠌ᠳᠠᠯ ᠵᠶ᠋ᠠᠷ ᠲᠤᠰᠢᠶᠠᠵᠤ ᠪᠣᠯᠬᠤ ᠪᠣᠯᠪᠠᠴᠤ ᠵᠠᠬᠢᠳᠠᠯ ᠴᠢᠮᠡᠭᠡ ᠵᠢ ᠠᠰᠠᠭᠤᠨ ᠯᠠᠪᠯᠠᠬᠤ ᠠᠷᠭ᠎ᠠ ᠵᠠᠮ ᠦᠭᠡᠢ᠂ 《ᠬᠥᠨᠳᠡᠯᠡᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶ᠎ᠡ ᠵᠢᠨ ᠬᠠᠷᠢᠯᠴᠠᠨ ᠦᠢ᠍ᠯᠡᠳᠦᠯᠴᠡᠬᠦ ᠪᠤᠯᠤᠩ᠎ᠳᠤ ᠵᠠᠬᠢᠳᠠᠯ᠎ᠢ ᠲᠤᠰᠢᠶᠠᠭᠰᠠᠨ᠎ᠤ ᠳᠠᠷᠠᠭ᠎ᠠ᠂ ᠵᠠᠬᠢᠳᠠᠯ᠎ᠤᠨ ᠳ᠋ᠤᠭ᠋ᠠᠷ ᠵᠡᠷᠭᠡ ᠮᠡᠳᠡᠭᠡ ᠵᠠᠩᠭᠢ ᠵᠢ ᠢᠯᠡᠷᠡᠭᠦᠯᠦᠭᠰᠡᠨ ᠦᠭᠡᠢ᠂ ᠵᠠᠬᠢᠳᠠᠯ᠎ᠤᠨ ᠦᠷ᠎ᠡ ᠳ᠋ᠦᠩ᠎ᠢ ᠪᠠᠢ᠌ᠴᠠᠭ᠋ᠠᠨ ᠯᠠᠪᠯᠠᠬᠤ ᠵᠢᠨ ᠠᠷᠭ᠎ᠠ ᠦᠭᠡᠢ᠃ ᠬᠡᠰᠡᠭ ᠵᠠᠰᠠᠭ᠎ᠤᠨ ᠣᠷᠳᠣᠨ᠎ᠤ ᠰᠦᠯᠵᠢᠶᠡᠴᠢᠳ᠎ᠤᠨ ᠦᠯᠡᠳᠡᠭᠡᠭᠰᠡᠨ ᠦᠭᠡ ᠵᠢ ᠴᠠᠭ ᠲᠤᠬᠠᠢᠳᠤᠨᠢ ᠬᠠᠷᠢᠭᠤ ᠲᠤᠰᠬᠠᠭᠰᠠᠨ ᠦᠭᠡᠢ᠂ ᠵᠢᠱ᠌ᠢᠶᠡᠯᠡᠪᠡᠯ 《ᠬᠣᠲᠣᠩ ᠠᠷᠠᠳ᠎ᠤᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ》᠎ᠤ ᠰᠦᠯᠵᠢᠶ᠎ᠡ᠎ᠨᠢ ᠰᠦᠯᠵᠢᠶᠡᠴᠢᠳ᠎ᠤᠨ ᠦᠯᠡᠳᠡᠭᠡᠭᠰᠡᠨ ᠦᠭᠡ ᠵᠢ ᠭᠥᠯᠢᠶᠡᠨ ᠠᠪᠴᠤ ᠰᠢᠢ᠍ᠳᠪᠦᠷᠢᠯᠡᠬᠦ ᠴᠠᠭ᠎ᠨᠢ ᠬᠡᠲᠦ ᠣᠷᠳᠣ ᠪᠠᠢ᠌ᠵᠤ᠂ ᠦᠯᠡᠳᠡᠭᠡᠭᠰᠡᠨ ᠦᠭᠡ ᠵᠢ ᠬᠠᠷᠢᠭᠤᠯᠬᠤ ᠴᠠᠭ᠎ᠨᠢ 5 ᠠᠵᠢᠯᠯᠠᠬᠤ ᠡᠳᠦᠷ᠎ᠠᠴᠠ ᠬᠡᠲᠦᠷᠡᠵᠡᠢ᠃
(ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃ ᠰᠤᠭᠤᠴᠢᠨ ᠪᠠᠢ᠌ᠴᠠᠭ᠋ᠠᠭᠰᠠᠨ᠎ᠤ ᠳ᠋ᠦᠩ᠎ᠳᠤ᠂ ᠬᠡᠰᠡᠭ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠲᠠᠩᠰᠠᠨ ᠳ᠋ᠤᠭ᠋ᠠᠷ᠎ᠨᠢ ᠠᠭᠤᠯᠭ᠎ᠠ᠎ᠪᠠᠨ ᠰᠢᠨᠡᠳᠬᠡᠭᠰᠡᠨ ᠦᠭᠡᠢ᠂ ᠵᠢᠱ᠌ᠢᠶᠡᠯᠡᠪᠡᠯ ᠪᠢᠴᠢᠯ ᠪᠯᠣᠭ 《ᠬᠥᠬᠡᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ》᠂ ᠳ᠋ᠧᠦ ᠶᠢᠨ ᠣᠬᠣᠷ ᠸᠢᠳᠢᠣ᠋ 《ᠲᠦᠩᠯᠢᠶᠣᠣ ᠬᠣᠲᠠ ᠵᠢᠨ ᠴᠠᠬᠢᠮ ᠮᠡᠬᠡᠯᠡᠯ᠎ᠢ ᠡᠰᠡᠷᠭᠦᠴᠡᠬᠦ ᠲᠥᠪ》 ᠭᠡᠬᠦ ᠮᠡᠲᠦ; ᠸᠢᠴᠠᠲ᠎ᠤᠨ ᠨᠡᠶ᠋ᠢᠲᠡ ᠵᠢᠨ ᠳ᠋ᠤᠭ᠋ᠠᠷ 《ᠵᠠᠮᠲᠤ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ》 ᠵᠡᠷᠭᠡ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠳ ᠪᠦᠲᠦᠮᠵᠢᠲᠡᠶ ᠬᠠᠷᠢᠯᠴᠠᠨ ᠦᠢ᠍ᠯᠡᠳᠦᠯᠴᠡᠬᠦ ᠴᠢᠳᠠᠮᠵᠢ ᠬᠠᠩᠭ᠋ᠠᠭᠰᠠᠨ ᠦᠭᠡᠢ᠃
ᠭᠤᠷᠪᠠ᠂ ᠠᠵᠢᠯ᠎ᠤᠨ ᠱᠠᠭ᠋ᠠᠷᠳᠠᠯᠭ᠎ᠠ
(ᠨᠢᠭᠡ) ᠬᠠᠷᠢᠭᠤᠴᠠᠯᠭ᠎ᠠ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠪᠠᠢ᠌ᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠵᠢ ᠦᠷᠭᠦᠯᠵᠢᠯᠡᠨ ᠪᠣᠳᠠᠲᠠᠢ᠌ᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ ᠵᠣᠬᠢᠶᠠᠨ ᠪᠠᠢ᠌ᠭᠤᠯᠵᠤ ᠨᠢᠭᠡᠳᠦᠯᠲᠡᠢ ᠲᠥᠯᠥᠪᠯᠡᠬᠦ᠎ᠪᠠᠨ ᠴᠢᠩᠭ᠋ᠠᠳᠬᠠᠵᠤ᠂ ᠭᠣᠣᠯᠯᠠᠨ ᠬᠠᠮᠢᠶᠠᠷᠴᠤ ᠭᠣᠣᠯᠯᠠᠨ ᠡᠷᠭᠢᠯᠡᠬᠦ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠵᠢᠷᠤᠮᠵᠢᠭᠰᠠᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠮᠡᠳᠡᠭᠡ ᠵᠠᠩᠭᠢ ᠨᠡᠢ᠌ᠲᠡᠯᠡᠬᠦ ᠵᠢ ᠬᠢᠨᠠᠨ ᠬᠠᠷᠭᠤᠭᠤᠯᠬᠤ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠡᠳᠡᠭᠡ ᠵᠠᠩᠭᠢ ᠨᠡᠢ᠌ᠲᠡᠯᠡᠬᠦ ᠴᠤᠪᠤᠷᠠᠯ᠎ᠢ ᠨᠠᠷᠢᠯᠢᠭᠵᠢᠭᠤᠯᠤᠨ᠂ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠠᠭᠤᠯᠭ᠎ᠠ ᠵᠢ ᠬᠢᠨᠠᠨ ᠬᠠᠷᠭᠤᠭᠤᠯᠬᠤ ᠪᠠ ᠨᠢᠭᠤᠴᠠ ᠵᠢ ᠬᠠᠮᠠᠭ᠋ᠠᠯᠠᠬᠤ ᠵᠢ ᠴᠢᠩᠭ᠋ᠠᠳᠬᠠᠨ᠂ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠮᠡᠳᠡᠭᠡ ᠵᠠᠩᠭᠢ ᠵᠢᠨ ᠠᠭᠤᠯᠭ᠎ᠠ ᠵᠢᠨ ᠵᠥᠪ ᠣᠨᠣᠪᠴᠢᠲᠠᠶ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠳᠦᠷ ᠲᠤᠲᠤᠮ᠎ᠤᠨ ᠬᠢᠨᠠᠨ ᠰᠢᠨᠵᠢᠯᠡᠯᠲᠡ ᠵᠢ ᠦᠷᠭᠦᠯᠵᠢᠯᠡᠨ ᠴᠢᠩᠭ᠋ᠠᠳᠬᠠᠵᠤ᠂ ᠮᠠᠰᠢᠨ ᠵᠶ᠋ᠠᠷ ᠰᠢᠷᠪᠢᠬᠦ᠂ ᠬᠥᠮᠥᠨ᠎ᠤ ᠬᠦᠴᠦ᠎ᠪᠠᠷ ᠪᠠᠢ᠌ᠴᠠᠭ᠋ᠠᠬᠤ ᠵᠡᠷᠭᠡ ᠠᠷᠭ᠎ᠠ᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠪᠦᠬᠦᠯᠢ ᠴᠣᠭᠴᠠ ᠵᠢᠨ ᠠᠵᠢᠯᠯᠠᠭ᠋ᠠᠨ᠎ᠤ ᠪᠠᠢ᠌ᠳᠠᠯ᠂ ᠬᠣᠯᠪᠣᠭ᠋ᠠᠰᠤ ᠵᠢᠨ ᠬᠡᠷᠡᠭᠯᠡᠵᠦ ᠪᠣᠯᠬᠤᠢ᠌ᠴᠠ ᠪᠠᠢ᠌ᠳᠠᠯ᠂ ᠪᠤᠯᠤᠩ᠎ᠢ ᠰᠢᠨᠡᠳᠬᠡᠭᠰᠡᠨ ᠪᠠᠢ᠌ᠳᠠᠯ᠂ ᠮᠡᠳᠡᠭᠡ ᠵᠠᠩᠭᠢ ᠵᠢᠨ ᠠᠭᠤᠯᠭ᠎ᠠ ᠵᠢᠨ ᠶᠠᠰᠤ ᠴᠢᠨᠠᠷ ᠵᠡᠷᠭᠡ᠎ᠳᠤ ᠡᠳᠦᠷ ᠲᠤᠲᠤᠮ᠎ᠤᠨ ᠲᠣᠭᠣᠷᠢᠨ ᠪᠠᠢ᠌ᠴᠠᠭ᠋ᠠᠯᠲᠠ ᠬᠢᠵᠦ᠂ ᠠᠰᠠᠭᠤᠳᠠᠯ᠎ᠢ ᠢᠯᠡᠷᠡᠭᠦᠯᠪᠡᠯ ᠳᠠᠷᠤᠢ᠎ᠳᠤ᠎ᠨᠢ ᠬᠡᠷᠡᠭᠵᠢᠭᠦᠯᠵᠦ ᠳᠠᠷᠤᠢ᠎ᠳᠤ᠎ᠨᠢ ᠵᠠᠰᠠᠵᠤ᠂ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠠᠭᠤᠯᠭ᠎ᠠ ᠵᠢᠨ ᠠᠮᠤᠷ ᠲᠦᠪᠰᠢᠨ ᠪᠥᠭᠡᠳ ᠣᠨᠣᠪᠴᠢᠲᠠᠶ ᠪᠠᠢ᠌ᠬᠤ ᠵᠢ ᠪᠠᠲᠤᠯᠠᠬᠤ ᠬᠡᠷᠡᠭᠲᠡᠢ᠃
(ᠬᠣᠶᠠᠷ) ᠰᠦᠯᠵᠢᠶ᠎ᠡ ᠵᠢᠨ ᠴᠢᠳᠠᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠦᠢ᠍ᠯᠡᠴᠢᠯᠡᠭᠡᠨ᠎ᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠭᠠᠷᠳᠠᠴᠠ ᠪᠣᠯᠭ᠋ᠠᠵᠤ᠂ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠴᠢᠳᠠᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠬᠡᠷᠡᠭᠯᠡᠭᠴᠢᠳ᠎ᠲᠤ ᠬᠡᠷᠡᠭᠯᠡᠬᠦ᠎ᠳᠤ ᠬᠢᠯᠪᠠᠷ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶ᠎ᠡ ᠵᠢ ᠭᠣᠣᠯᠯᠠᠨ ᠡᠷᠭᠢᠯᠡᠬᠦ ᠨᠢᠭᠡᠴᠢ᠎ᠨᠢ 《ᠵᠠᠰᠠᠭ᠎ᠤᠨ ᠣᠷᠳᠣᠨ᠎ᠤ ᠰᠦᠯᠵᠢᠶ᠎ᠡ ᠵᠢᠨ ᠬᠥᠭᠵᠢᠯᠲᠡ ᠵᠢᠨ ᠵᠢᠯᠣᠭᠣᠳᠤᠮᠵᠢ》 ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠰᠦᠯᠵᠢᠶ᠎ᠡ ᠵᠢᠨ ᠪᠦᠲᠦᠴᠡ ᠪᠠ ᠪᠤᠯᠤᠩ᠎ᠤᠨ ᠲᠣᠬᠢᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠵᠣᠬᠢᠰᠲᠠᠢ ᠲᠥᠯᠥᠪᠵᠢᠭᠦᠯᠵᠦ᠂ ᠭᠣᠣᠯᠳᠠᠯᠭ᠎ᠠ᠎ᠲᠠᠢ ᠠᠭᠤᠯᠭ᠎ᠠ ᠵᠢ ᠲᠣᠳᠣᠷᠬᠠᠢ ᠬᠠᠷᠠᠭᠤᠯᠵᠤ᠂ ᠬᠡᠷᠡᠭᠯᠡᠭᠴᠢ ᠵᠢᠨ ᠰᠤᠷᠪᠤᠯᠵᠢᠯᠠᠬᠤ ᠲᠠᠰ ᠳᠠᠪᠬᠤᠷᠭ᠎ᠠ ᠵᠢ ᠪᠠᠭ᠋ᠠᠰᠬᠠᠨ᠂ ᠬᠡᠷᠡᠭᠯᠡᠭᠴᠢ ᠵᠢᠨ ᠦᠵᠡᠬᠦ᠎ᠳᠤ ᠲᠣᠳᠣ᠂ ᠬᠡᠷᠡᠭᠯᠡᠬᠦ᠎ᠳᠤ ᠲᠥᠬᠥᠮ ᠪᠠᠢ᠌ᠯᠭ᠋ᠠᠬᠤ ᠬᠡᠷᠡᠭᠲᠡᠢ᠃ ᠵᠠᠰᠠᠭ᠎ᠤᠨ ᠣᠷᠳᠣᠨ᠎ᠤ ᠰᠦᠯᠵᠢᠶ᠎ᠡ ᠵᠢᠨ ᠦᠢ᠍ᠯᠡᠴᠢᠯᠡᠭᠡᠨ᠎ᠤ ᠴᠢᠳᠠᠮᠵᠢ ᠵᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠵᠦᠢ᠍ᠯᠡᠰ᠎ᠢ ᠴᠠᠭ ᠲᠤᠬᠠᠢᠳᠤᠨᠢ ᠲᠣᠬᠢᠷᠠᠭᠤᠯᠬᠤ ᠪᠠ ᠰᠢᠨᠡᠳᠬᠡᠵᠦ᠂ ᠦᠢ᠍ᠯᠡᠴᠢᠯᠡᠭᠡᠨ᠎ᠤ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
(ᠭᠤᠷᠪᠠ) ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠢ᠌ᠭᠤᠯᠤᠯᠲᠠ ᠬᠥᠭᠵᠢᠯᠲᠡ ᠵᠢ ᠴᠢᠩᠭ᠋ᠠᠳᠬᠠᠵᠤ᠂ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ᠎ᠤ ᠡᠯ᠎ᠡ ᠰᠠᠯᠠᠭ᠎ᠠ ᠮᠥᠴᠢᠷ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠪᠠᠢ᠌ᠭᠤᠯᠤᠯᠲᠠ ᠬᠠᠮᠢᠶᠠᠷᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠭᠣᠣᠯᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠬᠡᠵᠦ᠂ ᠵᠠᠰᠠᠭ᠎ᠤᠨ ᠣᠷᠳᠣᠨ᠎ᠤ ᠰᠢᠰᠲ᠋ᠧᠮ᠎ᠤᠨ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠴᠢᠩᠭ᠎ᠠ ᠰᠢᠮᠳᠠᠭᠤᠯᠵᠤ ᠪᠠᠢ᠌ᠭ᠋ᠠᠳ ᠡᠳᠦᠷ ᠲᠤᠲᠤᠮ᠎ᠤᠨ ᠠᠵᠢᠯᠯᠠᠭᠤᠯᠤᠨ ᠪᠠᠲᠤᠯᠠᠬᠤ ᠬᠠᠮᠢᠶᠠᠷᠤᠯᠲᠠ ᠵᠢᠨ ᠠᠵᠢᠯ᠎ᠢ ᠬᠢᠯᠭᠡᠬᠦ ᠬᠡᠷᠡᠭᠲᠡᠢ᠃ ᠮᠡᠳᠡᠭᠡ ᠵᠠᠩᠭᠢ ᠵᠢ ᠨᠠᠢ᠌ᠷᠠᠭᠤᠯᠤᠨ ᠨᠡᠢ᠌ᠲᠡᠯᠡᠬᠦ᠂ ᠬᠠᠷᠢᠭᠤ ᠥᠭᠴᠦ ᠬᠥᠲᠥᠯᠥᠨ ᠵᠢᠯᠤᠭᠣᠳᠬᠤ᠂ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠤᠨ ᠴᠢᠨᠠᠷᠯᠢᠭ ᠬᠥᠭᠵᠢᠯᠲᠡ ᠵᠢ ᠠᠬᠢᠭᠤᠯᠬᠤ ᠬᠡᠷᠡᠭᠲᠡᠢ᠃
2022 ᠣᠨ᠎ᠤ ᠬᠣᠶᠠᠳᠤᠭ᠋ᠠᠷ ᠤᠯᠠᠷᠢᠯ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ ᠰᠤᠭᠤᠴᠢᠨ ᠪᠠᠢ᠌ᠴᠠᠭ᠋ᠠᠭ᠋ᠠᠳ ᠠᠰᠠᠭᠤᠳᠠᠯ᠎ᠢ ᠢᠯᠡᠷᠡᠭᠦᠯᠦᠭᠰᠡᠨ ᠪᠥᠭᠡᠳ ᠵᠠᠷᠯᠠᠨ ᠮᠡᠳᠡᠭᠳᠡᠭᠰᠡᠨ ᠵᠠᠰᠠᠭ᠎ᠤᠨ ᠣᠷᠳᠣᠨ᠎ᠤ ᠰᠦᠯᠵᠢᠶ᠎ᠡ ᠪᠠ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠴᠠᠭ ᠲᠤᠬᠠᠢᠳᠤᠨᠢ ᠴᠡᠭᠴᠡᠯᠡᠨ ᠰᠠᠢ᠌ᠵᠢᠷᠠᠭᠤᠯᠬᠤ ᠬᠡᠷᠡᠭᠲᠡᠢ᠃ ᠲᠣᠰ ᠵᠠᠷᠯᠠᠯ᠎ᠢ ᠳᠣᠷᠣᠭᠰᠢ ᠲᠠᠷᠬᠠᠭ᠋ᠠᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ ᠵᠶ᠋ᠠᠨ ᠪᠢᠴᠢᠭ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠎ᠳᠤ ᠬᠠᠷᠢᠭᠤ ᠲᠤᠰᠬᠠᠬᠤ ᠬᠡᠷᠡᠭᠲᠡᠢ᠃
ᠳᠠᠭ᠋ᠠᠯᠳᠤᠭᠤᠯᠤᠯ᠄
1. ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ
2. ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠵᠢ ᠰᠤᠭᠤᠴᠢᠨ ᠪᠠᠢ᠌ᠴᠠᠭ᠋ᠠᠳ ᠬᠢᠷᠢ ᠲᠡᠩᠴᠡᠭᠰᠡᠨ ᠦᠭᠡᠢ ᠪᠠᠢ᠌ᠳᠠᠯ
3. ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠰᠢᠨ᠎ᠡ ᠵᠠᠭᠤᠴᠢᠯᠠᠭᠤᠷ᠎ᠢ ᠰᠤᠭᠤᠴᠢᠨ ᠪᠠᠢ᠌ᠴᠠᠭ᠋ᠠᠭᠰᠠᠨ ᠪᠠᠢ᠌ᠳᠠᠯ