ᠲᠡᠷᠢᠭᠦᠨ ᠬᠠᠭᠤᠳᠠᠰᠤ   -   ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠠᠩᠨᠠᠯ᠎ᠤᠨ ᠲᠤᠬᠠᠶ ᠲᠣᠭ᠍ᠲᠠᠭᠠᠯ
ᠨᠡᠶ᠋ᠢᠲᠡᠯᠡᠭᠰᠡᠨ ᠴᠠᠭ᠄ 2025-09-25

 

ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠣᠳᠣᠯᠭ᠎ᠠ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ ᠪᠠ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠪᠥᠬᠥ᠌ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ ᠱᠢᠨ᠎ᠡ᠎ᠶ᠋ᠢ ᠡᠭᠦᠳᠬᠦ᠌ ᠰᠠᠢᠨ ᠰᠠᠢᠬᠠᠨ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠡᠴᠡ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠠᠪᠱᠢᠯᠲᠠ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠲᠣᠪᠣᠢᠮ᠎ᠠ ᠬᠤᠪᠢ ᠨᠡᠮᠡᠷᠢ ᠦᠵᠡᠭᠦᠯᠦᠭ᠌ᠰᠡᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ ᠪᠠ ᠵᠣᠬᠢᠶᠠᠨ ᠪᠠᠢᠭᠤᠯᠤᠯᠲᠠ᠎ᠳᠤ ᠱᠠᠩᠨᠠᠯ ᠣᠯᠭᠣᠬᠤ᠎ᠪᠠᠷ ᠲᠣᠭ᠍ᠲᠠᠪᠠ᠃

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠤᠨ ᠠᠷᠭ᠎ᠠ》᠎ᠶᠢᠨ ᠲᠣᠭ᠍ᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠢ ᠬᠢᠨᠡᠨ ᠦᠨᠡᠯᠡᠬᠦ ᠺᠣᠮᠢᠰ᠎ᠡᠴᠡ ᠬᠢᠨᠠᠨ ᠦᠨᠡᠯᠡᠭᠦ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠤᠨ ᠺᠣᠮᠢᠰ᠎ᠡᠴᠡ ᠬᠢᠨᠠᠨ ᠲᠣᠭ᠍ᠲᠠᠭᠠᠬᠤ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠬᠢᠨᠠᠨ ᠬᠠᠷᠭᠤᠭᠤᠯᠬᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠵᠥᠪᠱᠢᠶᠡᠷᠡᠬᠦ᠎ᠪᠠᠷ ᠳᠠᠮᠵᠢᠨ᠂ 《ᠲᠠᠯ᠎ᠠ ᠨᠤᠲᠤᠭ᠎ᠤᠨ ᠪᠠᠷᠢᠯᠭ᠎ᠠ᠎ᠶ᠋ᠢᠨ ᠨᠤᠳᠤᠬᠴᠢᠯᠠᠬᠰᠠᠨ ᠪᠣᠬᠢᠷᠲᠤᠯ ᠥᠬᠡᠶ ᠡᠵᠡᠩᠨᠡᠨ ᠪᠠᠢᠭᠤᠯᠬᠤ ᠣᠨᠣᠯ ᠬᠢᠭᠡᠳ ᠵᠠᠩᠭᠢᠯᠠᠭ᠎ᠠ᠎ᠶ᠋ᠢᠨ ᠮᠡᠷᠭᠡᠵᠢᠯ ᠵᠢᠴᠢ ᠬᠡᠷᠡᠭ᠌ᠯᠡᠯᠲᠡ》 ᠭᠡᠬᠦ 1 ᠵᠦᠶ᠋ᠯ᠎ᠦᠨ ᠦᠷ᠎ᠡ ᠪᠦᠲᠦᠭᠡᠯ᠎ᠳᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠣᠨᠴᠠ ᠲᠠᠰ᠎ᠤᠨ ᠱᠠᠩᠨᠠᠯ ᠣᠯᠭᠣᠵᠤ᠂ 《ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠳᠦ ᠬᠠᠨᠳᠤᠭᠤᠯᠤᠭ᠍ᠰᠠᠨ 〈ᠡᠬᠢ — ᠲᠤᠤᠷ〉᠎ᠢ ᠤᠶᠠᠨ ᠴᠢᠨᠠᠷᠲᠠᠶ ᠡᠵᠡᠮᠳᠡᠬᠦ᠌ ᠪᠠ ᠲᠤᠯᠭᠠᠭᠤᠷᠢᠯᠠᠬᠤ ᠵᠠᠩᠭᠢᠯᠠᠭ᠎ᠠ᠎ᠶ᠋ᠢᠨ ᠮᠡᠷᠭᠡᠵᠢᠯ ᠵᠢᠴᠢ ᠬᠡᠷᠡᠭ᠌ᠯᠡᠯᠲᠡ》 ᠵᠡᠷᠭᠡ 35 ᠵᠦᠶ᠋ᠯ᠎ᠦᠨ ᠦᠷ᠎ᠡ ᠪᠦᠲᠦᠭᠡᠯ᠎ᠳᠤ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠨᠢᠭᠡᠳᠦᠭᠡᠷ ᠳᠡᠰ᠎ᠤᠨ ᠱᠠᠩᠨᠠᠯ ᠣᠯᠭᠣᠵᠤ᠂ 《ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠦᠳᠡᠯᠭᠡᠬᠦ ᠬᠦᠴᠦᠨ᠎ᠤ ᠳᠠᠮᠵᠢᠭᠤᠯᠭ᠎ᠠ᠎ᠶ᠋ᠢᠨ ᠮᠠᠰᠢᠨ ᠰᠡᠯᠪᠢᠭ ᠲᠣᠨᠣᠭ ᠦᠶ᠋ᠯᠡᠳᠬᠦ᠌ ᠵᠠᠩᠭᠢᠯᠠᠭ᠎ᠠ᠎ᠶ᠋ᠢᠨ ᠮᠡᠷᠭᠡᠵᠢᠯ ᠵᠢᠴᠢ ᠬᠡᠷᠡᠭ᠌ᠯᠡᠯᠲᠡ》 ᠵᠡᠷᠭᠡ 79 ᠵᠦᠶ᠋ᠯ᠎ᠦᠨ ᠦᠷ᠎ᠡ ᠪᠦᠲᠦᠭᠡᠯ᠎ᠳᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠱᠠᠨᠭᠨᠠᠯ᠎ᠤᠨ ᠬᠣᠶᠠᠳᠤᠭᠠᠷ ᠳᠡᠰ᠎ᠤᠨ ᠱᠠᠩᠨᠠᠯ ᠣᠯᠭᠣᠨ᠎ᠠ; 《ᠪᠥᠬᠥ᠌ ᠪᠥᠮᠪᠥᠷᠴᠡᠭ᠎ᠦᠨ ᠬᠤᠪᠢᠷᠠᠯᠲᠠ ᠳᠤᠤᠷᠠᠬᠢ ᠪᠡᠯᠴᠢᠭᠡᠷ᠎ᠦᠨ ᠠᠮᠢ ᠠᠬᠤᠶ᠎ᠶ᠋ᠢᠨ ᠱᠢᠰᠲ᠋ᠧᠮ᠎ᠦᠨ ᠦᠶ᠋ᠯᠡᠳᠪᠦᠷᠢᠯᠡᠯ᠎ᠦᠨ ᠬᠦᠴᠦᠨ ᠬᠢᠭᠡᠳ ᠲᠣᠭ᠍ᠲᠠᠪᠤᠷᠢᠲᠤ ᠴᠢᠨᠠᠷ᠎ᠢ ᠪᠠᠲᠤᠯᠠᠬᠤ ᠲᠣᠭ᠍ᠲᠡᠴᠡ》 ᠵᠡᠷᠭᠡ 5 ᠵᠦᠶ᠋ᠯ᠎ᠦᠨ ᠦᠷ᠎ᠡ ᠪᠦᠲᠦᠭᠡᠯ᠎ᠳᠦ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠨᠢᠭᠡᠳᠦᠭᠡᠷ ᠳᠡᠰ᠎ᠤᠨ ᠱᠠᠩᠨᠠᠯ ᠣᠯᠭᠣᠵᠤ᠂ 《ᠬᠡᠳᠦᠨ ᠵᠦᠶ᠋ᠯ᠎ᠦᠨ ᠥᠮᠡᠨ ᠡᠪᠡᠳᠴᠢᠨ᠎ᠦ ᠬᠠᠮᠢᠶ᠎ᠠ ᠪᠥᠬᠥᠶ ᠭᠧᠨ᠎ᠦ ᠥᠩᠭᠡᠪᠴᠢ ᠤᠳᠤᠮᠯᠠᠯ᠎ᠤᠨ ᠵᠠᠰᠠᠵᠤ ᠲᠤᠬᠢᠷᠠᠭᠤᠯᠬᠤ ᠰᠤᠳᠤᠯᠭᠠᠨ》 ᠵᠡᠷᠭᠡ 14 ᠵᠦᠶ᠋ᠯ᠎ᠦᠨ ᠦᠷ᠎ᠡ ᠪᠦᠲᠦᠭᠡᠯ᠎ᠳᠦ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠱᠢᠨᠵᠢᠯᠡᠬᠦ᠌ ᠤᠬᠠᠭᠠᠨ᠎ᠤ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ ᠣᠯᠭᠣᠨ᠎ᠠ; 《ᠱᠢᠨ᠎ᠡ ᠬᠡᠯᠪᠡᠷᠢ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠣᠪᠣᠷ ᠱᠢᠷᠣᠶ᠎ᠶ᠋ᠢᠨ ᠴᠢᠳᠠᠮᠵᠢ᠎ᠶ᠋ᠢᠨ ᠲᠤᠰᠠᠯᠠᠭᠴᠢ ᠡᠳ᠋᠎ᠦᠨ ᠵᠠᠩᠭᠢᠯᠠᠭ᠎ᠠ᠎ᠶ᠋ᠢᠨ ᠦᠶ᠋ᠯᠡᠳᠬᠦ᠌ ᠮᠡᠷᠭᠡᠵᠢᠯ》 ᠵᠡᠷᠭᠡ 6 ᠵᠦᠶ᠋ᠯ᠎ᠦᠨ ᠦᠷ᠎ᠡ ᠪᠦᠲᠦᠭᠡᠯ᠎ᠳᠦ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠡᠭᠦᠳᠦᠯᠲᠡ᠎ᠶ᠋ᠢᠨ ᠨᠢᠭᠡᠳᠦᠭᠡᠷ ᠳᠡᠰ᠎ᠤᠨ ᠱᠠᠩᠨᠠᠯ ᠣᠯᠭᠣᠵᠤ᠂ 《ᠡᠩ᠎ᠦᠨ ᠱᠢᠯᠭᠠᠨ ᠪᠠᠢᠴᠠᠭᠠᠬᠤ ᠲᠣᠭ᠎ᠠ ᠪᠠᠷᠢᠮᠲᠠ᠎ᠵᠢᠨ ᠡᠪᠡᠳᠴᠢᠨ ᠡᠮᠭᠡᠭ᠎ᠢ ᠢᠯᠭᠠᠨ ᠲᠠᠨᠢᠬᠤ᠎ᠳᠡᠬᠢ ᠲᠣᠮᠣ ᠳ᠋ᠠᠢᠲ᠋ᠠ᠎ᠶ᠋ᠢᠨ ᠮᠡᠷᠭᠡᠵᠢᠯ᠎ᠤᠨ ᠬᠡᠷᠡᠭ᠌ᠯᠡᠯᠲᠡ》 ᠵᠡᠷᠭᠡ 14 ᠵᠦᠶ᠋ᠯ᠎ᠦᠨ ᠦᠷ᠎ᠡ ᠪᠦᠲᠦᠭᠡᠯ᠎ᠳᠦ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠡᠭᠦᠳᠦᠯᠲᠡ᠎ᠶ᠋ᠢᠨ ᠬᠣᠶᠠᠳᠤᠭᠠᠷ ᠳᠡᠰ᠎ᠤᠨ ᠱᠠᠩᠨᠠᠯ ᠣᠯᠭᠣᠨ᠎ᠠ; ᠸᠠᠩ ᠱᠢᠶᠠᠨ ᠷᠦᠢ ᠵᠡᠷᠭᠡ 9 ᠵᠠᠯᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠨ᠎ᠳᠤ ᠥᠪᠡᠷᠲᠡᠭᠡᠨ ᠵᠠᠰᠠᠬᠤ ᠣᠷᠣᠨ᠎ᠤ ᠵᠠᠯᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭᠴᠢ᠎ᠶᠢᠨ ᠱᠠᠩᠨᠠᠯ ᠣᠯᠭᠣᠨ᠎ᠠ; ᠠᠬᠠᠳ᠋ᠤ᠋·ᠴᠢᠶᠤᠤᠪᠢᠷ (Akhadov Jobir) ᠵᠡᠷᠭᠡ 3 ᠭᠠᠳᠠᠭᠠᠳᠤ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠳᠠᠨ᠎ᠳᠤ ᠤᠯᠠᠨ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠱᠠᠩᠨᠠᠯ ᠣᠯᠭᠣᠨ᠎ᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠡᠴᠡ᠂ ᠪᠦᠬᠦ᠌ ᠣᠷᠣᠨ᠎ᠤ ᠥᠷᠭᠡᠨ ᠣᠯᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ ᠲᠡᠷᠢᠭᠦᠨ᠎ᠦ ᠬᠢ᠎ᠡᠴᠡ ᠰᠤᠷᠤᠯᠴᠠᠵᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ᠂ ᠵᠣᠷᠢᠭ᠍ᠲᠠᠶ᠎ᠪᠠᠷ ᠳᠠᠪᠠᠵᠤ᠂ ᠤᠯᠤᠰ᠎ᠢᠶᠠᠨ ᠬᠠᠢᠷᠠᠯᠠᠬᠤ᠂ ᠱᠢᠨ᠎ᠡ᠎ᠶ᠋ᠢ ᠡᠭᠦᠳᠬᠦ᠂ ᠦᠨᠡᠨ᠎ᠢ ᠪᠠᠷᠢᠮᠳᠠᠯᠠᠬᠤ᠂ ᠨᠠᠮᠡᠷᠢ ᠡᠷᠭᠦᠬᠦ᠂ ᠬᠠᠮᠵᠢᠯᠴᠠᠬᠤ᠂ ᠬᠥᠮᠦᠨ᠎ᠢ ᠬᠥᠮᠦᠵᠢᠭᠦᠯᠬᠦ᠌ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ ᠶ᠋ᠢ ᠶᠡᠬᠡ᠎ᠪᠠᠷ ᠪᠠᠳᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠢᠨᠵᠧᠨᠧᠷᠢᠩ᠎ᠢ ᠭᠦᠨᠵᠡᠭᠡᠶ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠰᠠᠭᠤᠷᠢ ᠰᠤᠳᠤᠯᠭᠠᠨ ᠪᠠ ᠬᠡᠷᠡᠭ᠌ᠯᠡᠭᠡᠨ᠎ᠦ ᠰᠠᠭᠤᠷᠢ ᠰᠤᠳᠤᠯᠭᠠᠨ᠎ᠢ ᠴᠢᠩᠭᠠᠳᠭᠠᠨ᠂ ᠤᠤᠭᠠᠯ ᠡᠭᠦᠳᠦᠯᠲᠡ᠎ᠵᠢᠨ ᠴᠢᠳᠠᠪᠤᠷᠢ᠎ᠵᠢ ᠳᠡᠭᠡᠭᠰᠢᠯᠡᠭᠦᠯᠬᠦ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠢ ᠱᠢᠪᠲᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠤᠨᠳᠤᠤᠰᠢᠭᠤᠯᠤᠯᠲᠠ᠎ᠶ᠋ᠢ ᠲᠦᠷᠭᠡᠳᠭᠡᠬᠦ᠌ ᠵᠡᠷᠭᠡ ᠲᠠᠯ᠎ᠠ᠎ᠪᠠᠷ ᠲᠠᠰᠤᠷᠠᠯᠲᠠ ᠦᠭᠡᠢ ᠱᠢᠨ᠎ᠡ ᠱᠢᠪᠲᠤᠯᠤᠯᠲᠠ᠎ᠲᠠᠶ ᠪᠣᠯᠬᠤ᠎ᠪᠠᠷ ᠴᠢᠷᠮᠠᠢᠵᠤ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠳᠤ ᠨᠢᠭᠡᠨ ᠭᠤᠤᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠶ᠋ᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭ᠍ᠰᠠᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠰᠦᠭᠡᠢ ᠭᠡᠵᠦ ᠤᠷᠢᠶᠠᠯᠠᠪᠠ᠃

(ᠨᠠᠷᠢᠨ ᠠᠭᠤᠯᠭ᠎ᠠ᠎ᠶᠢ ᠬᠤᠶᠠᠷ ᠬᠡᠮᠵᠢᠯᠳᠤ ᠺᠤᠳ᠋᠎ᠢ ᠰᠢᠷᠪᠢᠵᠦ ᠦᠵᠡᠭᠡᠷᠡᠢ)

  

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ