ᠲᠡᠷᠢᠭᠦᠨ ᠬᠠᠭᠤᠳᠠᠰᠤ   -   ᠠᠯᠪᠠᠨ ᠵᠠᠷ
2021 ᠣᠨ᠎ᠤ ᠤᠯᠤᠰ᠎ᠤᠨ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠤᠨ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2023-02-07

      《〈2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠤᠨ ᠲᠥᠰᠥᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠤᠯᠤᠰ᠎ᠤᠨ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠮᠡᠳᠡᠭᠳᠡᠯ》 (ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ [2022] 1041 ᠳ᠋ᠦ᠍ᠭᠡᠷ ᠲᠣᠭ᠋ᠠᠲᠤ) ᠪᠣᠯᠣᠨ 《2021 ᠣᠨ᠎ᠤ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠡᠷᠡᠮᠵᠢᠯᠡᠭᠦᠯᠦᠯ᠎ᠤᠨ ᠹᠢᠯᠢᠮ᠎ᠤᠨ ᠢᠯᠡᠴᠢᠯᠡᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ ᠰᠢᠯᠭ᠋ᠠᠨ ᠬᠤᠷᠢᠶᠠᠵᠤ ᠳ᠋ᠤᠭ᠋ᠠᠷ᠎ᠢ ᠬᠠᠰᠤᠬᠤ ᠠᠵᠢᠯ᠎ᠢ ᠰᠠᠢ᠌ᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠭᠠᠵᠠᠷ ᠣᠷᠣᠨ ᠥᠰᠥᠭ [2022] 1286 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠬᠠᠷᠭᠤᠭᠤᠯᠤᠨ ᠪᠠᠢ᠌ᠴᠠᠭ᠋ᠠᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠠᠴᠠ ᠲᠦᠷᠦᠭᠦᠯᠡᠨ ᠬᠢᠨᠠᠨ ᠬᠠᠮᠢᠶᠠᠷᠴᠤ ᠪᠠᠢ᠌ᠭ᠎ᠠ 4 ᠵᠦᠢ᠍ᠯ᠎ᠤᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠨᠢ ᠴᠥᠮ ᠳ᠋ᠤᠭ᠋ᠠᠷ᠎ᠢ ᠬᠠᠰᠤᠬᠤ ᠨᠥᠬᠥᠴᠡᠯ᠎ᠳᠤ ᠨᠡᠢ᠌ᠴᠡᠵᠦ᠂ ᠡᠳᠦᠭᠡ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠨᠡᠢ᠌ᠲᠡ᠎ᠳᠤ ᠵᠠᠷᠯᠠᠪᠠ᠃

       ᠵᠠᠷᠯᠠᠬᠤ ᠴᠠᠭ᠄ 2023 ᠣᠨ᠎ᠤ 1 ᠳ᠋ᠦ᠍ᠭᠡᠷ ᠰᠠᠷ᠎ᠠ ᠵᠢᠨ 29᠎ᠤ ᠡᠳᠦᠷ᠎ᠠᠴᠠ 2023 ᠣᠨ᠎ᠤ 2 ᠳ᠋ᠤᠭ᠋ᠠᠷ ᠰᠠᠷ᠎ᠠ ᠵᠢᠨ 9᠎ᠤ ᠡᠳᠦᠷ ᠪᠣᠯᠲᠠᠯ᠎ᠠ (10 ᠠᠵᠢᠯᠯᠠᠬᠤ ᠡᠳᠦᠷ)

       ᠵᠠᠷᠯᠠᠯ᠎ᠢ ᠭᠥᠯᠢᠶᠡᠨ ᠠᠪᠴᠤ ᠰᠢᠢ᠍ᠳᠪᠦᠷᠢᠯᠡᠬᠦ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ

      ᠬᠠᠷᠢᠯᠴᠠᠬᠤ ᠤᠲᠠᠰᠤ᠄ 0471-6651903

      ᠬᠠᠶᠢᠭ᠄ ᠬᠥᠬᠡᠬᠣᠲᠠ ᠵᠢᠨ ᠤᠯᠠᠭ᠋ᠠᠨᠴᠠᠪ ᠵᠡᠭᠦᠨ ᠵᠡᠭᠡᠯᠢ ᠵᠢᠨ 70 ᠳ᠋ᠤᠭ᠋ᠠᠷ ᠲᠣᠭ᠋ᠠᠲᠤ

      ᠰᠢᠤᠳᠠᠨ ᠳ᠋ᠤᠭ᠋ᠠᠷ᠄ 010011

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ