ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
《ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ 》᠎ᠤᠨ ᠲᠠᠢᠯᠤᠮᠵᠢ
ᠨᠡᠶ᠋ᠢᠲᠡᠯᠡᠭᠰᠡᠨ ᠴᠠᠭ᠄ 2025-12-11

 

2025 ᠣᠨ᠎ᠤ 12 ᠳ᠋ᠤᠭᠠᠷ ᠰᠠᠷ᠎ᠠ᠎ᠶᠢᠨ 3᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠡᠷᠲᠡᠭᠡᠨ ᠵᠠᠰᠠᠬᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ 》 ( ᠥᠪᠥᠷ ᠵᠠᠰᠠᠭ ᠠᠯᠪᠠᠨ ᠲᠠᠷᠬᠠᠭᠠᠭᠰᠠᠨ 〔2025〕 40 ᠳ᠋ᠦ᠍ᠭᠡᠷ ᠲᠣᠭᠠᠲᠤ )᠎ᠢ ᠳᠠᠷᠤᠮᠠᠯᠯᠠᠨ ᠶᠠᠪᠤᠭᠤᠯᠪᠠ᠂ ᠡᠳᠦᠭᠡ ᠬᠣᠯᠪᠣᠭᠳᠠᠯ ᠪᠦᠬᠦᠢ ᠠᠭᠤᠯᠭ᠎ᠠ᠎ᠶᠢ ᠳᠠᠷᠠᠭᠠᠬᠢ ᠮᠡᠲᠦ ᠲᠠᠢᠯᠪᠤᠷᠢᠯᠠᠶ᠎ᠠ᠃ 

ᠨᠢᠭᠡ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢᠨ ᠤᠬᠠᠭᠳᠠᠬᠤᠨ 

ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ ᠭᠡᠳᠡᠭ ᠪᠣᠯ ᠬᠠᠤᠯᠢ᠎ᠪᠠᠷ ᠲᠣᠭᠲᠠᠭᠠᠭᠰᠠᠨ ᠠᠵᠢᠯᠯᠠᠬᠤ ᠴᠠᠭ ᠪᠤᠶᠤ ᠬᠠᠤᠯᠢ ᠶᠣᠰᠣᠭᠠᠷ ᠲᠣᠭᠲᠠᠭᠠᠭᠰᠠᠨ ᠬᠥᠳᠡᠯᠮᠦᠷᠢ᠎ᠶᠢᠨ ᠭᠡᠷ᠎ᠡ᠎ᠪᠡᠷ ᠪᠣᠯᠵᠣᠨ ᠲᠣᠭᠲᠠᠭᠰᠠᠨ ᠠᠵᠢᠯᠯᠠᠬᠤ ᠴᠠᠭ᠎ᠤᠨ ᠳᠣᠲᠣᠷ᠎ᠠ ᠬᠥᠳᠡᠯᠮᠦᠷᠢᠴᠢᠳ ᠬᠡᠪ᠎ᠦᠨ ᠶᠣᠰᠣᠭᠠᠷ ᠬᠥᠳᠡᠯᠮᠦᠷᠢᠯᠡᠭᠰᠡᠨ ᠤᠷᠢᠲᠠᠯ᠎ᠳᠤ᠂ ᠬᠥᠮᠥᠨ ᠬᠡᠷᠡᠭᠯᠡᠭᠰᠡᠨ ᠨᠢᠭᠡᠴᠢ᠎ᠶᠢᠨ ᠬᠢᠨ᠎ᠦ ᠬᠠᠤᠯᠢ ᠶᠣᠰᠣᠭᠠᠷ ᠣᠯᠭᠣᠬᠤ ᠶᠣᠰᠣᠲᠠᠢ ᠬᠥᠳᠡᠯᠮᠦᠷᠢ᠎ᠶᠢᠨ ᠬᠠᠮᠤᠭ ᠳᠣᠣᠷ᠎ᠠ ᠬᠥᠯᠥᠰᠦ ᠣᠯᠭᠣᠮᠵᠢ᠎ᠶᠢ ᠵᠢᠭᠠᠵᠤ ᠪᠠᠢᠨ᠎ᠠ᠃ 

ᠬᠣᠶᠠᠷ᠂ ᠮᠠᠨ᠎ᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠬᠡᠷᠡᠭᠵᠢᠭᠦᠯᠬᠦ ᠬᠡᠪᠴᠢᠶ᠎ᠡ 

ᠮᠠᠨ᠎ᠤ ᠣᠷᠣᠨ᠎ᠤ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠡᠯ᠎ᠡ ᠲᠥᠷᠥᠯ᠎ᠦᠨ ᠠᠵᠤ ᠠᠬᠤᠢᠯᠠᠯ᠂ ᠠᠷᠠᠳ᠎ᠡᠴᠡ ᠡᠷᠭᠢᠯᠡᠭᠰᠡᠨ ᠠᠵᠤ ᠠᠬᠤᠢᠯᠠᠯ᠎ᠤᠨ ᠪᠤᠰᠤ ᠨᠢᠭᠡᠴᠢ᠂ ᠬᠥᠯᠥᠰᠦᠨ ᠠᠵᠢᠯᠴᠢᠨ᠎ᠲᠠᠢ ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ ᠪᠠ ᠲᠡᠳᠡᠭᠡᠷ ᠯᠦ᠍ᠭᠡ ᠬᠥᠳᠡᠯᠮᠦᠷᠢ᠎ᠶᠢᠨ ᠬᠠᠷᠢᠴᠠᠭ᠎ᠠ᠎ᠲᠠᠢ ᠪᠣᠯᠤᠭᠰᠠᠨ ᠬᠥᠳᠡᠯᠮᠦᠷᠢᠴᠢᠳ᠎ᠲᠦ ᠳᠣᠬᠢᠷᠠᠭᠤᠯᠤᠨ ᠬᠡᠷᠡᠭᠵᠢᠭᠦᠯᠦᠨ᠎ᠡ᠃ ᠲᠥᠷᠥ᠎ᠶᠢᠨ ᠠᠯᠪᠠᠨ ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ᠂ ᠨᠡᠢᠭᠡᠮ᠎ᠦᠨ ᠪᠦᠯᠬᠦᠮ ᠪᠠ ᠲᠡᠳᠡᠭᠡᠷ ᠯᠦ᠍ᠭᠡ ᠬᠥᠳᠡᠯᠮᠦᠷᠢ᠎ᠶᠢᠨ ᠭᠡᠷ᠎ᠡ᠎ᠶᠢᠨ ᠬᠠᠷᠢᠴᠠᠭ᠎ᠠ ᠪᠠᠢᠭᠤᠯᠤᠭᠰᠠᠨ ᠬᠦᠳᠡᠯᠮᠦᠷᠢᠴᠢᠳ᠎ᠲᠦ ᠲᠤᠰ ᠪᠠᠷᠢᠮᠵᠢᠶ᠎ᠠ᠎ᠶᠢ ᠦᠨᠳᠦᠰᠦᠯᠡᠨ ᠪᠠᠢᠵᠤ ᠬᠡᠷᠡᠭᠵᠢᠭᠦᠯᠦᠨ᠎ᠡ᠃ 

ᠭᠤᠷᠪᠠ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢᠨ ᠬᠡᠯᠪᠡᠷᠢ 

ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠨᠢ ᠶᠡᠷᠦ᠎ᠳᠤ᠎ᠪᠠᠨ ᠰᠠᠷ᠎ᠠ᠎ᠶᠢᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠪᠠ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢᠨ ᠬᠡᠯᠪᠡᠷᠢ ᠲᠠᠢ ᠪᠠᠢᠳᠠᠭ᠃ ᠰᠠᠷ᠎ᠠ᠎ᠶᠢᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠪᠦᠬᠦᠯᠢ ᠡᠳᠦᠷ᠎ᠦᠨ ᠳᠦᠷᠢᠮ᠎ᠢᠶᠡᠷ ᠠᠵᠢᠯᠯᠠᠵᠤ ᠪᠠᠢᠭ᠎ᠠ ᠬᠦᠳᠡᠯᠮᠦᠷᠢᠴᠢᠳ᠎ᠲᠦ ᠳᠣᠬᠢᠷᠠᠭᠤᠯᠤᠨ ᠬᠡᠷᠡᠭᠵᠢᠭᠦᠯᠵᠦ᠂ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠪᠦᠬᠦᠯᠢ ᠡᠳᠦᠷ᠎ᠦᠨ ᠪᠤᠰᠤ ᠳᠦᠷᠢᠮ᠎ᠢᠶᠡᠷ ᠠᠵᠢᠯᠯᠠᠵᠤ ᠪᠠᠢᠭ᠎ᠠ ᠬᠦᠳᠡᠯᠮᠦᠷᠢᠴᠢᠳ᠎ᠲᠦ ᠳᠣᠬᠢᠷᠠᠭᠤᠯᠤᠨ ᠬᠡᠷᠡᠭᠵᠢᠭᠦᠯᠦᠨ᠎ᠡ᠃ 

ᠳᠥᠷᠪᠡ᠂ ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠪᠠᠭᠲᠠᠬᠤ ᠲᠥᠷᠥᠯ ᠵᠦᠢᠯ 

ᠰᠠᠷ᠎ᠠ᠎ᠶᠢᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ᠄ ᠨᠠᠰᠤᠵᠢᠯ᠎ᠤᠨ ᠦᠨᠳᠦᠰᠦᠨ ᠳᠠᠭᠠᠳᠬᠠᠯ᠂ ᠡᠮᠴᠢᠯᠡᠭᠡᠨ᠎ᠦ ᠳᠠᠭᠠᠳᠬᠠᠯ᠂ ᠠᠵᠢᠯ ᠠᠯᠳᠠᠯᠲᠠ᠎ᠶᠢᠨ ᠳᠠᠭᠠᠳᠬᠠᠯ ᠪᠠ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠵᠡᠷᠭᠡ ᠬᠦᠳᠡᠯᠮᠦᠷᠢᠴᠢᠳ᠎ᠦᠨ ᠬᠤᠪᠢ ᠬᠥᠮᠥᠨ᠎ᠦ ᠲᠤᠰᠢᠶᠠᠬᠤ ᠰᠦᠢᠳᠬᠡᠯ᠎ᠦᠨ ᠬᠡᠰᠡᠭ᠎ᠢ ᠪᠠᠭᠲᠠᠭᠠᠨ᠎ᠠ᠃ 

ᠲᠠᠪᠤ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ ᠡᠰᠡ ᠪᠠᠭᠲᠠᠬᠤ ᠲᠥᠷᠥᠯ ᠵᠦᠢᠯ 

ᠬᠠᠮᠤᠭ᠎ᠤᠨ ᠳᠣᠣᠷ᠎ᠠ ᠴᠠᠯᠢᠩ᠎ᠤᠨ ᠪᠠᠷᠢᠮᠵᠢᠶ᠎ᠠ᠎ᠳᠤ᠄ ᠬᠥᠮᠥᠨ ᠬᠡᠷᠡᠭᠯᠡᠭᠰᠡᠨ ᠨᠢᠭᠡᠴᠢ᠎ᠶᠢᠨ ᠬᠢᠨ᠎ᠦ ᠬᠥᠳᠡᠯᠮᠦᠷᠢᠴᠢᠳ᠎ᠲᠦ ᠣᠯᠭᠣᠬᠤ ᠠᠵᠢᠯ᠎ᠤᠨ ᠴᠠᠭ᠎ᠢ ᠨᠢ ᠤᠷᠲᠤᠳᠬᠠᠭᠰᠠᠨ ᠴᠠᠯᠢᠩ; ᠬᠥᠮᠥᠨ ᠬᠡᠷᠡᠭᠯᠡᠭᠰᠡᠨ ᠨᠢᠭᠡᠴᠢ᠎ᠶᠢᠨ ᠬᠢᠨ᠎ᠦ ᠬᠥᠳᠡᠯᠮᠦᠷᠢᠴᠢᠳ᠎ᠲᠦ ᠣᠯᠭᠣᠬᠤ ᠦᠳᠡ᠎ᠶᠢᠨ ᠡᠭᠡᠯᠵᠢ᠂ ᠰᠥᠨᠢ᠎ᠶᠢᠨ ᠡᠭᠡᠯᠵᠢ᠂ ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠬᠤᠳᠳᠤᠭ ᠳᠣᠲᠣᠷ᠎ᠠ᠂ ᠡᠷᠡᠭᠦᠯ ᠮᠡᠨᠳᠦ᠎ᠳᠦ ᠬᠣᠣᠷ ᠬᠥᠨᠥᠭᠡᠯ᠎ᠲᠠᠢ ᠵᠡᠷᠭᠡ ᠣᠨᠴᠠᠭᠠᠶ ᠠᠵᠢᠯ᠎ᠤᠨ ᠣᠷᠴᠢᠨ ᠪᠠ ᠨᠥᠭᠦᠴᠡᠯ᠎ᠦᠨ ᠨᠡᠮᠡᠯᠭᠡ; ᠬᠠᠤᠯᠢ ᠴᠠᠭᠠᠵᠠ᠂ ᠬᠠᠤᠯᠢ ᠲᠣᠭᠲᠠᠭᠠᠯ᠎ᠳᠦ ᠪᠠ ᠤᠯᠤᠰ᠎ᠠᠴᠠ ᠲᠣᠭᠲᠠᠭᠠᠭᠰᠠᠨ ᠬᠦᠳᠡᠯᠮᠦᠷᠢᠴᠢᠳ᠎ᠦᠨ ᠠᠰᠠᠷᠠᠮᠵᠢ ᠣᠯᠭᠣᠮᠵᠢ᠎ᠶᠢ ᠪᠠᠭᠲᠠᠭᠠᠬᠤ ᠦᠭᠡᠢ᠃ 

ᠵᠢᠷᠭᠤᠭ᠎ᠠ᠂ ᠣᠲᠣ᠌᠎ᠶᠢᠨ ᠬᠡᠷᠡᠭᠵᠢᠭᠦᠯᠵᠦ ᠪᠠᠢᠭ᠎ᠠ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ 

ᠲᠣᠰ ᠤᠳᠠᠭ᠎ᠠ ᠲᠣᠬᠢᠷᠠᠭᠤᠯᠤᠯᠲᠠ ᠬᠢᠭᠰᠡᠨ᠎ᠦ ᠳᠠᠷᠠᠭ᠎ᠠ᠂ ᠪᠥᠬᠥ ᠣᠷᠣᠨ᠎ᠤ ᠨᠢᠭᠡ᠎ᠡᠴᠡ ᠭᠤᠷᠪᠠᠳᠤᠭᠠᠷ ᠲᠥᠷᠥᠯ᠎ᠦᠨ ᠭᠠᠵᠠᠷ ᠣᠷᠣᠨ᠎ᠤ ᠪᠦᠬᠦᠯᠢ ᠡᠳᠦᠷ᠎ᠦᠨ ᠳᠦᠷᠢᠮ᠎ᠢᠶᠡᠷ ᠠᠵᠢᠯᠯᠠᠬᠤ ᠰᠠᠷ᠎ᠠ᠎ᠶᠢᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠨᠢ ᠲᠣᠰ ᠲᠣᠰ 2380 ᠲᠥᠭᠥᠷᠢᠭ᠂ 2310 ᠲᠥᠭᠥᠷᠢᠭ᠂ 2250 ᠲᠥᠭᠥᠷᠢᠭ ᠪᠣᠯᠣᠨ᠎ᠠ; ᠪᠦᠬᠦᠯᠢ ᠡᠳᠦᠷ᠎ᠦᠨ ᠪᠤᠰᠤ ᠳᠦᠷᠢᠮ᠎ᠢᠶᠡᠷ ᠠᠵᠢᠯᠯᠠᠬᠤ ᠴᠠᠭ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ ᠨᠢ ᠲᠣᠰ ᠲᠣᠰ 23.5 ᠲᠥᠭᠥᠷᠢᠭ᠂ 22.8 ᠲᠥᠭᠥᠷᠢᠭ᠂ 22.2 ᠲᠥᠭᠥᠷᠢᠭ ᠪᠣᠯᠣᠨ᠎ᠠ᠃ 

ᠳᠣᠯᠣᠭ᠎ᠠ᠂ ᠲᠣᠰ ᠤᠳᠠᠭᠠᠨ᠎ᠤ ᠲᠣᠬᠢᠷᠠᠭᠤᠯᠤᠯᠲᠠ᠎ᠶᠢ ᠬᠡᠷᠡᠭᠵᠢᠭᠦᠯᠬᠦ ᠴᠠᠭ 

ᠲᠣᠰ ᠤᠳᠠᠭ᠎ᠠ ᠲᠣᠬᠢᠷᠠᠭᠤᠯᠤᠯᠲᠠ ᠬᠢᠭᠰᠡᠨ᠎ᠦ ᠳᠠᠷᠠᠭᠠᠬᠢ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ 2025 ᠣᠨ᠎ᠤ 12 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 

ᠨᠠᠢ᠍ᠮᠠ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠬᠡᠷᠡᠭᠵᠢᠭᠦᠯᠬᠦ ᠲᠤᠬᠠᠢ 

ᠡᠯ᠎ᠡ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ ᠬᠠᠮᠤᠭ ᠳᠣᠣᠷ᠎ᠠ ᠴᠠᠯᠢᠩ᠎ᠢ ᠪᠠᠲᠤᠯᠠᠬᠤ ᠠᠵᠢᠯ᠎ᠤᠨ ᠤᠳᠤᠷᠢᠳᠤᠯᠭ᠎ᠠ᠎ᠪᠠᠨ ᠴᠢᠩᠭᠠᠳᠬᠠᠵᠤ᠂ ᠲᠤᠰ ᠭᠠᠵᠠᠷ ᠣᠷᠣᠨ᠎ᠤ᠎ᠪᠠᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠴᠠᠭ ᠲᠤᠬᠠᠢ᠎ᠳᠤ ᠨᠢ ᠨᠡᠢᠭᠡᠮ᠎ᠳᠦ ᠨᠡᠢᠲᠡᠯᠡᠨ᠂ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠤᠬᠠᠭᠤᠯᠬᠤ᠎ᠪᠠᠨ ᠴᠢᠩᠭᠠᠳᠬᠠᠬᠤ ᠬᠡᠷᠡᠭᠲᠡᠢ᠃ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠶᠢ ᠨᠡᠢᠲᠡᠯᠡᠭᠰᠡᠨ᠎ᠦ ᠲᠠᠷᠠᠭ᠎ᠠ᠂ ᠨᠢᠭᠡᠨᠲᠡ ᠬᠡᠪ᠎ᠦᠨ ᠶᠣᠰᠣᠭᠠᠷ ᠬᠦᠳᠡᠯᠮᠦᠷᠢᠯᠡᠭᠰᠡᠨ ᠬᠦᠳᠡᠯᠮᠦᠷᠢᠴᠢᠳ᠎ᠲᠦ᠂ ᠬᠥᠮᠥᠨ ᠬᠡᠷᠡᠭᠯᠡᠭᠰᠡᠨ ᠨᠢᠭᠡᠴᠢ᠎ᠶᠢᠨ ᠬᠢᠨ᠎ᠦ ᠣᠯᠭᠣᠬᠤ ᠴᠠᠯᠢᠩ ᠨᠢ ᠲᠤᠬᠠᠢ᠎ᠶᠢᠨ ᠭᠠᠵᠠᠷ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠪᠠᠢᠵᠤ ᠪᠣᠯᠬᠤ ᠦᠭᠡᠢ᠃ ᠬᠡᠷᠪᠡ ᠬᠥᠮᠥᠨ ᠬᠡᠷᠡᠭᠯᠡᠭᠰᠡᠨ ᠨᠢᠭᠡᠴᠢ᠎ᠶᠢᠨ ᠬᠢᠨ᠎ᠦ ᠣᠯᠭᠣᠭᠰᠠᠨ ᠴᠠᠯᠢᠩ ᠨᠢ ᠲᠤᠬᠠᠢ᠎ᠶᠢᠨ ᠭᠠᠵᠠᠷ᠎ᠤᠨ ᠬᠠᠮᠤᠭ ᠳᠣᠣᠷ᠎ᠠ ᠴᠠᠯᠢᠩ᠎ᠤᠨ ᠪᠠᠷᠢᠮᠵᠢᠶ᠎ᠠ᠎ᠠᠴᠠ ᠳᠣᠣᠷ᠎ᠠ ᠪᠠᠢᠪᠠᠯ᠂ ᠬᠦᠳᠡᠯᠮᠦᠷᠢᠴᠢᠳ ᠲᠤᠬᠠᠢ᠎ᠶᠢᠨ ᠭᠠᠵᠠᠷ᠎ᠤᠨ ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠬᠤ ᠪᠠᠢᠭᠤᠯᠤᠮᠵᠢ᠎ᠳᠤ ᠵᠠᠭᠠᠯᠳᠤᠵᠤ ᠪᠣᠯᠣᠨ᠎ᠠ᠃ ᠡᠯ᠎ᠡ ᠱᠠᠲᠤᠨ᠎ᠦ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠤᠳ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠬᠥᠮᠥᠨ ᠬᠡᠷᠡᠭᠯᠡᠭᠰᠡᠨ ᠨᠢᠭᠡᠴᠢ᠎ᠨᠦᠭᠦᠳ᠎ᠤᠨ ᠬᠠᠮᠤᠭ᠎ᠤᠨ ᠳᠣᠣᠷ᠎ᠠ ᠴᠠᠯᠢᠩ᠎ᠤᠨ ᠲᠣᠭᠲᠠᠭᠠᠯ᠎ᠢ ᠬᠡᠷᠡᠭᠵᠢᠭᠦᠯᠵᠦ ᠪᠠᠢᠭ᠎ᠠ ᠪᠠᠢᠳᠠᠯ᠎ᠳᠤ ᠬᠢᠨᠠᠯᠲᠠ ᠲᠠᠯᠪᠢᠨ ᠪᠠᠢᠴᠠᠭᠠᠵᠤ᠂ ᠬᠠᠤᠯᠢ᠎ᠠᠴᠠ ᠵᠥᠷᠢᠴᠡᠭᠰᠡᠨ ᠥᠢᠯᠡ ᠠᠵᠢᠯᠯᠠᠭ᠎ᠠ᠎ᠶᠢ ᠴᠠᠭ ᠲᠤᠬᠠᠢ᠎ᠳᠤ ᠨᠢ ᠵᠠᠯᠠᠷᠠᠭᠤᠯᠬᠤ᠎ᠶᠢᠨ ᠬᠠᠮᠲᠤ ᠬᠠᠤᠯᠢ ᠶᠣᠰᠣᠭᠠᠷ ᠰᠢᠢᠳᠪᠦᠷᠢᠯᠡᠨ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠦᠨᠡᠨ ᠬᠦ᠌ ᠬᠠᠮᠠᠭᠠᠯᠠᠬᠤ ᠬᠡᠷᠡᠭᠲᠡᠢ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ