ᠲᠡᠷᠢᠭᠦᠨ ᠬᠠᠭᠤᠳᠠᠰᠤ   -   ᠠᠯᠪᠠᠨ ᠵᠠᠷ
ᠲᠥᠪ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠵᠤ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠷᠪᠠᠳᠤᠭ᠋ᠠᠷ ᠳᠤᠭᠤᠢ᠌ᠯᠠᠩ ᠣᠯᠠᠨ ᠲᠦᠮᠡᠨ᠎ᠤ ᠲᠤᠰᠬᠠᠬᠤ ᠪᠠ ᠠᠵᠢᠯᠲᠠᠨ ᠠᠵᠢᠯᠴᠢᠨ᠎ᠤ ᠮᠡᠳᠡᠭᠦᠯᠬᠦ ᠭᠡᠮ ᠰᠣᠭᠣᠭ᠎ᠤᠨ ᠰᠦᠪᠡᠭᠴᠢ ᠵᠢ ᠬᠦᠯᠢᠶᠡᠨ ᠠᠪᠴᠤ ᠰᠢᠢ᠍ᠳᠪᠦᠷᠢᠯᠡᠬᠦ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-03-27

    ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠨᠢᠭᠡᠳᠦᠯᠲᠡᠢ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢᠨ ᠶᠣᠰᠣᠭ᠋ᠠᠷ᠂ 2025 ᠣᠨ᠎ᠤ 3 ᠰᠠᠷ᠎ᠠ ᠵᠢᠨ 27᠎ᠠᠴᠠ 4 ᠰᠠᠷ᠎ᠠ ᠵᠢᠨ 2 ᠪᠣᠯᠲᠠᠯ᠎ᠠ᠂ ᠲᠥᠪ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠵᠤ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠷᠪᠠᠳᠤᠭ᠋ᠠᠷ ᠳᠤᠭᠤᠢ᠌ᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠷᠦᠭᠦᠦ ᠤᠯᠠᠷᠢᠯ᠎ᠤᠨ ᠠᠶᠤᠯᠭᠦᠢ ᠦᠢ᠍ᠯᠡᠳᠪᠦᠷᠢᠯᠡᠯ᠎ᠤᠨ ᠲᠤᠬᠠᠢ ᠢᠯᠡ᠎ᠪᠠᠷ ᠪᠠᠢ᠌ᠴᠠᠭ᠋ᠠᠵᠤ ᠳᠠᠯᠳᠠᠭᠤᠷ ᠰᠤᠷᠪᠤᠯᠵᠢᠯᠠᠬᠤ ᠠᠵᠢᠯ ᠥᠷᠨᠢᠭᠦᠯᠦᠨ᠎ᠡ᠃

    ᠣᠷᠣᠵᠤ ᠰᠠᠭᠤᠬᠤ ᠬᠤᠭᠤᠴᠠᠭ᠋ᠠᠨ᠎ᠳᠤ᠂ ᠬᠢᠨᠠᠨ ᠰᠢᠯᠭ᠋ᠠᠵᠤ ᠲᠣᠭᠣᠷᠢᠨ ᠪᠠᠢ᠌ᠴᠠᠭ᠋ᠠᠬᠤ ᠳᠤᠭᠤᠢ᠌ᠯᠠᠩ ᠤᠲᠠᠰᠤ᠂ ᠡᠯᠧᠺᠲᠷᠣᠨ ᠰᠢᠤᠳᠠᠨ ᠬᠠᠢ᠌ᠷᠴᠠᠭ ᠵᠡᠷᠭᠡ ᠠᠷᠭ᠎ᠠ ᠬᠡᠯᠪᠡᠷᠢ᠎ᠪᠠᠷ ᠣᠯᠠᠨ ᠲᠦᠮᠡᠨ᠎ᠤ ᠲᠤᠰᠬᠠᠬᠤ ᠪᠠ ᠠᠵᠢᠯᠲᠠᠨ ᠠᠵᠢᠯᠴᠢᠨ᠎ᠤ ᠮᠡᠳᠡᠭᠦᠯᠬᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠣᠷᠣᠨ᠎ᠤ ᠳᠣᠲᠣᠷᠠᠬᠢ ᠠᠶᠤᠯᠭᠦᠢ ᠦᠢ᠍ᠯᠡᠳᠪᠦᠷᠢᠯᠡᠯ᠎ᠤᠨ ᠭᠡᠮ ᠰᠣᠭᠣᠭ᠎ᠤᠨ ᠰᠦᠪᠡᠭᠴᠢ ᠵᠢ ᠬᠦᠯᠢᠶᠡᠨ ᠠᠪᠴᠤ ᠰᠢᠢ᠍ᠳᠪᠦᠷᠢᠯᠡᠨ᠎ᠡ᠂ ᠡᠭᠦᠨ᠎ᠤ ᠬᠠᠮᠲᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠴᠢᠩᠭ᠋ᠠᠳᠬᠠᠬᠤ ᠪᠠ ᠰᠠᠢ᠌ᠵᠢᠷᠠᠭᠤᠯᠬᠤ ᠰᠠᠨᠠᠭᠤᠯᠭ᠎ᠠ ᠵᠢ ᠬᠦᠯᠢᠶᠡᠨ ᠠᠪᠤᠨ᠎ᠠ᠃ ᠬᠦᠯᠢᠶᠡᠨ ᠠᠪᠬᠤ ᠴᠠᠭ᠎ᠨᠢ 2025 ᠣᠨ᠎ᠤ 4 ᠰᠠᠷ᠎ᠠ ᠵᠢᠨ 2 ᠪᠣᠯᠲᠠᠯ᠎ᠠ᠃

    ᠤᠲᠠᠰᠤ᠄ 13717820547 (ᠠᠵᠢᠯᠯᠠᠬᠤ ᠴᠠᠭ᠎ᠨᠢ 8᠄ 00᠎ᠠᠴᠠ 12᠄ 00᠂ 14᠄ 00᠎ᠠᠴᠠ 18᠄00)

    ᠡᠯᠧᠺᠲᠷᠣᠨ ᠰᠢᠤᠳᠠᠨ ᠬᠠᠢ᠌ᠷᠴᠠᠭ᠄ NMG2025MCAF@mem.gov.cn

ᠲᠥᠪ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠨ ᠰᠢᠯᠭ᠋ᠠᠵᠤ ᠲᠣᠭᠣᠷᠢᠨ ᠪᠠᠢ᠌ᠴᠠᠭ᠋ᠠᠬᠤ ᠳᠤᠭᠤᠢ᠌ᠯᠠᠩ᠎ᠤᠨ ᠠᠷᠪᠠᠳᠤᠭ᠋ᠠᠷ ᠳᠤᠭᠤᠢ᠌ᠯᠠᠩ

2025 ᠣᠨ᠎ᠤ 3 ᠰᠠᠷ᠎ᠠ ᠵᠢᠨ 27᠎ᠤ ᠡᠳᠦᠷ   

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ