ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ ᠳᠦᠷᠢᠮ》᠎ᠢ ᠢᠷᠡᠬᠦ ᠵᠢᠯ᠎ᠦᠨ 1 ᠳ᠋ᠦ᠍ᠭᠡᠷ ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ
ᠨᠡᠶ᠋ᠢᠲᠡᠯᠡᠭᠰᠡᠨ ᠴᠠᠭ᠄ 2025-12-23

12 ᠳ᠋ᠤᠭᠠᠷ ᠰᠠᠷ᠎ᠠ᠎ᠶᠢᠨ 22 ᠎ᠤᠨ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠦᠨ ᠬᠤᠷᠠᠯᠳᠤᠭᠤᠯᠤᠭᠰᠠᠨ 《ᠰᠢᠨ᠎ᠡ᠎ᠪᠡᠷ ᠵᠠᠰᠠᠪᠤᠷᠢ ᠣᠷᠣᠭᠤᠯᠤᠭᠰᠠᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ ᠳᠦᠷᠢᠮ〉᠎ᠤᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ》᠎ᠶᠢᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ᠎ᠢᠶᠠᠷ᠂ ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ ᠳᠦᠷᠢᠮ》᠎ᠢ 2026 ᠣᠨ᠎ᠤ 1 ᠳ᠋ᠦ᠍ᠭᠡᠷ ᠰᠠᠷ᠎ᠠ᠎ᠶᠢᠨ 1 ᠎ᠦ ᠡᠳᠦᠷ᠎ᠡᠴᠡ ᠡᠬᠢᠯᠡᠨ ᠬᠡᠷᠡᠭᠵᠢᠭᠦᠯᠬᠦ ᠪᠣᠯᠣᠨ᠎ᠠ᠃ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠢᠴᠦᠳ᠎ᠦᠨ ᠬᠣᠯᠪᠣᠭᠠᠲᠤ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ᠎ᠶᠢᠨ ᠬᠣᠷᠢᠶ᠎ᠠ᠎ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠬᠠᠤᠯᠢ ᠳᠦᠷᠢᠮ᠎ᠦᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠪᠠᠢᠴᠠᠭᠠᠬᠤ ᠬᠣᠷᠢᠶ᠎ᠠ ᠵᠡᠷᠭᠡ ᠨᠢᠭᠡᠴᠢ᠎ᠶᠢᠨ ᠬᠠᠷᠢᠭᠤᠴᠠᠯᠭᠠᠲᠠᠨ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠤᠭᠰᠠᠨ ᠪᠥᠭᠡᠳ ᠰᠤᠷᠪᠤᠯᠵᠢᠯᠠᠭᠴᠢ᠎ᠶᠢᠨ ᠠᠰᠠᠭᠤᠯᠲᠠ᠎ᠨᠤᠭᠤᠳ᠎ᠢ ᠬᠠᠷᠢᠭᠤᠯᠪᠠ᠃

《ᠳᠦᠷᠢᠮ》 ᠨᠢ ᠥᠩᠭᠡᠷᠡᠭᠰᠡᠨ᠎ᠳᠦ 7 ᠪᠦᠯᠦᠭ 64 ᠵᠦᠢᠯ ᠪᠠᠢᠭᠰᠠᠨ᠎ᠠᠴᠠ ᠨᠡᠮᠡᠭᠳᠡᠭᠡᠳ 10 ᠪᠦᠯᠦᠭ 76 ᠵᠦᠢᠯ ᠪᠣᠯᠪᠠ᠂ ᠡᠨᠡ ᠨᠢ 2010 ᠣᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠰᠤᠨ᠎ᠳᠤ ᠥᠯᠥ ᠬᠦᠷᠦᠭᠰᠡᠳ᠎ᠢ ᠬᠠᠮᠠᠭᠠᠯᠠᠬᠤ ᠳᠦᠷᠢᠮ》᠎ᠢ ᠪᠦᠬᠦ ᠲᠠᠯ᠎ᠠ᠎ᠪᠠᠷ ᠳᠡᠰ ᠳᠡᠪᠰᠢᠭᠦᠯᠵᠦ᠂ ᠮᠠᠰᠢ ᠣᠯᠠᠨ ᠰᠢᠨ᠎ᠡ ᠬᠤᠪᠢᠷᠠᠯᠲᠠ᠂ ᠰᠢᠨ᠎ᠡ ᠬᠢᠯᠠᠰ ᠴᠡᠭ᠎ᠦᠳ ᠲᠡᠢ ᠪᠣᠯᠣᠭᠰᠠᠨ᠎ᠢ ᠢᠯᠡᠷᠡᠭᠦᠯᠵᠦ ᠪᠠᠢᠨ᠎ᠠ᠃ ᠳᠦᠷᠢᠮ᠎ᠦᠨ ᠪᠠᠲᠤᠯᠠᠭ᠎ᠠ᠎ᠶᠢ ᠴᠢᠩᠭᠠᠳᠬᠠᠪᠠ᠂ ᠨᠠᠮ᠎ᠤᠨ ᠬᠣᠷᠢᠶ᠎ᠠ ᠤᠳᠤᠷᠢᠳᠤᠭᠰᠠᠨ᠂ ᠵᠠᠰᠠᠭ᠎ᠤᠨ ᠣᠷᠳᠣᠨ ᠭᠣᠣᠯᠴᠢᠯᠠᠨ ᠬᠠᠷᠢᠭᠤᠴᠠᠭᠰᠠᠨ ᠨᠠᠰᠤᠨ᠎ᠳᠤ ᠦᠯᠤ ᠬᠥᠷᠦᠭᠰᠡᠳ᠎ᠢ ᠬᠠᠮᠠᠭᠠᠯᠠᠬᠤ ᠠᠵᠢᠯ᠎ᠤᠨ ᠲᠣᠭᠲᠠᠴᠠ ᠪᠠᠶ᠋ᠢᠭᠤᠯᠬᠤ᠎ᠶᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠠᠰᠤᠨ᠎ᠳᠤ ᠦᠯᠤ ᠬᠥᠷᠦᠭᠰᠡᠳ᠎ᠢ ᠬᠠᠮᠠᠭᠠᠯᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶᠢ ᠲᠤᠭ ᠲᠡᠮᠳᠡᠭ ᠲᠣᠳᠣᠷᠬᠠᠢ᠎ᠪᠠᠷ ᠪᠠᠷᠢᠮᠲᠠᠯᠠᠵᠤ᠂ ᠨᠠᠰᠤᠨ᠎ᠳᠤ ᠦᠯᠤ ᠬᠥᠷᠦᠭᠰᠡᠳ᠎ᠢ ᠬᠠᠮᠠᠭᠠᠯᠠᠬᠤ ᠠᠵᠢᠯ᠎ᠳᠠᠬᠢ ᠵᠠᠰᠠᠭ᠎ᠤᠨ ᠣᠷᠳᠣᠨ᠎ᠤ ᠡᠭᠦᠷᠭᠡ ᠬᠠᠷᠢᠭᠤᠴᠠᠯᠭ᠎ᠠ᠎ᠶᠢᠨ ᠦᠢᠯᠡᠳᠦᠯ᠎ᠢ ᠲᠣᠳᠣᠷᠬᠠᠢᠯᠠᠪᠠ; ᠭᠡᠷ ᠪᠦᠯᠢ᠎ᠶᠢᠨ ᠬᠠᠮᠠᠭᠠᠯᠠᠯᠲᠠ᠎ᠶᠢ ᠴᠢᠩᠭᠠᠳᠬᠠᠪᠠ᠂ ᠭᠡᠷ ᠪᠦᠯᠢ᠎ᠶᠢᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠ ᠭᠡᠷ ᠪᠦᠯᠢ᠎ᠶᠢᠨ ᠬᠥᠮᠦᠵᠢᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠴᠢᠩᠭ᠎ᠠ ᠪᠣᠳᠠᠲᠠᠢᠵᠢᠭᠤᠯᠵᠤ᠂ ᠨᠠᠰᠤᠨ᠎ᠳᠤ ᠥᠯᠥ ᠭᠦᠷᠦᠭᠰᠡᠳ᠎ᠦᠨ ᠡᠴᠢᠭᠡ ᠡᠬᠡ ᠪᠣᠯᠣᠭᠰᠠᠳ᠎ᠲᠤ ᠭᠡᠷ ᠪᠦᠯᠢ᠎ᠶᠢᠨ᠂ ᠭᠡᠷ᠎ᠦᠨ ᠰᠤᠷᠭᠠᠯ᠎ᠤᠨ᠂ ᠭᠡᠷ᠎ᠦᠨ ᠰᠤᠷᠲᠠᠯ᠎ᠤᠨ ᠪᠠᠢᠭᠤᠯᠤᠯᠲᠠ᠎ᠪᠠᠨ ᠴᠢᠬᠤᠯᠠᠴᠢᠯᠠᠭᠤᠯᠬᠤ᠎ᠪᠠᠷ ᠲᠣᠭᠲᠠᠭᠠᠭᠰᠠᠨ᠎ᠤ ᠬᠠᠮᠲᠤ᠂ ᠨᠠᠰᠤᠨ᠎ᠳᠤ ᠥᠯᠥ ᠭᠦᠷᠦᠭᠰᠡᠳ᠎ᠦᠨ ᠪᠡᠶ᠎ᠡ ᠰᠡᠳᠬᠢᠴᠡ᠎ᠶᠢᠨ ᠡᠷᠡᠭᠦᠯ ᠮᠡᠨᠳᠦ ᠪᠠ ᠰᠡᠳᠬᠢᠯᠭᠡ᠎ᠶᠢᠨ ᠱᠠᠭᠠᠷᠳᠠᠯᠭ᠎ᠠ᠂ ᠠᠮᠤᠷ ᠲᠦᠪᠰᠢᠨ᠎ᠦ ᠪᠠᠲᠤᠯᠠᠭ᠎ᠠ ᠪᠠ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ᠎ᠶᠢ ᠠᠩᠬᠠᠷᠬᠤ᠂ ᠨᠠᠰᠤᠨ᠎ᠳᠤ ᠥᠯᠥ ᠭᠦᠷᠦᠭᠰᠡᠳ᠎ᠦᠨ ᠠᠶᠤᠯᠲᠠᠢ ᠦᠶ᠋ᠯᠡ ᠠᠵᠢᠯᠯᠠᠭ᠎ᠠ ᠬᠢᠬᠦ᠎ᠶᠢ ᠨᠢ ᠰᠡᠷᠭᠡᠢᠯᠡᠬᠦ ᠪᠠ ᠬᠣᠷᠢᠭ᠍ᠯᠠᠬᠤ ᠵᠡᠷᠭᠡ ᠲᠠᠯ᠎ᠠ᠎ᠶᠢᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ᠎ᠶᠢ ᠨᠠᠷᠢᠯᠢᠭᠵᠢᠭᠤᠯᠪᠠ; ᠰᠤᠷᠭᠠᠭᠤᠯᠢ᠎ᠶᠢᠨ ᠬᠠᠮᠠᠭᠠᠯᠠᠯᠲᠠ᠎ᠶᠢ ᠴᠢᠩᠭᠠᠳᠬᠠᠪᠠ᠂ ᠬᠠᠯᠠᠮᠰᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠡᠭᠦᠷᠭᠡ ᠬᠠᠷᠢᠭᠤᠴᠠᠯᠭ᠎ᠠ᠎ᠶᠢ ᠨᠢ ᠲᠣᠳᠣᠷᠬᠠᠢᠯᠠᠵᠤ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠢ ᠰᠡᠷᠭᠡᠢᠯᠡᠨ ᠵᠠᠰᠠᠬᠤ ᠪᠠ ᠪᠡᠯᠭᠡ᠎ᠶᠢᠨ ᠬᠠᠯᠳᠠᠯᠭ᠎ᠠ ᠱᠠᠯᠢᠭᠯᠠᠭ᠎ᠠ᠎ᠶᠢ ᠰᠡᠷᠭᠡᠢᠯᠡᠬᠦ ᠲᠤᠰᠬᠠᠢ ᠵᠦᠢᠯ ᠵᠤᠷᠪᠤᠰ᠎ᠢ ᠰᠢᠨ᠎ᠡ᠎ᠪᠡᠷ ᠨᠡᠮᠡᠵᠦ᠂ ᠪᠠᠭ᠍ᠰᠢ᠎ᠶᠢᠨ ᠮᠣᠷᠠᠯ ᠪᠠᠭ᠍ᠰᠢ᠎ᠶᠢᠨ ᠰᠤᠷᠲᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠳᠤ ᠥᠴᠥᠬᠡᠨ ᠴᠦ᠍ ᠢᠯᠳᠠᠷ ᠬᠠᠶᠠᠬᠤ ᠦᠭᠡᠢ ᠪᠠᠢᠬᠤ᠎ᠶᠢ ᠪᠠᠷᠢᠮᠲᠠᠯᠠᠨ᠂ ᠰᠤᠷᠭᠠᠭᠤᠯᠢ ᠨᠢ ᠰᠤᠷᠤᠭ᠍ᠴᠢᠳ᠎ᠤᠨ ᠡᠳᠦᠷ ᠪᠦᠷᠢ᠎ᠶᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠎ᠤᠨ ᠴᠠᠭ᠎ᠢ ᠪᠠᠲᠤᠯᠠᠬᠤ᠂ ᠨᠠᠰᠤᠨ᠎ᠳᠤ ᠥᠯᠥ ᠭᠦᠷᠦᠭᠰᠡᠳ ᠪᠠ ᠪᠠᠭ᠍ᠰᠢ᠎ᠶᠢᠨ ᠰᠡᠳᠬᠢᠴᠡ᠎ᠶᠢᠨ ᠡᠷᠡᠭᠦᠯ ᠮᠡᠨᠳᠦ᠎ᠳᠦ ᠠᠩᠬᠠᠷᠤᠯ ᠲᠠᠯᠪᠢᠬᠤ᠎ᠶᠢ ᠴᠢᠬᠤᠯᠠᠴᠢᠯᠠᠪᠠ; ᠨᠡᠢᠭᠡᠮ᠎ᠦᠨ ᠬᠢᠨ᠎ᠦ ᠬᠠᠮᠠᠭᠠᠯᠠᠯᠲᠠ᠎ᠶᠢ ᠴᠢᠩᠭᠠᠳᠬᠠᠪᠠ᠂ ᠨᠡᠢᠭᠡᠮ᠎ᠦᠨ ᠠᠮᠤᠷ ᠲᠦᠪᠰᠢᠨ᠎ᠦ ᠬᠠᠮᠠᠭᠠᠯᠠᠯᠲᠠ᠎ᠶᠢᠨ ᠲᠣᠣᠷ᠎ᠢ ᠤᠯᠠᠮ ᠨᠢᠭᠡ ᠠᠯᠬᠤᠮ ᠨᠢᠭᠲᠠᠷᠠᠭᠤᠯᠵᠤ᠂ ᠡᠯ᠎ᠡ ᠲᠦᠷᠦᠯ᠎ᠦᠨ ᠡᠵᠡᠩᠨᠡᠭᠴᠢ᠎ᠶᠢᠨ ᠡᠭᠦᠷᠭᠡ᠎ᠶᠢ ᠲᠣᠳᠣᠷᠬᠠᠢᠯᠠᠵᠤ᠂ ᠨᠠᠰᠤᠨ᠎ᠳᠤ ᠦᠯᠤ ᠬᠥᠷᠦᠭᠰᠡᠳ᠎ᠦᠨ ᠰᠢᠪᠡᠭᠡᠰᠦ ᠰᠢᠪᠡᠬᠦ᠂ ᠲᠡᠳᠡᠨ᠎ᠳᠦ ᠲᠠᠮᠠᠬᠢ ᠠᠷᠢᠬᠢ ᠬᠤᠳᠠᠯᠳᠤᠬᠤ ᠵᠡᠷᠭᠡ᠎ᠶᠢ ᠴᠠᠭᠠᠵᠠᠯᠠᠬᠤ ᠴᠢᠨᠠᠷᠲᠠᠢ ᠲᠣᠭᠲᠠᠭᠠᠯ ᠭᠠᠷᠭᠠᠵᠤ᠂ ᠭᠡᠷ᠎ᠡᠴᠡ᠎ᠪᠡᠨ ᠰᠠᠯᠵᠤ ᠶᠠᠪᠤᠬᠤ᠂ ᠰᠥᠨᠢᠵᠢᠨ ᠬᠠᠷᠢᠬᠤ ᠦᠭᠡᠢ ᠪᠤᠶᠤ ᠮᠠᠭᠤ ᠦᠢᠯᠡ ᠠᠵᠢᠯᠯᠠᠭ᠎ᠠ᠎ᠲᠠᠢ ᠨᠠᠰᠤᠨ᠎ᠳᠤ ᠦᠯᠤ ᠬᠥᠷᠦᠭᠰᠡᠳ᠎ᠢ ᠢᠷᠭᠡᠳ ᠣᠯᠵᠤ ᠮᠡᠳᠡᠪᠡᠯ ᠠᠯᠪᠠᠳᠠᠯᠭ᠎ᠠ ᠲᠠᠢ ᠮᠡᠳᠡᠭᠦᠯᠬᠦ᠎ᠶᠢ ᠨᠢ ᠵᠣᠷᠢᠭᠵᠢᠭᠤᠯᠬᠤ ᠵᠦᠢᠯ ᠵᠤᠷᠪᠤᠰ᠎ᠢ ᠨᠡᠮᠡᠵᠦ᠂ ᠨᠡᠢᠭᠡᠮ᠎ᠦᠨ ᠬᠢᠨ᠎ᠦ ᠬᠠᠮᠠᠭᠠᠯᠠᠯᠲᠠ᠎ᠶᠢᠨ ᠬᠡᠪᠴᠢᠶ᠎ᠡ᠎ᠶᠢ ᠥᠷᠭᠡᠳᠬᠡᠪᠡ; ᠰᠦᠯᠵᠢᠶᠡᠨ᠎ᠦ ᠬᠠᠮᠠᠭᠠᠯᠠᠯᠲᠠ᠎ᠶᠢ ᠴᠢᠩᠭᠠᠳᠬᠠᠪᠠ᠂ ᠨᠠᠰᠤᠨ᠎ᠳᠤ ᠦᠯᠤ ᠬᠥᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠳᠤ ᠠᠰᠢᠭ᠍ᠲᠠᠢ ᠰᠦᠯᠵᠢᠶᠡᠨ᠎ᠦ ᠣᠷᠣᠨ ᠵᠠᠢ ᠭᠠᠷᠭᠠᠬᠤ᠎ᠶᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠠᠰᠤᠨ᠎ᠳᠤ ᠦᠯᠤ ᠬᠥᠷᠦᠭᠰᠡᠳ᠎ᠦᠨ ᠰᠦᠯᠵᠢᠶᠡᠨ᠎ᠦ ᠬᠠᠮᠠᠭᠠᠯᠠᠯᠲᠠ᠎ᠶᠢᠨ ᠠᠵᠢᠯ᠎ᠤᠨ ᠲᠣᠭᠲᠠᠯᠴᠠᠭ᠎ᠠ᠎ᠪᠠᠨ ᠪᠦᠷᠢᠨᠰᠢᠭᠦᠯᠬᠦ᠎ᠶᠢ ᠲᠣᠳᠣᠷᠬᠠᠢ ᠱᠠᠭᠠᠷᠳᠠᠵᠤ᠂ ᠰᠦᠯᠵᠢᠶᠡᠨ᠎ᠦ ᠦᠢᠯᠡᠳᠬᠦᠨ ᠪᠠ ᠦᠢᠯᠡᠴᠢᠯᠡᠭᠡ ᠬᠠᠩᠭᠠᠭ᠍ᠴᠢᠳ᠎ᠲᠤ ᠴᠠᠭᠠᠵᠠᠯᠠᠬᠤ ᠴᠢᠨᠠᠷᠲᠠᠢ ᠱᠠᠭᠠᠷᠳᠠᠯᠭ᠎ᠠ᠎ᠶᠢ ᠭᠣᠣᠯᠳᠠᠯᠭ᠎ᠠ᠎ᠲᠠᠢ ᠨᠡᠮᠡᠪᠡ; ᠵᠠᠰᠠᠭ᠎ᠤᠨ ᠣᠷᠳᠣᠨ᠎ᠤ ᠬᠠᠮᠠᠭᠠᠯᠠᠯᠲᠠ᠎ᠶᠢ ᠴᠢᠩᠭᠠᠳᠬᠠᠪᠠ᠂ ᠨᠠᠰᠤᠨ᠎ᠳᠤ ᠥᠯᠥ ᠭᠦᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶᠢ ᠤᠯᠠᠮ ᠨᠢᠭᠡ ᠠᠯᠬᠤᠮ ᠪᠠᠲᠤᠯᠠᠨ ᠬᠠᠮᠠᠭᠠᠯᠠᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ ᠠᠵᠢᠯ᠎ᠤᠨ ᠳᠤᠮᠳᠠᠬᠢ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠎ᠠ᠎ᠶᠢᠨ ᠦᠢᠯᠡᠳᠦᠯ᠎ᠢ ᠲᠣᠪᠤᠢᠯᠭᠠᠨ ᠴᠢᠬᠤᠯᠠᠴᠢᠯᠠᠵᠤ᠂ ᠨᠠᠰᠤᠨ᠎ᠳᠤ ᠥᠯᠥ ᠭᠦᠷᠦᠭᠰᠡᠳ᠎ᠢ ᠬᠠᠮᠠᠭᠠᠯᠠᠬᠤ ᠡᠷᠬᠡ ᠬᠠᠷᠢᠭᠤᠴᠠᠯᠭ᠎ᠠ ᠲᠣᠳᠣᠷᠬᠠᠢ᠂ ᠲᠠᠰ ᠳᠠᠪᠬᠤᠷᠭ᠎ᠠ ᠲᠣᠳᠣᠷᠬᠠᠢ ᠠᠵᠢᠯ᠎ᠤᠨ ᠲᠣᠭᠲᠠᠯᠴᠠᠭ᠎ᠠ᠎ᠶᠢ ᠪᠠᠢᠭᠤᠯᠤᠨ᠂ ᠨᠠᠰᠤᠨ᠎ᠳᠤ ᠥᠯᠥ ᠭᠦᠷᠦᠭᠰᠡᠳ᠎ᠦᠨ ᠠᠵᠢᠯᠯᠠᠭᠠᠨ᠎ᠤ ᠲᠠᠯᠠᠪᠤᠷ ᠭᠠᠵᠠᠷ ᠪᠠ ᠪᠡᠯᠡᠳᠬᠡᠮᠵᠢ᠎ᠶᠢᠨ ᠪᠠᠢᠭᠤᠯᠤᠯᠲᠠ᠎ᠶᠢ ᠬᠣᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠯᠦᠪᠵᠢᠭᠦᠯᠭᠡ᠎ᠳᠦ ᠣᠷᠣᠭᠤᠯᠵᠤ᠂ ᠬᠡᠦᠬᠡᠳ᠎ᠲᠦ ᠨᠥᠬᠥᠷᠰᠡᠭ ᠬᠣᠲᠠ᠎ᠶᠢᠨ ᠪᠦᠲᠦᠭᠡᠨ ᠪᠠᠢᠭᠤᠯᠤᠯᠲᠠ᠎ᠶᠢ ᠠᠬᠢᠭᠤᠯᠪᠠ; ᠬᠠᠤᠯᠢ ᠴᠠᠭᠠᠵᠠ᠎ᠶᠢᠨ ᠬᠠᠮᠠᠭᠠᠯᠠᠯᠲᠠ᠎ᠶᠢ ᠴᠢᠩᠭᠠᠳᠬᠠᠪᠠ᠂ ᠨᠠᠰᠤᠨ᠎ᠳᠤ ᠦᠯᠤ ᠬᠥᠷᠦᠭᠰᠡᠳ᠎ᠦᠨ ᠡᠷᠬᠡ ᠠᠰᠢᠭ᠋᠎ᠢ ᠪᠠᠲᠤᠯᠠᠬᠤ ᠬᠠᠤᠯᠢ ᠴᠠᠭᠠᠵᠠ᠎ᠶᠢᠨ ᠬᠡᠯᠬᠢᠶ᠎ᠡ᠎ᠶᠢ ᠤᠯᠠᠮ ᠨᠢᠭᠡ ᠠᠯᠬᠤᠮ ᠴᠢᠩᠭᠠᠯᠠᠵᠤ᠂ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠳᠣᠲᠣᠭᠠᠳᠤ᠎ᠶᠢ ᠬᠠᠮᠠᠭᠠᠯᠠᠬᠤ᠂ ᠪᠠᠢᠴᠠᠭᠠᠬᠤ ᠬᠣᠷᠢᠶ᠎ᠠ᠂ ᠰᠢᠭᠦᠬᠦ ᠬᠣᠷᠢᠶ᠎ᠠ᠂ ᠬᠠᠤᠯᠢ ᠴᠠᠭᠠᠵᠠ᠎ᠶᠢᠨ ᠲᠣᠪᠴᠢᠶ᠎ᠠ ᠠᠵᠢᠯ᠎ᠤᠨ ᠬᠣᠯᠪᠤᠭᠠᠯᠠᠨ ᠬᠥᠳᠡᠯᠦᠯᠴᠡᠬᠦ ᠲᠣᠭᠲᠠᠴᠠ᠎ᠪᠠᠨ ᠪᠦᠷᠢᠨᠰᠢᠭᠦᠯᠵᠦ᠂ ᠡᠷᠬᠡ ᠠᠰᠢᠭ᠋᠎ᠢ ᠬᠠᠮᠠᠭᠠᠯᠠᠬᠤ ᠪᠠ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ᠎ᠶᠢ ᠵᠡᠷᠭᠡ᠎ᠳᠦ ᠨᠢ ᠴᠢᠩᠭᠠᠳᠬᠠᠬᠤ᠎ᠶᠢ ᠪᠠᠷᠢᠮᠲᠠᠯᠠᠵᠤ᠂ ᠬᠡᠷᠡᠭ᠎ᠢ ᠪᠥᠬᠥ ᠶᠠᠪᠤᠴᠠ᠎ᠳᠤ᠎ᠪᠠᠨ ᠲᠥᠪᠯᠡᠷᠡᠩᠭᠦᠢ ᠰᠢᠢᠳᠪᠦᠷᠢᠯᠡᠬᠦ ᠲᠣᠭᠲᠠᠴᠠ ᠪᠠᠶ᠋ᠢᠭᠤᠯᠬᠤ᠎ᠶᠢ ᠴᠢᠬᠤᠯᠠᠴᠢᠯᠠᠵᠤ᠂ ᠨᠠᠰᠤᠨ᠎ᠳᠤ ᠦᠯᠤ ᠬᠥᠷᠦᠭᠰᠡᠳ᠎ᠢ ᠳᠠᠮ ᠪᠤᠶᠤ ᠵᠠᠯᠭᠠᠭ᠎ᠠ᠎ᠪᠠᠷ ᠭᠡᠮᠲᠦᠭᠡᠬᠦ ᠬᠡᠷᠡᠭ ᠭᠠᠷᠭᠠᠬᠤ᠎ᠶᠢ ᠨᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠨ᠎ᠠ; ᠣᠨᠴᠠᠭᠠᠶ ᠬᠠᠮᠠᠭᠠᠯᠠᠯᠲᠠ᠎ᠶᠢ ᠰᠢᠨ᠎ᠡ᠎ᠪᠡᠷ ᠨᠡᠮᠡᠪᠡ᠂ ᠨᠠᠰᠤᠨ᠎ᠳᠤ ᠦᠯᠤ ᠬᠥᠷᠥᠭᠰᠡᠨ᠎ᠦ ᠭᠣᠣᠯᠳᠠᠯᠭ᠎ᠠ ᠲᠠᠢ ᠬᠠᠯᠠᠮᠵᠢᠯᠠᠭᠤᠯᠬᠤ ᠬᠥᠮᠥᠰ᠎ᠲᠦ ᠪᠠᠲᠤᠯᠠᠭ᠎ᠠ᠎ᠶᠢᠨ ᠰᠠᠭᠤᠷᠢ᠎ᠶᠢ ᠨᠢ ᠤᠯᠠᠮ ᠨᠢᠭᠡ ᠠᠯᠬᠤᠮ ᠪᠠᠲᠤᠳᠬᠠᠵᠤ᠂ ᠬᠠᠮᠠᠭᠠᠯᠠᠬᠤ ᠬᠡᠪᠴᠢᠶ᠎ᠡ᠎ᠶᠢ 《ᠬᠦᠴᠢᠷᠳᠡᠯ᠎ᠳᠦ ᠲᠤᠯᠭᠠᠷᠠᠭᠰᠠᠨ ᠨᠠᠰᠤᠨ᠎ᠳᠤ ᠦᠯᠤ ᠬᠥᠷᠦᠭᠰᠡᠳ ᠪᠠ ᠣᠨᠴᠠᠭᠠᠶ ᠬᠠᠯᠠᠮᠵᠢᠯᠠᠬᠤ ᠴᠢᠬᠤᠯᠠᠲᠠᠢ ᠨᠠᠰᠤᠨ᠎ᠳᠤ ᠦᠯᠤ ᠬᠥᠷᠥᠭᠰᠡᠨ ᠪᠤᠰᠤᠳ ᠬᠥᠮᠥᠰ》᠎ᠢᠶᠡᠷ ᠵᠠᠭᠠᠭᠯᠠᠨ ᠲᠣᠭᠲᠠᠭᠠᠵᠤ᠂ ᠡᠯ᠎ᠡ ᠲᠠᠯ᠎ᠠ᠎ᠶᠢᠨ ᠬᠠᠷᠢᠭᠤᠴᠠᠯᠭ᠎ᠠ᠎ᠶᠢᠨ ᠭᠣᠣᠯ ᠴᠣᠭᠴᠠ᠎ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠨᠠᠰᠤᠨ᠎ᠳᠤ ᠦᠯᠤ ᠬᠥᠷᠥᠭᠰᠡᠨ ᠣᠨᠴᠠᠭᠠᠢ ᠬᠥᠮᠥᠰ᠎ᠦᠨ ᠦᠰᠦᠨ ᠪᠣᠶ᠋ᠢᠵᠢᠯᠲᠠ᠎ᠶᠢ ᠬᠠᠯᠠᠭᠤᠮᠰᠤᠭ᠎ᠢᠶᠠᠷ ᠬᠠᠯᠠᠮᠵᠢᠯᠠᠵᠤ ᠬᠠᠮᠠᠭᠠᠯᠠᠨ᠎ᠠ᠃

ᠢᠷᠡᠯᠲᠡ᠄    