ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠢ ᠠᠩᠭᠢᠯᠠᠨ ᠬᠤᠪᠢᠶᠠᠵᠤ ᠪᠠᠲᠤᠯᠠᠬᠤ ᠳᠦᠷᠢᠮ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ》 (ᠳᠣᠷᠣᠭ᠍ᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠪᠠ)᠎ᠢ ᠳᠠᠷᠤᠮᠠᠯᠯᠠᠨ ᠶᠠᠪᠤᠭᠤᠯᠪᠠ᠂ ᠡᠳᠦᠭᠡ ᠭᠤᠷᠪᠠᠨ ᠲᠠᠯ᠎ᠠ᠎ᠪᠠᠷ ᠲᠠᠢᠯᠤᠮᠵᠢ ᠬᠢᠬᠦ ᠪᠣᠯᠣᠨ᠎ᠠ᠃
ᠨᠢᠭᠡ᠂ ᠨᠡᠢᠲᠡᠯᠡᠭᠰᠡᠨ ᠠᠬᠤᠢ ᠪᠠᠢᠳᠠᠯ
2016 ᠣᠨ᠎ᠤ 11 ᠳ᠋ᠦ᠍ᠭᠡᠷ ᠰᠠᠷ᠎ᠠ᠎ᠶᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠢ ᠠᠩᠭᠢᠯᠠᠨ ᠬᠤᠪᠢᠶᠠᠵᠤ ᠪᠠᠲᠤᠯᠠᠬᠤ ᠳᠦᠷᠢᠮ᠎ᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭᠠᠭᠰᠠᠨ 〔2016〕 132 ᠳ᠋ᠤᠭᠠᠷ ᠲᠣᠭᠠᠲᠤ)᠎ᠢ ᠳᠠᠷᠤᠮᠠᠯᠯᠠᠨ ᠶᠠᠪᠤᠭᠤᠯᠵᠠᠢ᠃ ᠡᠨᠡ ᠬᠦ᠌ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ᠎ᠡᠴᠡ ᠨᠠᠭᠠᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠢ ᠠᠩᠭᠢᠯᠠᠨ ᠬᠤᠪᠢᠶᠠᠵᠤ ᠪᠠᠲᠤᠯᠠᠬᠤ ᠳᠦᠷᠢᠮ᠎ᠦᠨ ᠲᠣᠭᠲᠠᠯᠴᠠᠭ᠎ᠠ᠎ᠪᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠦᠨ ᠠᠮᠢᠳᠤᠷᠠᠯ᠎ᠤᠨ ᠪᠠᠲᠤᠯᠠᠭ᠎ᠠ᠂ ᠡᠮᠴᠢᠯᠡᠭᠡ ᠡᠷᠡᠭᠦᠯᠵᠢᠯ᠎ᠦᠨ ᠪᠠᠲᠤᠯᠠᠭ᠎ᠠ᠂ ᠰᠤᠷᠭᠠᠨ ᠬᠥᠮᠦᠵᠢᠯ᠎ᠦᠨ ᠪᠠᠲᠤᠯᠠᠭ᠎ᠠ ᠪᠠ ᠬᠢᠨᠠᠯᠲᠠ ᠲᠠᠯᠪᠢᠵᠤ ᠬᠠᠮᠠᠭᠠᠯᠠᠬᠤ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠢ ᠬᠠᠯᠠᠮᠵᠢᠯᠠᠨ ᠬᠠᠢᠷᠠᠯᠠᠬᠤ ᠲᠣᠭᠲᠠᠴᠠ᠎ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠢ ᠪᠠᠲᠤᠯᠠᠬᠤ ᠬᠢᠷᠢ ᠲᠦᠪᠰᠢᠨ᠎ᠢᠶᠠᠨ ᠲᠠᠰᠤᠷᠠᠯᠲᠠ ᠦᠭᠡᠢ ᠳᠡᠭᠡᠭᠰᠢᠯᠡᠬᠦᠯᠦᠭᠰᠡᠭᠡᠷ ᠢᠷᠡᠵᠡᠢ᠃ 2025 ᠣᠨ᠎ᠤ 5 ᠳ᠋ᠤᠭᠠᠷ ᠰᠠᠷ᠎ᠠ᠎ᠶᠢᠨ 7᠎ᠤ ᠡᠳᠦᠷ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠠᠯᠪᠠᠨ ᠲᠢᠩᠬᠢᠮ 《ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠠᠰᠠᠷᠠᠮᠵᠢ᠎ᠶᠢᠨ ᠪᠠᠲᠤᠯᠠᠭ᠎ᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ》 (ᠲᠥᠷᠥ ᠠᠯᠪᠠᠨ ᠲᠠᠷᠬᠠᠭᠠᠭᠰᠠᠨ 〔2025〕 18 ᠳ᠋ᠤᠭᠠᠷ ᠲᠣᠭᠠᠲᠤ)᠎ᠢ ᠳᠠᠷᠤᠮᠠᠯᠯᠠᠨ ᠶᠠᠪᠤᠭᠤᠯᠤᠭᠰᠠᠨ ᠪᠠᠢᠨ᠎ᠠ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠦᠨ ᠠᠰᠠᠷᠠᠮᠵᠢ᠎ᠶᠢᠨ ᠪᠠᠲᠤᠯᠠᠭ᠎ᠠ᠎ᠶᠢᠨ ᠠᠵᠢᠯ᠎ᠢ ᠤᠯᠠᠮ ᠨᠢᠭᠡ ᠠᠯᠬᠤᠮ ᠴᠢᠩᠭᠠᠳᠬᠠᠨ᠂ ᠲᠥᠷᠥ᠎ᠶᠢᠨ ᠪᠣᠳᠣᠯᠭ᠎ᠠ᠎ᠶᠢᠨ ᠵᠣᠯᠭᠠᠭᠤᠯᠤᠯᠲᠠ᠎ᠶᠢ ᠰᠠᠢᠲᠤᠷ ᠬᠢᠬᠦ᠎ᠶᠢᠨ ᠲᠤᠰᠠᠳᠠ᠂ 《ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠢ ᠠᠩᠭᠢᠯᠠᠨ ᠬᠤᠪᠢᠶᠠᠵᠤ ᠪᠠᠲᠤᠯᠠᠬᠤ ᠳᠦᠷᠢᠮ᠎ᠢ ᠴᠢᠩᠭᠠᠳᠬᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭᠵᠢᠭᠦᠯᠬᠦ ᠰᠠᠨᠠᠯ》 (ᠥᠪᠥᠷ ᠵᠠᠰᠠᠭ ᠲᠠᠷᠬᠠᠭᠠᠭᠰᠠᠨ 〔2016〕 132 ᠳ᠋ᠤᠭᠠᠷ ᠲᠣᠭᠠᠲᠤ)᠎ᠳᠤ ᠵᠠᠰᠠᠪᠤᠷᠢ ᠣᠷᠣᠭᠤᠯᠬᠤ ᠴᠢᠬᠤᠯᠠᠲᠠᠢ ᠪᠣᠯᠪᠠ᠃
ᠬᠣᠶᠠᠷ᠂ ᠦᠨᠳᠦᠰᠦᠨ ᠪᠣᠷᠣ᠌ ᠲᠥᠯᠥᠪ ᠪᠠ ᠭᠣᠣᠯ ᠠᠭᠤᠯᠭ᠎ᠠ
《ᠬᠡᠷᠡᠭᠵᠢᠭᠦᠯᠬᠦ ᠰᠠᠨᠠᠯ》᠎ᠳᠤ ᠭᠣᠣᠯᠳᠠᠭᠤ ᠵᠢᠷᠭᠤᠭᠠᠨ ᠬᠡᠰᠡᠭ ᠪᠣᠶ᠃
(ᠨᠢᠭᠡ) ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ ᠳᠣᠭᠲᠠᠯᠴᠠᠭ᠎ᠠ᠎ᠶᠢ ᠪᠦᠷᠢᠨᠰᠢᠭᠦᠯᠪᠡ᠃ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠥᠳᠡᠯᠦᠩᠭᠦᠢ᠎ᠪᠡᠷ ᠲᠣᠬᠢᠷᠠᠭᠤᠯᠬᠤ ᠲᠣᠭᠲᠠᠴᠠ᠂ ᠪᠠᠲᠤᠯᠠᠭ᠎ᠠ᠎ᠠᠴᠠ ᠠᠭᠠᠵᠢᠮ᠎ᠢᠶᠠᠷ ᠭᠠᠷᠭᠠᠬᠤ ᠬᠤᠭᠤᠴᠠᠭ᠎ᠠ᠂ ᠨᠢᠭᠡ ᠯᠡ ᠤᠳᠠᠭ᠎ᠠ᠎ᠶᠢᠨ ᠴᠢᠨᠠᠷᠲᠠᠢ ᠨᠡᠢᠭᠡᠮᠴᠢᠯᠡᠭᠰᠡᠨ ᠲᠥᠪᠬᠢᠨᠡᠭᠦᠯᠬᠦ ᠨᠡᠮᠡᠭᠦᠷᠢ ᠵᠡᠷᠭᠡ ᠪᠣᠳᠠᠲᠠᠢ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠲᠣᠭᠲᠠᠭᠠᠵᠤ᠂ ᠪᠠᠲᠤᠯᠠᠭ᠎ᠠ᠎ᠠᠴᠠ ᠭᠠᠷᠭᠠᠬᠤ ᠪᠣᠳᠠᠲᠠᠢ ᠪᠠᠢᠳᠠᠯ᠎ᠢ ᠲᠣᠳᠣᠷᠬᠠᠢᠯᠠᠵᠤ᠂ 《ᠡᠳ᠋ ᠪᠣᠳᠠᠰ + ᠦᠢᠯᠡᠴᠢᠯᠡᠭᠡ》 ᠭᠡᠬᠦ ᠤᠯᠠᠨ ᠡᠰᠢᠲᠦ ᠪᠠᠲᠤᠯᠠᠭ᠎ᠠ᠎ᠶᠢᠨ ᠪᠦᠲᠦᠴᠡ ᠪᠠᠢᠳᠠᠯ᠎ᠢ ᠪᠤᠢ ᠪᠣᠯᠭᠠᠬᠤ᠎ᠪᠠᠷ ᠳᠤᠷᠠᠳᠤᠨ ᠭᠠᠷᠭᠠᠪᠠ᠃
(ᠬᠣᠶᠠᠷ) ᠡᠮᠴᠢᠯᠡᠭᠡ ᠡᠷᠡᠭᠦᠯᠵᠢᠯ᠎ᠦᠨ ᠦᠢᠯᠡᠴᠢᠯᠡᠭᠡᠨ᠎ᠦ ᠳᠣᠭᠲᠠᠯᠴᠠᠭ᠎ᠠ᠎ᠶᠢ ᠰᠢᠯᠢᠳᠡᠭᠵᠢᠭᠦᠯᠪᠡ᠃ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠢ ᠵᠣᠭᠣᠰ᠎ᠢᠶᠠᠷ ᠲᠤᠰᠠᠯᠠᠵᠤ ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠭᠤᠯᠬᠤ ᠬᠡᠪᠴᠢᠶ᠎ᠡ ᠪᠠ ᠪᠠᠷᠢᠮᠵᠢᠶ᠎ᠠ᠎ᠶᠢ ᠲᠣᠳᠣᠷᠬᠠᠢᠯᠠᠵᠤ᠂ ᠵᠡᠮᠳᠡᠭ ᠬᠡᠦᠬᠡᠳ᠎ᠢ ᠡᠷᠡᠭᠦᠯᠵᠢᠭᠦᠯᠬᠦ ᠠᠪᠤᠷᠠᠨ ᠲᠤᠰᠠᠯᠠᠬᠤ ᠳᠦᠷᠢᠮ᠎ᠢ ᠨᠢ ᠲᠡᠭᠦᠯᠳᠡᠷᠵᠢᠭᠦᠯᠵᠦ᠂ ᠡᠷᠡᠭᠦᠯᠵᠢᠯ᠎ᠦᠨ ᠦᠢᠯᠡᠴᠢᠯᠡᠭᠡᠨ᠎ᠦ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
(ᠭᠤᠷᠪᠠ) ᠣᠯᠠᠨ ᠨᠡᠶ᠋ᠢᠲᠡ᠎ᠶᠢᠨ ᠰᠤᠷᠭᠠᠨ ᠬᠥᠮᠦᠵᠢᠯ᠎ᠦᠨ ᠪᠠᠲᠤᠯᠠᠭ᠎ᠠ᠎ᠶᠢᠨ ᠳᠣᠭᠲᠠᠯᠴᠠᠭ᠎ᠠ᠎ᠶᠢ ᠲᠡᠭᠦᠯᠳᠡᠷᠵᠢᠭᠦᠯᠪᠡ᠃ ᠨᠡᠭᠦᠵᠦ ᠰᠢᠯᠵᠢᠭᠰᠡᠨ ᠬᠡᠦᠬᠡᠳ᠎ᠦᠳ᠎ᠲᠦ ᠰᠤᠷᠭᠠᠨ ᠬᠥᠮᠦᠵᠢᠯ᠎ᠦᠨ ᠪᠠᠲᠤᠯᠠᠭ᠎ᠠ᠎ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠳᠠᠬᠢ ᠨᠡᠭᠦᠵᠦ ᠰᠢᠯᠵᠢᠭᠰᠡᠨ ᠬᠡᠦᠬᠡᠳ᠎ᠤᠳ᠎ᠦᠨ ᠴᠡᠴᠡᠷᠯᠢᠭ ᠪᠠ ᠰᠤᠷᠭᠠᠭᠤᠯᠢ᠎ᠳᠤ ᠣᠷᠣᠬᠤ ᠲᠦᠷᠦ᠎ᠶᠢᠨ ᠪᠣᠳᠣᠯᠭ᠎ᠠ᠎ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠰᠤᠷᠭᠠᠨ ᠬᠥᠮᠦᠵᠢᠯ᠎ᠢ ᠵᠣᠭᠣᠰ᠎ᠢᠶᠠᠷ ᠲᠤᠰᠠᠯᠠᠬᠤ ᠲᠥᠷᠥ᠎ᠶᠢᠨ ᠪᠣᠳᠣᠯᠭ᠎ᠠ᠎ᠶᠢ ᠲᠣᠳᠣᠷᠬᠠᠢᠯᠠᠪᠠ᠃
(ᠳᠥᠷᠪᠡ) ᠰᠡᠳᠬᠢᠴᠡ᠎ᠶᠢᠨ ᠡᠷᠡᠭᠦᠯ ᠮᠡᠨᠳᠦ᠎ᠶᠢ ᠨᠢ ᠬᠠᠯᠠᠮᠵᠢᠯᠠᠨ ᠬᠠᠮᠠᠭᠠᠯᠠᠬᠤ ᠦᠢᠯᠡᠴᠢᠯᠡᠭᠡᠨ᠎ᠦ ᠳᠣᠭᠲᠠᠯᠴᠠᠭ᠎ᠠ᠎ᠶᠢ ᠪᠠᠢᠭᠤᠯᠪᠠ᠃ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠦᠨ ᠰᠡᠳᠬᠢᠴᠡ᠎ᠶᠢᠨ ᠡᠷᠡᠭᠦᠯ ᠮᠡᠨᠳᠦ᠎ᠶᠢ ᠬᠠᠯᠠᠮᠵᠢᠯᠠᠨ ᠬᠠᠮᠠᠭᠠᠯᠠᠬᠤ ᠦᠢᠯᠡᠴᠢᠯᠡᠭᠡᠨ᠎ᠦ ᠳᠣᠭᠲᠠᠯᠴᠠᠭ᠎ᠠ ᠪᠠ ᠡᠩᠨᠡᠭᠡ᠎ᠶᠢᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ ᠭᠡᠵᠦ ᠳᠤᠷᠠᠳᠤᠨ ᠭᠠᠷᠭᠠᠵᠤ᠂ ᠰᠤᠷᠭᠠᠨ ᠬᠥᠮᠦᠵᠢᠯ᠂ ᠠᠷᠠᠳ᠎ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ᠎ᠦᠨ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠦᠨ ᠰᠡᠳᠬᠢᠴᠡ᠎ᠶᠢᠨ ᠡᠷᠡᠭᠦᠯ ᠮᠡᠨᠳᠦ᠎ᠶᠢ ᠬᠠᠯᠠᠮᠵᠢᠯᠠᠨ ᠬᠠᠮᠠᠭᠠᠯᠠᠬᠤ ᠦᠢᠯᠡᠴᠢᠯᠡᠭᠡ᠎ᠪᠠᠨ ᠴᠢᠩᠭᠠᠳᠬᠠᠬᠤ ᠪᠣᠳᠠᠲᠠᠢ ᠠᠷᠭ᠎ᠠ ᠬᠡᠮᠵᠢᠶ᠎ᠡ᠎ᠶᠢ ᠲᠣᠳᠣᠷᠬᠠᠢᠯᠠᠪᠠ᠃
(ᠲᠠᠪᠤ) ᠬᠥᠮᠥᠨ᠎ᠦ ᠪᠡᠶ᠎ᠡ᠎ᠶᠢᠨ ᠠᠮᠤᠷ ᠲᠦᠪᠰᠢᠨ᠎ᠦ ᠬᠠᠮᠠᠭᠠᠯᠠᠯᠲᠠ᠎ᠶᠢᠨ ᠳᠣᠭᠲᠠᠯᠴᠠᠭ᠎ᠠ᠎ᠶᠢ ᠪᠠᠲᠤ ᠪᠠᠢᠭᠤᠯᠪᠠ᠃ ᠰᠤᠷᠭᠠᠨ ᠬᠥᠮᠦᠵᠢᠯ᠂ ᠠᠷᠠᠳ᠎ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠰᠠᠯᠠᠭ᠎ᠠ ᠮᠥᠴᠢᠷ ᠪᠠ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠦᠨ ᠪᠡᠶ᠎ᠡ᠎ᠶᠢᠨ ᠠᠮᠤᠷ ᠲᠦᠪᠰᠢᠨ᠎ᠢ ᠨᠢ ᠪᠠᠲᠤᠯᠠᠬᠤ ᠡᠭᠦᠷᠭᠡ ᠬᠠᠷᠢᠭᠤᠴᠠᠯᠭ᠎ᠠ᠎ᠶᠢ ᠲᠣᠭᠲᠠᠭᠠᠵᠠᠢ᠃ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠦᠨ ᠡᠷᠡᠭᠦᠯ ᠪᠤᠰᠤ ᠦᠶ᠋ᠯᠡ ᠠᠵᠢᠯᠯᠠᠭ᠎ᠠ᠎ᠨᠤᠭᠤᠳ᠎ᠢ ᠵᠢᠭ᠍ᠰᠠᠭᠠᠨ ᠪᠠᠢᠴᠠᠭᠠᠬᠤ᠂ ᠭᠠᠷ ᠲᠥᠷᠥᠵᠦ ᠬᠠᠮᠢᠶᠠᠷᠤᠨ ᠵᠠᠰᠠᠵᠤ ᠵᠠᠯᠠᠷᠠᠭᠤᠯᠬᠤ᠂ ᠬᠠᠪᠰᠤᠷᠤᠨ ᠰᠤᠷᠭᠠᠵᠤ ᠰᠠᠢᠨ ᠵᠦᠭ᠎ᠲᠦ ᠬᠥᠲᠥᠯᠬᠦ᠂ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ ᠵᠡᠷᠭᠡ ᠪᠣᠳᠠᠲᠠᠢ ᠠᠷᠭ᠎ᠠ ᠬᠡᠮᠵᠢᠶ᠎ᠡ᠎ᠶᠢ ᠲᠣᠳᠣᠷᠬᠠᠢᠯᠠᠪᠠ᠃
(ᠵᠢᠷᠭᠤᠭ᠎ᠠ) ᠬᠠᠤᠯᠢ᠎ᠳᠤ ᠲᠣᠭᠲᠠᠭᠠᠭᠰᠠᠨ ᠬᠢᠨᠠᠨ ᠬᠠᠮᠠᠭᠠᠯᠠᠬᠤ ᠬᠠᠷᠢᠭᠤᠴᠠᠯᠭ᠎ᠠ᠎ᠶᠢᠨ ᠳᠣᠭᠲᠠᠯᠴᠠᠭ᠎ᠠ᠎ᠶᠢ ᠪᠦᠷᠢᠨᠰᠢᠭᠦᠯᠪᠡ᠃ ᠭᠡᠷ ᠪᠦᠯᠢ᠎ᠶᠢᠨ ᠬᠢᠨ᠎ᠦ ᠬᠠᠷᠠᠭᠠᠯᠵᠠᠨ ᠬᠠᠮᠠᠭᠠᠯᠠᠬᠤ᠎ᠶᠢ ᠳᠡᠮᠵᠢᠬᠦ ᠪᠠ ᠭᠠᠷ ᠲᠥᠷᠥᠵᠦ ᠬᠠᠮᠢᠶᠠᠷᠬᠤ᠎ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠭᠡᠮᠡᠯ ᠬᠠᠷᠠᠭᠠᠯᠵᠠᠯᠲᠤ ᠭᠡᠷ ᠪᠦᠯᠢ᠎ᠶᠢᠨ ᠰᠤᠷᠭᠠᠨ ᠬᠥᠮᠦᠵᠢᠯ᠎ᠦᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠣᠭᠲᠠᠯᠴᠠᠭ᠎ᠠ᠎ᠶᠢ ᠪᠠᠶ᠋ᠢᠭᠤᠯᠬᠤ᠎ᠶᠢ ᠨᠢ ᠠᠬᠢᠭᠤᠯᠤᠨ᠂ ᠬᠡᠦᠬᠡᠳ᠎ᠦᠨ ᠠᠰᠠᠷᠠᠮᠵᠢ᠎ᠶᠢᠨ ᠪᠠᠢᠭᠤᠯᠤᠮᠵᠢ᠎ᠶᠢᠨ ᠴᠢᠨᠠᠷ ᠴᠢᠨᠰᠠᠭ᠎ᠠ᠎ᠶᠢ ᠰᠢᠯᠢᠳᠡᠭᠵᠢᠭᠦᠯᠦᠨ ᠰᠠᠢᠵᠢᠷᠠᠭᠤᠯᠬᠤ ᠪᠠ ᠰᠢᠨ᠎ᠡ ᠡᠭᠦᠳᠦᠯᠲᠡ ᠲᠠᠢ᠎ᠪᠠᠷ ᠬᠡᠯᠪᠡᠷᠢ᠎ᠪᠡᠨ ᠬᠤᠪᠢᠷᠠᠭᠤᠯᠬᠤ᠎ᠶᠢ ᠭᠦᠨᠵᠡᠭᠡᠢᠷᠡᠭᠦᠯᠵᠦ᠂ ᠨᠠᠰᠤᠨ᠎ᠳᠤ ᠥᠯᠥ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠪᠠᠢᠭᠤᠯᠤᠮᠵᠢ᠎ᠶᠢᠨ ᠴᠢᠳᠠᠮᠵᠢ᠎ᠶᠢ ᠥᠷᠭᠡᠳᠬᠡᠨ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠤᠳ᠎ᠲᠤ ᠱᠠᠭᠠᠷᠳᠠᠭᠳᠠᠬᠤ ᠣᠯᠠᠨ ᠡᠰᠢᠵᠢᠭᠰᠡᠨ᠂ ᠲᠤᠰᠬᠠᠢ ᠮᠡᠷᠭᠡᠵᠢᠯ᠎ᠦᠨ ᠦᠢᠯᠡᠴᠢᠯᠡᠭᠡᠨ᠎ᠦ ᠬᠡᠷᠡᠭᠴᠡᠭᠡ᠎ᠶᠢ ᠨᠠᠩ ᠰᠠᠢᠲᠤᠷ ᠬᠠᠩᠭᠠᠵᠤ ᠥᠭᠬᠦ ᠪᠣᠯᠣᠨ᠎ᠠ᠃
ᠭᠤᠷᠪᠠ᠂ ᠲᠥᠷᠥ᠎ᠶᠢᠨ ᠪᠣᠳᠣᠯᠭ᠎ᠠ᠎ᠶᠢᠨ ᠭᠢᠯᠠᠰ ᠴᠡᠭ
(ᠨᠢᠭᠡ) ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢ ᠨᠠᠩ ᠯᠠᠪᠳᠠᠭᠤᠨ ᠪᠠᠲᠤᠲᠠᠢ ᠪᠣᠯᠭᠠᠪᠠ᠃ ᠥᠨᠥᠴᠢᠨ ᠬᠡᠦᠬᠡᠳ ᠪᠠ ᠦᠨᠡᠨ ᠬᠦ᠌ ᠠᠰᠠᠷᠠᠨ ᠲᠡᠵᠢᠭᠡᠭᠴᠢ ᠦᠭᠡᠢ ᠬᠡᠦᠬᠡᠳ᠎ᠦᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ ᠪᠠᠷᠢᠮᠵᠢᠶ᠎ᠠ᠎ᠶᠢ ᠨᠢ ᠬᠥᠳᠡᠯᠦᠩᠭᠦᠢ᠎ᠪᠡᠷ ᠲᠣᠬᠢᠷᠠᠭᠤᠯᠬᠤ ᠲᠣᠭᠲᠠᠴᠠ᠎ᠶᠢ ᠪᠦᠷᠢᠨᠰᠢᠭᠦᠯᠵᠦ᠂ ᠥᠨᠥᠴᠢᠨ ᠬᠡᠦᠬᠡᠳ ᠪᠠ ᠦᠨᠡᠨ ᠬᠦ᠌ ᠠᠰᠠᠷᠠᠨ ᠲᠡᠵᠢᠭᠡᠭᠴᠢ ᠦᠭᠡᠢ ᠬᠡᠦᠬᠡᠳ᠎ᠦᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ ᠪᠠᠷᠢᠮᠵᠢᠶ᠎ᠠ᠎ᠶᠢ ᠲᠣᠬᠢᠷᠠᠭᠤᠯᠬᠤ᠎ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠭᠰᠠᠨ ᠪᠠᠢᠨ᠎ᠠ᠃ ᠥᠨᠥᠴᠢᠨ ᠬᠡᠦᠬᠡᠳ᠂ ᠦᠨᠡᠨ ᠬᠦ᠌ ᠠᠰᠠᠷᠠᠨ ᠲᠡᠵᠢᠭᠡᠭᠴᠢ ᠦᠭᠡᠢ ᠬᠡᠦᠬᠡᠳ᠎ᠢ ᠪᠠᠲᠤᠯᠠᠭ᠎ᠠ᠎ᠠᠴᠠ ᠠᠭᠠᠵᠢᠮ᠎ᠢᠶᠠᠷ ᠭᠠᠷᠭᠠᠬᠤ ᠬᠤᠭᠤᠴᠠᠭ᠎ᠠ᠎ᠶᠢ ᠲᠣᠬᠢᠷᠠᠭᠤᠯᠵᠤ᠂ ᠥᠨᠥᠴᠢᠨ ᠬᠡᠦᠬᠡᠳ ᠪᠠ ᠦᠨᠡᠨ ᠬᠦ᠌ ᠠᠰᠠᠷᠠᠨ ᠲᠡᠵᠢᠭᠡᠭᠴᠢ ᠦᠭᠡᠢ ᠬᠡᠦᠬᠡᠳ᠎ᠦᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶᠢᠨ ᠲᠣᠣᠷ᠎ᠢ ᠦᠨᠡᠨ ᠬᠦ᠌ ᠪᠠᠲᠤ ᠪᠣᠯᠭᠠᠪᠠ᠃
(ᠬᠣᠶᠠᠷ) ᠥᠨᠥᠴᠢᠨ ᠪᠠ ᠭᠣᠯᠣᠭᠳᠠᠭᠰᠠᠨ ᠬᠡᠦᠬᠡᠳ᠎ᠢ ᠲᠥᠪᠬᠢᠨᠡᠭᠦᠯᠵᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠶᠢ ᠨᠠᠩ ᠣᠯᠠᠰᠢᠷᠠᠭᠤᠯᠪᠠ᠃ ᠨᠥᠬᠥᠴᠡᠯ᠎ᠳᠦ ᠨᠡᠢᠴᠡᠬᠦ ᠡᠪᠡᠳᠴᠢᠨ᠎ᠲᠠᠢ ᠵᠡᠮᠳᠡᠭ ᠥᠨᠥᠴᠢᠨ ᠭᠣᠯᠣᠭᠳᠠᠭᠰᠠᠨ ᠬᠡᠦᠬᠡᠳ᠎ᠤᠳ ᠡᠷᠭᠦᠨ ᠲᠡᠵᠢᠭᠡᠭᠳᠡᠭᠰᠡᠨᠦ ᠳᠠᠷᠠᠭ᠎ᠠ᠂ ᠲᠡᠳᠡᠨ᠎ᠦ ᠦᠨᠳᠦᠰᠦᠨ ᠠᠮᠢᠳᠤᠷᠠᠯ᠎ᠢ ᠦᠷᠭᠦᠯᠵᠢᠯᠡᠨ ᠪᠠᠲᠤᠯᠠᠵᠤ᠂ ᠬᠠᠮᠢᠶ᠎ᠠ ᠪᠦᠬᠦᠢ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ ᠵᠡᠷᠭᠡ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠶᠢ ᠬᠦᠷᠲᠡᠭᠡᠨ᠂ ᠦᠨᠡᠨ ᠪᠣᠳᠠᠲᠠᠢ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠎ᠪᠠᠷ ᠡᠷᠭᠦᠨ ᠲᠡᠵᠢᠭᠡᠭᠰᠡᠨ ᠭᠡᠷ ᠪᠦᠯᠢ᠎ᠶᠢᠨ ᠬᠣᠢᠰᠢᠳᠠ᠎ᠶᠢᠨ ᠵᠣᠪᠠᠨᠢᠯ᠎ᠢ ᠠᠷᠢᠯᠭᠠᠵᠤ᠂ ᠠᠢᠯ ᠡᠷᠦᠬᠡᠨᠦᠭᠦᠳᠢ ᠵᠣᠷᠢᠭ᠍ᠵᠢᠭᠤᠯᠤᠨ ᠳᠡᠮᠵᠢᠵᠤ ᠬᠥᠲᠥᠯᠥᠨ ᠵᠢᠯᠣᠭᠣᠳᠴᠤ ᠪᠠᠢᠭᠠᠳ ᠡᠪᠡᠳᠴᠢᠨ᠎ᠲᠠᠢ ᠵᠡᠮᠳᠡᠭ ᠥᠨᠥᠴᠢᠨ ᠭᠣᠯᠣᠭᠳᠠᠭᠰᠠᠨ ᠬᠡᠦᠬᠡᠳ᠎ᠢ ᠡᠷᠭᠦᠨ ᠲᠡᠵᠢᠭᠡᠯᠭᠡᠨᠡ᠃ ᠬᠡᠦᠬᠡᠳ᠎ᠦᠨ ᠠᠰᠠᠷᠠᠮᠵᠢ᠎ᠶᠢᠨ ᠪᠠᠢᠭᠤᠯᠤᠮᠵᠢ᠎ᠶᠢᠨ ᠦᠷᠡᠴᠢᠯᠡᠵᠦ ᠠᠰᠠᠷᠠᠨ ᠲᠡᠵᠢᠭᠡᠭᠰᠡᠨ ᠬᠡᠦᠬᠡᠳ᠎ᠤᠨ ᠨᠠᠰᠤᠨ᠎ᠳᠤ ᠭᠦᠷᠦᠭᠰᠡᠨᠦ ᠳᠠᠷᠠᠭ᠎ᠠ᠂ ᠡᠷᠦᠬᠡ ᠠᠮᠠ᠎ᠶᠢᠨ ᠲᠠᠩᠰᠠ᠎ᠶᠢ ᠨᠢ ᠰᠢᠯᠵᠢᠭᠦᠯᠬᠦ᠂ ᠠᠵᠢᠯ ᠣᠯᠭᠣᠬᠤ᠎ᠳᠦ ᠨᠢ ᠬᠠᠪᠰᠤᠷᠤᠨ ᠲᠡᠳᠬᠦᠬᠦ ᠪᠠ ᠣᠷᠣᠨ ᠰᠠᠭᠤᠴᠠ᠎ᠶᠢ ᠨᠢ ᠪᠠᠲᠤᠯᠠᠬᠤ ᠵᠡᠷᠭᠡ ᠲᠠᠯ᠎ᠠ᠎ᠪᠠᠷ ᠬᠢ ᠳᠡᠮᠵᠢᠯᠭᠡ᠎ᠪᠠᠨ ᠴᠢᠩᠭᠠᠳᠬᠠᠵᠤ᠂ ᠲᠥᠪᠯᠡᠷᠡᠭᠦᠢ ᠠᠰᠠᠷᠠᠨ ᠲᠡᠵᠢᠭᠡᠭᠳᠡᠵᠦ ᠪᠠᠢᠭ᠎ᠠ ᠥᠨᠥᠴᠢᠨ ᠬᠡᠦᠬᠡᠳ᠎ᠤᠨ ᠨᠠᠰᠤᠨ᠎ᠳᠤ ᠭᠦᠷᠦᠭᠰᠡᠨᠦ ᠳᠠᠷᠠᠭ᠎ᠠ ᠨᠢ ᠨᠢᠭᠡ ᠤᠳᠠᠭ᠎ᠠ᠎ᠶᠢᠨ ᠴᠢᠨᠠᠷᠲᠠᠢ ᠨᠡᠢᠭᠡᠮᠴᠢᠯᠡᠭᠰᠡᠨ ᠲᠥᠪᠬᠢᠨᠡᠭᠦᠯᠬᠦ ᠨᠡᠮᠡᠭᠦᠷᠢ ᠣᠯᠭᠣᠵᠤ᠂ ᠲᠡᠳᠡᠨ᠎ᠦ ᠨᠡᠢᠭᠡᠮ᠎ᠦᠨ ᠠᠮᠢᠳᠤᠷᠠᠯ᠎ᠳᠤ ᠤᠷᠤᠭᠰᠢᠲᠠᠢ ᠨᠡᠢᠴᠡᠵᠦ ᠠᠭᠤᠰᠤᠯᠴᠠᠬᠤ᠎ᠶᠢ ᠨᠢ ᠬᠠᠪᠰᠤᠷᠬᠤ ᠪᠣᠯᠣᠨ᠎ᠠ᠃
(ᠭᠤᠷᠪᠠ) ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠡᠮᠴᠢᠯᠡᠭᠡ ᠡᠷᠡᠭᠦᠯᠵᠢᠯ᠎ᠢ ᠨᠠᠩ ᠪᠥᠬᠥ ᠲᠠᠯ᠎ᠠ᠎ᠶᠢᠨ ᠪᠠᠲᠤᠯᠠᠭ᠎ᠠ ᠲᠠᠢ ᠪᠣᠯᠭᠠᠪᠠ᠃ ᠥᠨᠥᠴᠢᠨ ᠬᠡᠦᠬᠡᠳ᠎ᠦᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ ᠰᠦᠢᠳᠬᠡᠯ᠎ᠢ ᠪᠦᠬᠦ ᠲᠣᠭ᠎ᠠ᠎ᠪᠠᠷ ᠨᠢ ᠲᠡᠳᠬᠦᠬᠦ᠎ᠶᠢ ᠰᠢᠨ᠎ᠡ᠎ᠪᠡᠷ ᠨᠡᠮᠡᠪᠡ᠃ ᠹᠸᠨᠢᠯ ᠫᠷᠤᠫᠠᠨ᠎ᠤᠨ ᠰᠢᠭᠡᠰᠦᠨ ᠡᠪᠡᠳᠴᠢᠨ᠂ ᠲᠠᠷᠢᠬᠢᠨ᠎ᠤ ᠰᠠ ᠵᠡᠷᠭᠡ ᠡᠪᠡᠳᠴᠢᠨ᠎ᠲᠠᠢ ᠨᠥᠬᠥᠴᠡᠯ᠎ᠳᠦ ᠨᠡᠢᠴᠡᠬᠦ ᠬᠡᠦᠬᠡᠳ᠎ᠢ ᠬᠣᠲᠠ ᠬᠥᠳᠡᠭᠡ᠎ᠶᠢᠨ ᠰᠠᠭᠤᠭᠠᠯᠢ ᠠᠷᠠᠳ᠎ᠤᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠤᠨ ᠡᠭᠦᠳᠡᠨ ᠡᠮᠨᠡᠯᠭᠡ᠎ᠶᠢᠨ ᠤᠵᠢᠭ᠋ ᠣᠨᠴᠠ ᠡᠪᠡᠳᠴᠢᠨ᠎ᠦ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ 《ᠪᠤᠶᠠᠨ ᠬᠡᠰᠢᠭᠲᠦ ᠬᠡᠦᠬᠡᠳ ᠬᠠᠮᠠᠭᠠᠯᠠᠯᠲᠠ》 ᠲᠥᠷᠥᠯ ᠵᠦᠢᠯ᠎ᠢ ᠬᠡᠷᠡᠭᠵᠢᠭᠦᠯᠬᠦ᠎ᠶᠢ ᠠᠩᠬ᠎ᠠ ᠤᠳᠠᠭ᠎ᠠ ᠳᠤᠷᠠᠳᠤᠨ ᠭᠠᠷᠭᠠᠵᠤ᠂ 《ᠵᠢᠭᠦᠷ ᠤᠷᠭᠤᠭᠤᠯᠬᠤ ᠲᠥᠯᠥᠪᠯᠡᠭᠡ》᠎ᠶᠢᠨ ᠠᠪᠤᠷᠠᠨ ᠲᠤᠰᠠᠯᠠᠬᠤ ᠲᠥᠷᠥᠯ ᠵᠦᠢᠯ᠂ 《ᠮᠠᠷᠭᠠᠰᠢ᠎ᠶᠢᠨ ᠲᠥᠯᠥᠪᠯᠡᠭᠡ》᠎ᠶᠢᠨ ᠡᠮᠴᠢᠯᠡᠭᠡ ᠡᠷᠡᠭᠦᠯᠵᠢᠯ᠎ᠦᠨ ᠲᠤᠰᠠᠯᠠᠮᠵᠢ᠎ᠶᠢᠨ ᠬᠡᠪᠴᠢᠶ᠎ᠡ᠎ᠶᠢ ᠥᠷᠭᠡᠳᠬᠡᠬᠦ᠎ᠶᠢ ᠳᠡᠮᠵᠢᠪᠡ᠃
(ᠳᠥᠷᠪᠡ) ᠨᠡᠭᠦᠵᠦ ᠰᠢᠯᠵᠢᠭᠰᠡᠨ ᠬᠡᠦᠬᠡᠳ᠎ᠢ ᠬᠠᠯᠠᠮᠵᠢᠯᠠᠨ ᠬᠠᠢᠷᠠᠯᠠᠬᠤ ᠪᠠᠲᠤᠯᠠᠭ᠎ᠠ᠎ᠶᠢ ᠨᠠᠩ ᠬᠦᠴᠦᠲᠡᠢ ᠪᠣᠯᠭᠠᠪᠠ᠃ ᠨᠡᠭᠦᠵᠦ ᠰᠢᠯᠵᠢᠭᠰᠡᠨ ᠬᠡᠦᠬᠡᠳ᠎ᠦᠨ ᠭᠡᠷ ᠪᠦᠯᠢ᠎ᠶᠢᠨ ᠬᠢᠨ᠎ᠦ ᠳᠤᠷᠠᠳᠤᠭᠰᠠᠨ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠬᠦᠷᠲᠡᠬᠦ ᠪᠤᠶᠤ ᠨᠠᠭᠠᠲᠤ ᠵᠠᠬ᠎ᠠ᠎ᠶᠢᠨ ᠠᠮᠢᠳᠤᠷᠠᠯ᠎ᠤᠨ ᠪᠠᠲᠤᠯᠠᠭ᠎ᠠ ᠬᠦᠷᠲᠡᠬᠦ ᠪᠣᠯᠣᠮᠵᠢ ᠲᠠᠢ ᠭᠡᠷ ᠪᠦᠯᠢ᠎ᠪᠠᠷ ᠮᠠᠭᠠᠳᠯᠠᠨ ᠲᠣᠭᠲᠠᠭᠠᠯᠭᠠᠬᠤ ᠭᠤᠶᠤᠴᠢᠯᠠᠯ᠎ᠢ ᠪᠣᠯ ᠨᠥᠬᠥᠴᠡᠯ᠎ᠲᠠᠢ ᠭᠠᠵᠠᠷ ᠣᠷᠣᠨ᠎ᠤ ᠬᠢᠨ ᠰᠠᠭᠤᠭ᠎ᠠ ᠭᠠᠵᠠᠷ᠎ᠲᠤ ᠨᠢ ᠭᠥᠯᠢᠶᠡᠨ ᠠᠪᠴᠤ ᠭᠦᠢᠴᠡᠳᠬᠡᠵᠦ ᠥᠭᠬᠦ᠎ᠶᠢ ᠵᠣᠷᠢᠭ᠍ᠵᠢᠭᠤᠯᠤᠨ᠎ᠠ ᠭᠡᠵᠦ ᠳᠤᠷᠠᠳᠪᠠ᠃ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠡᠷᠴᠢᠮ᠎ᠢ ᠴᠢᠩᠭᠠᠷᠠᠭᠤᠯᠵᠤ᠂ ᠰᠠᠭᠤᠭ᠎ᠠ ᠭᠠᠵᠠᠷ᠎ᠤᠨ ᠬᠢᠨ᠎ᠦ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠨᠥᠬᠥᠴᠡᠯ᠎ᠳᠦ ᠨᠡᠢᠴᠡᠬᠦ ᠨᠡᠭᠦᠵᠦ ᠰᠢᠯᠵᠢᠭᠰᠡᠨ ᠬᠡᠦᠬᠡᠳ᠎ᠦᠨ ᠭᠡᠷ ᠪᠦᠯᠢ᠎ᠶᠢ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠬᠡᠪᠴᠢᠶᠡᠨ᠎ᠳᠦ ᠣᠷᠣᠭᠤᠯᠤᠨ᠎ᠠ᠃ ᠨᠡᠭᠦᠵᠦ ᠰᠢᠯᠵᠢᠭᠰᠡᠨ ᠬᠡᠦᠬᠡᠳ᠎ᠦᠨ ᠰᠠᠭᠤᠭ᠎ᠠ ᠭᠠᠵᠠᠷ᠎ᠲᠤ᠎ᠪᠠᠨ ᠦᠨᠳᠦᠰᠦᠨ ᠡᠮᠴᠢᠯᠡᠭᠡᠨ᠎ᠦ ᠳᠠᠭᠠᠳᠬᠠᠯ᠎ᠳᠤ ᠣᠷᠣᠯᠴᠠᠬᠤ᠎ᠶᠢ ᠯᠠᠪᠳᠠᠭᠤᠨ᠎ᠢᠶᠠᠷ ᠠᠬᠢᠭᠤᠯᠤᠨ᠎ᠠ᠃