《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠮᠡᠳᠡᠭᠡ》 (ᠳᠣᠷᠣᠭᠰᠢ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠭᠡᠵᠦ ᠲᠣᠪᠴᠢᠯᠠᠪᠠ) ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠯ ᠳᠦᠷᠢᠮ ᠪᠠ ᠵᠠᠰᠠᠭ ᠵᠠᠬᠢᠷᠭ᠋ᠠᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ ᠨᠡᠢ᠌ᠲᠡᠯᠡᠬᠦ ᠬᠠᠤᠯᠢ᠎ᠪᠠᠷ ᠲᠣᠭᠲᠠᠭ᠋ᠠᠭᠰᠠᠨ ᠠᠴᠢᠶᠠᠯᠠᠪᠤᠷᠢ ᠪᠣᠯᠣᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢ᠌ᠭᠤᠯᠭ᠎ᠠ ᠵᠢᠨ ᠵᠠᠰᠠᠭ᠎ᠤᠨ ᠣᠷᠳᠣᠨ᠎ᠤ ᠵᠠᠷᠯᠢᠭ ᠨᠡᠢ᠌ᠲᠡᠯᠡᠬᠦ ᠡᠷᠬᠡ ᠰᠦᠷᠲᠦ ᠠᠷᠭ᠎ᠠ ᠵᠠᠮ ᠪᠣᠯᠣᠨ᠎ᠠ᠃ ᠣᠯᠠᠨ ᠨᠡᠶ᠋ᠢᠲᠡ ᠵᠢᠨ ᠴᠠᠭ ᠲᠤᠬᠠᠢᠳᠤᠨᠢ ᠯᠠᠪᠯᠠᠨ ᠦᠵᠡᠬᠦ᠎ᠳᠤ ᠲᠥᠬᠥᠮ ᠦᠵᠡᠭᠦᠯᠬᠦ ᠵᠢᠨ ᠲᠤᠰᠠᠳᠠ᠂ ᠡᠳᠦᠭᠡ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢ ᠯᠠᠪᠯᠠᠨ ᠦᠵᠡᠬᠦ ᠠᠷᠭ᠎ᠠ ᠵᠠᠮ᠎ᠢ ᠳᠣᠣᠷᠠᠬᠢ ᠮᠡᠲᠦ ᠵᠠᠷᠯᠠᠶ᠎ᠠ᠃
ᠨᠢᠭᠡ᠂ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠴᠠᠭ᠋ᠠᠰᠤᠨ ᠬᠡᠪᠯᠡᠯ
ᠨᠡᠢ᠌ᠲᠡ ᠣᠯᠠᠨ ᠵᠶ᠋ᠠᠷ ᠵᠶ᠋ᠠᠨ ᠲᠣᠰ ᠭᠠᠵᠠᠷ ᠣᠷᠣᠨ᠎ᠤ᠎ᠪᠠᠨ ᠲᠠᠩᠰᠠ ᠡᠪᠬᠡᠮᠡᠯ᠎ᠤᠨ ᠣᠷᠳᠣᠨ᠂ ᠨᠣᠮ᠎ᠤᠨ ᠰᠠᠩ᠂ ᠵᠠᠰᠠᠭ᠎ᠤᠨ ᠶᠠᠪᠤᠳᠠᠯ (ᠵᠠᠰᠠᠭ ᠵᠠᠬᠢᠷᠭ᠋ᠠᠨ)᠎ᠤᠨ ᠦᠢ᠍ᠯᠡᠴᠢᠯᠡᠭᠡᠨ᠎ᠤ ᠶᠡᠬᠡ ᠲᠢᠩᠬᠢᠮ ᠵᠡᠷᠭᠡ ᠲᠠᠯᠠᠪᠤᠷ᠎ᠲᠤ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠴᠠᠭ᠋ᠠᠰᠤᠨ ᠬᠡᠪᠯᠡᠯ᠎ᠳᠤ ᠨᠡᠢ᠌ᠲᠡᠯᠡᠭᠰᠡᠨ ᠠᠭᠤᠯᠭ᠎ᠠ ᠵᠢ ᠯᠠᠪᠯᠠᠨ ᠦᠵᠡᠵᠦ ᠪᠣᠯᠣᠨ᠎ᠠ᠃
ᠬᠣᠶᠠᠷ᠂ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠡᠯᠧᠺᠲᠷᠣᠨ ᠬᠡᠪᠯᠡᠯ
ᠨᠡᠢ᠌ᠲᠡ ᠣᠯᠠᠨ ᠵᠶ᠋ᠠᠷ ᠵᠶ᠋ᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠫᠤᠷᠲᠸᠯ ᠰᠦᠯᠵᠢᠶ᠎ᠡ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠨᠡᠢ᠌ᠲᠡᠯᠡᠯ》 ᠸᠢᠴᠠᠲ᠎ᠤᠨ ᠨᠡᠶ᠋ᠢᠲᠡ ᠵᠢᠨ ᠲᠠᠪᠴᠠᠩ᠎ᠳᠠᠬᠢ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠲᠤᠰᠬᠠᠢ ᠪᠤᠯᠤᠩ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ᠎ᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠬᠤᠳᠠᠯᠳᠤᠭ᠎ᠠ ᠵᠢᠨ ᠬᠣᠯᠪᠣᠭ᠋ᠠᠲᠦ ᠬᠤᠷᠠᠯ ᠪᠠ ᠥᠪᠥᠷ ᠮᠣᠩᠭᠣᠯ᠎ᠤᠨ ᠨᠣᠮ᠎ᠤᠨ ᠰᠠᠩ ᠵᠡᠷᠭᠡ ᠰᠠᠯᠠᠭ᠎ᠠ ᠮᠥᠴᠢᠷ ᠨᠢᠭᠡᠴᠢ ᠵᠢᠨ ᠸᠢᠴᠠᠲ᠎ᠤᠨ ᠨᠡᠶ᠋ᠢᠲᠡ ᠵᠢᠨ ᠲᠠᠪᠴᠠᠩ ᠵᠢᠴᠢ 《ᠮᠦᠩᠬᠡ ᠰᠤᠪᠠᠭ》᠂ 《ᠲᠠᠯ᠎ᠠ ᠨᠤᠲᠤᠭ᠎ᠤᠨ ᠡᠭᠦᠯᠡ》᠂ 《ᠪᠧᠨ ᠲᠧᠩ ᠬᠠᠮ ᠵᠠᠭᠤᠴᠢᠯᠠᠭᠤᠷ》 ᠵᠡᠷᠭᠡ APP᠎ᠲᠠᠬᠢ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠲᠤᠰᠬᠠᠢ ᠪᠤᠯᠤᠩ ᠵᠶ᠋ᠠᠷ ᠤᠩᠰᠢᠨ ᠡᠷᠢᠵᠦ᠂ ᠳᠠᠮᠵᠢᠭᠤᠯᠤᠨ ᠲᠠᠷᠬᠠᠭ᠋ᠠᠵᠤ᠂ 《ᠵᠠᠰᠠᠭ᠎ᠤᠨ ᠣᠷᠳᠣᠨ᠎ᠤ ᠠᠯᠪᠠᠨ ᠮᠡᠳᠡᠭᠡ》 ᠵᠢᠨ ᠡᠯᠧᠺᠲᠷᠣᠨ ᠬᠡᠪᠯᠡᠯ᠎ᠳᠤ ᠨᠡᠢ᠌ᠲᠡᠯᠡᠭᠰᠡᠨ ᠠᠭᠤᠯᠭ᠎ᠠ ᠵᠢ ᠪᠠᠭᠤᠯᠭ᠋ᠠᠨ ᠳᠠᠷᠤᠮᠠᠯᠯᠠᠵᠤ ᠪᠣᠯᠣᠨ᠎ᠠ᠃
2024 ᠣᠨ᠎ᠤ 9 ᠳ᠋ᠦ᠍ᠭᠡᠷ ᠰᠠᠷ᠎ᠠ ᠵᠢᠨ 20᠎ᠤ ᠡᠳᠦᠷ
(ᠲᠣᠰ ᠮᠠᠲ᠋ᠧᠷᠢᠶᠠᠯ᠎ᠢ ᠢᠯᠡ ᠨᠡᠢ᠌ᠲᠡᠯᠡᠨ᠎ᠡ)