ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠦᠰᠦᠭ ᠪᠢᠴᠢᠭ᠌᠎ᠢᠶᠡᠷ ᠥᠭᠦᠯᠡᠬᠦᠢ᠄ 《ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ ᠣᠯᠣᠭᠰᠠᠨ ᠦᠷ᠎ᠡ ᠪᠦᠲᠦᠭᠡᠯ ᠪᠠ ᠱᠠᠩᠨᠠᠯ ᠣᠯᠣᠭᠰᠠᠳ᠎ᠢ ᠬᠥᠬᠢᠭᠦᠯᠦᠨ ᠰᠠᠢᠰᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡᠯᠡᠯ》᠎ᠤᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ
ᠨᠡᠶ᠋ᠢᠲᠡᠯᠡᠭᠰᠡᠨ ᠴᠠᠭ᠄ 2025-12-25

ᠨᠢᠭᠡ᠂ ᠠᠬᠤᠢ ᠪᠠᠢᠳᠠᠯ ᠦᠨᠳᠦᠰᠦᠯᠡᠯ 

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠢ ᠰᠢᠯᠭᠠᠷᠠᠭᠤᠯᠬᠤ ᠪᠠ ᠱᠠᠩᠨᠠᠬᠤ ᠠᠷᠭ᠎ᠠ》 (ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠵᠠᠷᠯᠢᠭ᠋ 267 ᠳ᠋ᠤᠭᠠᠷ ᠲᠣᠭᠠᠲᠤ)᠎ᠶᠢᠨ ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠡᠴᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠢᠨ᠎ᠦ ᠬᠣᠯᠪᠣᠭᠠᠲᠤ ᠬᠤᠷᠠᠯ᠎ᠤᠨ ᠵᠣᠬᠢᠶᠠᠨ ᠪᠠᠢᠭᠤᠯᠵᠤ ᠰᠢᠯᠭᠠᠷᠠᠭᠤᠯᠤᠭᠰᠠᠨ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ ᠣᠯᠣᠭᠰᠠᠨ ᠦᠷ᠎ᠡ ᠪᠦᠲᠦᠭᠡᠯ ᠪᠠ ᠱᠠᠩᠨᠠᠯ ᠣᠯᠣᠭᠰᠠᠳ᠎ᠢ ᠬᠥᠬᠢᠭᠦᠯᠦᠨ ᠰᠠᠢᠰᠢᠶᠠᠵᠤ᠂ 《ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ ᠣᠯᠣᠭᠰᠠᠨ ᠦᠷ᠎ᠡ ᠪᠦᠲᠦᠭᠡᠯ ᠪᠠ ᠱᠠᠩᠨᠠᠯ ᠣᠯᠣᠭᠰᠠᠳ᠎ᠢ ᠬᠥᠬᠢᠭᠦᠯᠦᠨ ᠰᠠᠢᠰᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡᠯᠡᠯ》᠎ᠢ ᠨᠡᠢᠲᠡᠯᠡᠪᠡ᠃ 

ᠬᠣᠶᠠᠷ᠂ ᠬᠠᠷᠠᠯᠲᠠ ᠡᠭᠦᠷᠭᠡ 

《ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ ᠣᠯᠣᠭᠰᠠᠨ ᠦᠷ᠎ᠡ ᠪᠦᠲᠦᠭᠡᠯ ᠪᠠ ᠱᠠᠩᠨᠠᠯ ᠣᠯᠣᠭᠰᠠᠳ᠎ᠢ ᠬᠥᠬᠢᠭᠦᠯᠦᠨ ᠰᠠᠢᠰᠢᠶᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠡᠯᠡᠯ》᠎ᠳᠤ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠰᠢᠯᠢᠳᠡᠭ ᠦᠷ᠎ᠡ ᠪᠦᠲᠦᠭᠡᠯ᠎ᠦᠨ ᠱᠠᠩᠨᠠᠯ᠎ᠳᠦ 338 ᠵᠦᠢᠯ᠂ ᠵᠠᠯᠠᠭᠤ ᠴᠢᠳᠠᠪᠤᠷᠢᠲᠠᠨ᠎ᠤ ᠱᠠᠩᠨᠠᠯ᠎ᠳᠦ 2 ᠬᠥᠮᠥᠨ᠎ᠢ ᠬᠥᠬᠢᠭᠦᠯᠦᠨ ᠰᠠᠢᠰᠢᠶᠠᠵᠠᠢ᠂ ᠡᠨᠡ ᠨᠢ ᠥᠷᠭᠡᠨ ᠣᠯᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠠᠵᠢᠯᠲᠠᠳ᠎ᠤᠨ ᠨᠡᠢᠭᠡᠮ᠎ᠦᠨ ᠰᠢᠨᠵᠢᠯᠡᠬᠦ ᠤᠬᠠᠭᠠᠨ᠎ᠤ ᠰᠤᠳᠤᠯᠭᠠᠨ ᠥᠷᠨᠢᠭᠦᠯᠬᠦ ᠢᠳᠡᠪᠬᠢᠵᠢᠯ ᠪᠠ ᠪᠦᠲᠦᠭᠡᠯᠴᠢ ᠴᠢᠨᠠᠷ᠎ᠢ ᠳᠠᠶ᠋ᠢᠴᠢᠯᠠᠨ᠂ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠦᠢᠯᠡᠰ᠎ᠦᠨ ᠴᠡᠴᠡᠭᠯᠡᠨ ᠬᠥᠭᠵᠢᠬᠦ᠎ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠨᠠᠩ ᠬᠦᠴᠦᠷᠬᠡᠭ ᠶᠡᠬᠡ ᠦᠵᠡᠯ ᠰᠠᠨᠠᠭᠠᠨ᠎ᠤ ᠬᠥᠳᠡᠯᠭᠡᠭᠴᠢ ᠬᠦᠴᠦᠨ ᠪᠠ ᠣᠶᠤᠨ᠎ᠤ ᠳᠡᠮᠵᠢᠯᠭᠡ ᠬᠠᠩᠭᠠᠬᠤ᠎ᠳᠤ ᠠᠰᠢᠭ᠍ᠲᠠᠢ ᠶᠤᠮ᠃ 

ᠭᠤᠷᠪᠠ᠂ ᠭᠣᠣᠯᠳᠠᠯᠭ᠎ᠠ ᠪᠣᠯᠬᠤ ᠠᠭᠤᠯᠭ᠎ᠠ 

ᠪᠦᠷᠢᠨᠵᠢᠷᠭᠠᠯ ᠵᠡᠷᠭᠡ ᠬᠥᠮᠥᠰ᠎ᠦᠨ ᠵᠣᠬᠢᠶᠠᠭᠰᠠᠨ 《ᠥᠭᠡᠷᠡᠴᠢᠯᠡᠯᠲᠡ ᠨᠡᠭᠡᠭᠡᠯᠲᠡ ᠬᠢᠭᠰᠡᠨ᠎ᠡᠴᠡ ᠨᠠᠭᠠᠰᠢᠬᠢ ᠤᠮᠠᠷᠠᠲᠤ᠎ᠶᠢᠨ ᠮᠠᠯᠵᠢᠬᠤ ᠣᠷᠣᠨ᠎ᠤ ᠲᠤᠬᠠᠢ ᠲᠥᠷᠥ᠎ᠶᠢᠨ ᠪᠣᠳᠣᠯᠭ᠎ᠠ ᠵᠢᠴᠢ ᠲᠡᠭᠦᠨ᠎ᠤ ᠦᠷ᠎ᠡ ᠠᠰᠢᠭ᠋᠎ᠤᠨ ᠰᠤᠳᠤᠯᠤᠯ — ᠥᠪᠥᠷ ᠮᠣᠩᠭᠣᠯ᠎ᠤᠨ ᠮᠠᠯᠵᠢᠬᠤ ᠣᠷᠣᠨ᠎ᠢᠶᠠᠷ ᠵᠢᠱ᠌ᠢᠶᠡᠯᠡᠬᠦ ᠨᠢ》 ᠵᠡᠷᠭᠡ 12 ᠵᠦᠢᠯ᠎ᠦᠨ ᠦᠷ᠎ᠡ ᠪᠦᠲᠦᠭᠡᠯ᠎ᠳᠦ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠰᠢᠯᠢᠳᠡᠭ ᠦᠷ᠎ᠡ ᠪᠦᠲᠦᠭᠡᠯ᠎ᠦᠨ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ᠎ᠢ ᠣᠯᠭᠣᠪᠠ᠃ ᠠᠨ ᠵᠢᠨ᠎ᠦ ᠵᠣᠬᠢᠶᠠᠭᠰᠠᠨ 《ᠪᠠᠷᠠᠭᠤᠨ ᠬᠡᠰᠡᠭ᠎ᠦᠨ ᠭᠠᠵᠠᠷ ᠣᠷᠣᠨ᠎ᠳᠤ ᠠᠵᠤ ᠦᠢᠯᠡᠰ᠎ᠦᠨ ᠰᠢᠯᠵᠢᠯᠲᠡ᠎ᠶᠢ ᠳᠠᠭᠠᠭᠠᠨ ᠵᠠᠯᠭᠠᠭᠤᠯᠬᠤ ᠪᠠ ᠠᠵᠢᠯ ᠣᠯᠭᠣᠯᠲᠠ᠎ᠶᠢᠨ ᠨᠡᠮᠡᠭᠳᠡᠯ᠎ᠢ ᠠᠬᠢᠭᠤᠯᠤᠨ ᠬᠥᠳᠡᠯᠦᠯᠴᠡᠬᠦ ᠲᠣᠭᠲᠠᠴᠠ᠎ᠶᠢᠨ ᠰᠤᠳᠤᠯᠤᠯ》 ᠵᠡᠷᠭᠡ 120 ᠵᠦᠢᠯ᠎ᠦᠨ ᠦᠷ᠎ᠡ ᠪᠦᠲᠦᠭᠡᠯ᠎ᠳᠤ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠰᠢᠯᠢᠳᠡᠭ ᠦᠷ᠎ᠡ ᠪᠦᠲᠦᠭᠡᠯ᠎ᠦᠨ ᠱᠠᠩᠨᠠᠯ᠎ᠤᠨ ᠬᠣᠶᠠᠳᠤᠭᠠᠷ ᠳᠡᠰ᠎ᠤᠨ ᠱᠠᠩᠨᠠᠯ ᠣᠯᠭᠣᠵᠤ᠂ ᠠᠷᠢᠭᠤᠨ᠎ᠤ ᠵᠣᠬᠢᠶᠠᠭᠰᠠᠨ 《ᠠᠮᠢ ᠠᠬᠤᠢ᠎ᠶᠢᠨ ᠰᠡᠷᠭᠡᠭ ᠣᠷᠣᠨ (ᠣᠷᠣᠨ ᠪᠦᠰᠡ)᠎ᠤ ᠬᠥᠮᠥᠨ — ᠭᠠᠵᠠᠷ ᠣᠷᠣᠨ᠎ᠤ ᠰᠢᠰᠲᠧᠮ᠎ᠦᠨ ᠣᠷᠣᠨ ᠵᠠᠢ᠎ᠶᠢᠨ ᠲᠡᠩᠴᠡᠭᠦᠷᠢ᠎ᠶᠢᠨ ᠰᠤᠳᠤᠯᠤᠯ — ᠰᠢᠯᠢ᠎ᠶᠢᠨ ᠭᠣᠣᠯ ᠠᠢᠮᠠᠭ᠎ᠢᠶᠠᠷ ᠵᠢᠱ᠌ᠢᠶᠡᠯᠡᠬᠦ ᠨᠢ》 ᠵᠡᠷᠭᠡ 206 ᠲᠦᠷᠦᠯ᠎ᠦᠨ ᠦᠷ᠎ᠡ ᠪᠦᠲᠦᠭᠡᠯ᠎ᠳᠦ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠰᠢᠯᠢᠳᠡᠭ ᠦᠷ᠎ᠡ ᠪᠦᠲᠦᠭᠡᠯ᠎ᠦᠨ ᠱᠠᠩᠨᠠᠯ᠎ᠤᠨ ᠭᠤᠷᠪᠠᠳᠤᠭᠠᠷ ᠳᠡᠰ᠎ᠤᠨ ᠱᠠᠩᠨᠠᠯ᠎ᠢ ᠣᠯᠭᠣᠪᠠ᠃ ᠹᠦ ᠵᠢᠶᠠᠨ ᠷᠦᠩ ᠵᠡᠷᠭᠡ 2 ᠬᠥᠮᠥᠨ᠎ᠳᠦ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠭᠦᠨ ᠤᠬᠠᠭᠠᠨ ᠨᠡᠢᠭᠡᠮ᠎ᠦᠨ ᠰᠢᠨᠵᠢᠯᠡᠬᠦ ᠤᠬᠠᠭᠠᠨ᠎ᠤ ᠱᠠᠩᠨᠠᠯ᠎ᠤᠨ ᠵᠠᠯᠠᠭᠤ ᠴᠢᠳᠠᠪᠤᠷᠢᠲᠠᠨ᠎ᠤ ᠱᠠᠩᠨᠠᠯ᠎ᠢ ᠣᠯᠭᠣᠪᠠ᠃ 

ᠳᠥᠷᠪᠡ᠂ ᠬᠣᠯᠪᠣᠭᠳᠠᠬᠤ ᠬᠦᠷᠢᠶ᠎ᠡ ᠬᠡᠪᠴᠢᠶ᠎ᠡ 

ᠡᠯ᠎ᠡ ᠠᠢᠮᠠᠭ᠎ᠤᠨ ᠵᠠᠬᠢᠷᠭ᠎ᠠ᠂ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ᠌ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠃ 

ᠲᠠᠪᠤ᠂ ᠠᠩᠬᠠᠷᠬᠤ ᠵᠦᠢᠯ 

ᠭᠤᠶᠤᠴᠢᠯᠠᠨ ᠮᠡᠳᠡᠭᠦᠯᠦᠭᠰᠡᠨ ᠦᠷ᠎ᠡ ᠪᠦᠲᠦᠭᠡᠯ ᠪᠠ ᠵᠢᠱ᠌ᠢᠭᠳᠡᠭᠰᠡᠳ ᠱᠠᠩᠨᠠᠯ ᠣᠯᠭᠣᠬᠤ ᠨᠥᠬᠥᠴᠡᠯ᠎ᠳᠤ ᠬᠥᠷᠥᠭᠰᠡᠨ ᠦᠭᠡᠢ ᠪᠠᠢᠪᠠᠯ ᠬᠢᠨᠠᠨ ᠲᠣᠭᠲᠠᠭᠠᠬᠤ ᠣᠨ᠎ᠳᠤ᠎ᠪᠠᠨ ᠬᠥᠬᠢᠭᠦᠯᠦᠨ ᠰᠠᠢᠰᠢᠶᠠᠬᠤ ᠦᠭᠡᠢ ᠪᠠᠢᠵᠤ ᠪᠣᠯᠣᠨ᠎ᠠ᠃ 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ