ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠤᠨ 《2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠤᠨ ᠲᠥᠰᠥᠯ》᠎ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ (ᠬᠥᠭᠵᠢᠭᠦᠯᠦᠯᠲᠡ ᠪᠠ ᠥᠭᠡᠷᠡᠴᠢᠯᠡᠯᠲᠡ ᠭᠠᠵᠠᠷ ᠣᠷᠣᠨ [2022] 1041 ᠳ᠋ᠦ᠍ᠭᠡᠷ ᠲᠣᠭ᠋ᠠᠲᠤ) ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠠᠷᠤᠮᠠᠯᠯᠠᠨ ᠲᠠᠷᠬᠠᠭ᠋ᠠᠭᠰᠠᠨ 《2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢ ᠵᠢᠨ ᠹᠢᠯᠢᠮ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ
[2022] 1286 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ ᠰᠢᠯᠭ᠋ᠠᠨ ᠪᠠᠢ᠌ᠴᠠᠭ᠋ᠠᠵᠤ ᠬᠠᠷᠭᠤᠭᠤᠯᠤᠨ ᠪᠠᠢ᠌ᠴᠠᠭ᠋ᠠᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠲᠦᠷᠦᠭᠦᠯᠡᠨ ᠬᠢᠨᠠᠨ ᠬᠠᠮᠢᠶᠠᠷᠴᠤ ᠪᠠᠢ᠌ᠭ᠎ᠠ 《ᠪᠤᠭᠤᠲᠤ ᠬᠣᠲᠠ ᠵᠢᠨ ᠬᠥᠨᠳᠡᠯᠡᠨ ᠭᠣᠣᠯ᠎ᠳᠤ 12 ᠲᠠᠰ᠎ᠤᠨ ᠤᠰᠤ ᠬᠠᠰᠢᠬᠤ ᠬᠠᠰᠢᠯᠭ᠎ᠠ ᠪᠠᠢ᠌ᠭᠤᠯᠵᠤ᠂ ᠲᠡᠭᠦᠨ᠎ᠢ ᠱᠠᠲᠤ ᠱᠠᠲᠤ᠎ᠪᠠᠷ ᠬᠠᠰᠢᠵᠤ᠂ ᠭᠣᠣᠯ᠎ᠤᠨ ᠵᠠᠮ᠎ᠳᠤ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ ᠵᠢ ᠣᠪᠣᠭ᠋ᠠᠯᠠᠨ ᠦᠯᠡᠳᠡᠭᠳᠡᠭᠰᠡᠨ》 ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠨᠢ ᠳ᠋ᠤᠭ᠋ᠠᠷ᠎ᠢ ᠬᠠᠰᠤᠬᠤ ᠨᠥᠬᠥᠴᠡᠯ᠎ᠳᠤ ᠨᠡᠢ᠌ᠴᠡᠪᠡ᠂ ᠡᠳᠦᠭᠡ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠢᠯᠡ ᠨᠡᠢ᠌ᠲᠡᠯᠡᠨ᠎ᠡ᠃
ᠵᠠᠷᠯᠠᠨ ᠨᠡᠢ᠌ᠲᠡᠯᠡᠭᠰᠡᠨ ᠴᠠᠭ᠄ 2023 ᠣᠨ᠎ᠤ 2 ᠳ᠋ᠤᠭ᠋ᠠᠷ ᠰᠠᠷ᠎ᠠ ᠵᠢᠨ 14᠎ᠤ ᠡᠳᠦᠷ᠎ᠠᠴᠠ 2023 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ ᠪᠣᠯᠲᠠᠯ᠎ᠠ
ᠵᠠᠷᠯᠠᠨ ᠨᠡᠢ᠌ᠲᠡᠯᠡᠵᠦ ᠭᠥᠯᠢᠶᠡᠨ ᠠᠪᠴᠤ ᠰᠢᠢ᠍ᠳᠪᠦᠷᠢᠯᠡᠬᠦ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ
ᠬᠠᠷᠢᠯᠴᠠᠬᠤ ᠬᠡᠯᠪᠡᠷᠢ᠄ 0471-5259441
ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠬᠥᠯᠥᠨ ᠪᠤᠢ᠌ᠷ ᠡᠮᠦᠨ᠎ᠡ ᠵᠠᠮ᠎ᠤᠨ 119 ᠳ᠋ᠦ᠍ᠭᠡᠷ ᠨᠣᠮᠧᠷ
ᠰᠢᠤᠳᠠᠨ ᠳ᠋ᠤᠭ᠋ᠠᠷ᠄ 010020
ᠳᠠᠭ᠋ᠠᠯᠳᠤᠭᠤᠯᠤᠯ᠄ ᠪᠤᠭᠤᠲᠤ ᠬᠣᠲᠠ ᠵᠢᠨ ᠬᠥᠨᠳᠡᠯᠡᠨ ᠭᠣᠣᠯ᠎ᠳᠤ 12 ᠲᠠᠰ᠎ᠤᠨ ᠤᠰᠤᠨ ᠬᠠᠰᠢᠯᠭ᠎ᠠ ᠪᠠᠢ᠌ᠭᠤᠯᠵᠤ ᠲᠡᠭᠦᠨ᠎ᠢ ᠱᠠᠲᠤ ᠱᠠᠲᠤ᠎ᠪᠠᠷ ᠬᠠᠰᠢᠵᠤ᠂ ᠭᠣᠣᠯ᠎ᠤᠨ ᠵᠠᠮ᠎ᠳᠤ ᠣᠪᠣᠭ᠋ᠠᠯᠠᠨ ᠦᠯᠡᠳᠡᠭᠳᠡᠭᠰᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠰᠢᠭ᠋ᠠᠷᠤ ᠵᠢᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠳᠠᠭᠤᠰᠬᠠᠭᠰᠠᠨ ᠪᠠᠢ᠌ᠳᠠᠯ