ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
《ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠬᠦ ᠡᠷᠬᠡ᠎ᠶᠢᠨ ᠡᠷᠬᠡ ᠣᠯᠭᠣᠬᠤ ᠪᠠ ᠨᠠᠢᠳᠠᠬᠤ ᠲᠤᠬᠠᠢ ᠮᠡᠳᠡᠭᠳᠡᠯ》᠎ᠤᠨ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ
ᠨᠡᠶ᠋ᠢᠲᠡᠯᠡᠭᠰᠡᠨ ᠴᠠᠭ᠄ 2025-12-29

《ᠮᠡᠳᠡᠭᠳᠡᠯ》᠎ᠢ ᠡᠷᠬᠡ ᠣᠯᠭᠣᠬᠤ ᠪᠠ ᠨᠠᠢᠳᠠᠬᠤ ᠵᠦᠢᠯᠡᠰ᠂ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ ᠭᠡᠵᠦ ᠬᠣᠶᠠᠷ ᠬᠡᠰᠡᠭ ᠬᠤᠪᠢᠶᠠᠪᠠ᠃

ᠨᠢᠭᠡ᠎ᠳᠦ᠂ ᠡᠷᠬᠡ ᠣᠯᠭᠣᠬᠤ ᠪᠠ ᠨᠠᠢᠳᠠᠬᠤ ᠵᠦᠢᠯᠡᠰ᠃ 《ᠮᠡᠳᠡᠭᠳᠡᠯ》᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠷᠬᠡ ᠮᠡᠳᠡᠯ᠎ᠦᠨ ᠬᠡᠪᠴᠢᠶᠡᠨ᠎ᠳᠡᠬᠢ ᠵᠥᠪᠰᠢᠶᠡᠷᠡᠭᠰᠡᠨ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠦᠪᠵᠢᠭᠦᠯᠭᠡ᠎ᠳᠦ ᠲᠣᠭᠲᠠᠭᠠᠭᠰᠠᠨ ᠬᠣᠲᠠ ᠪᠠ ᠠᠢᠯ ᠲᠣᠰᠬᠣᠨ᠂ ᠴᠤᠭᠯᠠᠭ᠎ᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠡᠪᠴᠢᠶᠡᠨ ᠳᠣᠲᠣᠷ᠎ᠠ᠂ ᠭᠠᠵᠠᠷ ᠰᠢᠷᠣᠢ ᠠᠰᠢᠭᠯᠠᠬᠤ ᠣᠨ᠎ᠤ ᠲᠥᠯᠥᠪᠯᠡᠭᠡ᠎ᠶᠢᠨ ᠶᠣᠰᠣᠭᠠᠷ ᠪᠦᠯᠦᠭ ᠤᠳᠠᠭ᠎ᠠ ᠬᠤᠪᠢᠶᠠᠭᠠᠳ ᠥᠨᠢᠳᠡ᠎ᠶᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠠᠷᠢᠶᠠᠯᠠᠬᠤ᠎ᠳᠤ ᠬᠡᠷᠡᠭᠯᠡᠬᠦ ᠭᠠᠵᠠᠷ᠎ᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ᠎ᠳᠤ᠂ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ ᠡᠷᠬᠡ ᠣᠯᠭᠣᠨ ᠵᠥᠪᠰᠢᠶᠡᠷᠡᠭᠦᠯᠦᠨ᠎ᠡ; ᠭᠠᠵᠠᠷ ᠰᠢᠷᠣᠢ ᠠᠰᠢᠭᠯᠠᠬᠤ ᠣᠨ᠎ᠤ ᠲᠥᠯᠥᠪᠯᠡᠭᠡ᠎ᠶᠢᠨ ᠶᠣᠰᠣᠭᠠᠷ ᠪᠦᠯᠦᠭ ᠤᠳᠠᠭ᠎ᠠ ᠬᠤᠪᠢᠶᠠᠨ ᠪᠦᠲᠦᠭᠡᠨ ᠪᠠᠶ᠋ᠢᠭᠤᠯᠬᠤ᠎ᠶᠢ ᠬᠡᠷᠡᠭᠵᠢᠭᠦᠯᠬᠦ ᠭᠡᠵᠦ ᠪᠠᠢᠭ᠎ᠠ ᠲᠠᠲᠠᠪᠤᠷᠢᠯᠠᠬᠤ᠎ᠳᠤ ᠬᠣᠯᠪᠣᠭᠳᠠᠭᠰᠠᠨ ᠥᠨᠢᠳᠡ᠎ᠶᠢᠨ ᠦᠨᠳᠦᠰᠦᠨ ᠲᠠᠷᠢᠶᠠᠨ ᠭᠠᠵᠠᠷ᠎ᠠᠴᠠ ᠭᠠᠳᠠᠨᠠᠬᠢ ᠲᠠᠷᠢᠶᠠᠯᠠᠬᠤ ᠭᠠᠵᠠᠷ᠎ᠢ 35 ᠾᠧᠺᠲ᠋ᠠᠷ᠎ᠠᠴᠠ ᠬᠡᠲᠦᠷᠡᠭᠦᠯᠬᠦ ᠦᠭᠡᠢ᠂ ᠪᠤᠰᠤᠳ ᠭᠠᠵᠠᠷ ᠰᠢᠷᠣᠢ᠎ᠶᠢ 70 ᠾᠧᠺᠲ᠋ᠠᠷ᠎ᠠᠴᠠ ᠬᠡᠲᠦᠷᠡᠭᠦᠯᠬᠦ ᠦᠭᠡᠢ ᠪᠠᠢᠪᠠᠯ᠂ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠳᠤ ᠨᠠᠢᠳᠠᠵᠤ ᠬᠢᠨᠠᠨ ᠵᠥᠪᠰᠢᠶᠡᠷᠡᠭᠦᠯᠦᠨ᠎ᠡ᠃ 《ᠮᠡᠳᠡᠭᠳᠡᠯ》᠎ᠳᠤ ᠲᠣᠳᠣᠷᠬᠠᠢ ᠲᠣᠭᠲᠠᠭᠠᠭᠰᠠᠨ ᠡᠷᠬᠡ ᠣᠯᠭᠣᠬᠤ ᠪᠠ ᠨᠠᠢᠳᠠᠬᠤ ᠵᠦᠢᠯᠡᠰ᠎ᠲᠦ ᠮᠠᠨᠵᠤᠤᠷ ᠬᠣᠲᠠ᠂ ᠡᠷᠢᠶᠡᠨ ᠬᠣᠲᠠ ᠪᠠᠭᠲᠠᠬᠤ ᠦᠭᠡᠢ᠃ 

ᠬᠣᠶᠠᠷ᠎ᠲᠤ᠂ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ᠃ ᠲᠣᠰ ᠲᠣᠰ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ᠎ᠳᠦ ᠡᠷᠬᠡ ᠣᠯᠭᠣᠬᠤ ᠪᠠ ᠨᠠᠢᠳᠠᠬᠤ ᠵᠦᠢᠯᠡᠰ᠎ᠢ ᠨᠠᠢᠳᠠᠪᠤᠷᠢᠵᠢᠭᠤᠯᠬᠤ ᠪᠣᠳᠠᠲᠠᠢ ᠠᠵᠢᠯ᠎ᠤᠨ ᠱᠠᠭᠠᠷᠳᠠᠯᠭ᠎ᠠ ᠳᠤᠷᠠᠳᠪᠠ᠃ ᠠᠢᠮᠠᠭ᠎ᠤᠨ ᠵᠠᠬᠢᠷᠭ᠎ᠠ᠂ ᠲᠣᠭᠣᠷᠢᠭ᠋ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ ᠵᠣᠬᠢᠶᠠᠨ ᠪᠠᠢᠭᠤᠯᠵᠤ ᠤᠳᠤᠷᠢᠳᠬᠤ᠎ᠪᠠᠨ ᠴᠢᠩᠭᠠᠳᠬᠠᠵᠤ᠂ ᠳᠠᠭᠠᠭᠠᠨ ᠵᠣᠯᠭᠠᠭᠤᠯᠬᠤ ᠬᠠᠷᠢᠭᠤᠴᠠᠯᠭ᠎ᠠ᠎ᠪᠠᠨ ᠭᠦᠢᠴᠡᠳᠬᠡᠵᠦ᠂ ᠠᠵᠢᠯ᠎ᠤᠨ ᠲᠥᠰᠥᠯ ᠲᠣᠭᠲᠠᠭᠠᠨ᠂ ᠢᠵᠢ ᠲᠥᠬᠥᠷ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠂ ᠬᠠᠤᠯᠢ ᠪᠠ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ᠎ᠶᠢᠨ ᠬᠠᠮᠲᠤ ᠨᠡᠢᠭᠡᠮ᠎ᠦᠨ ᠬᠢᠨᠠᠯᠲᠠ ᠲᠠᠯᠪᠢᠬᠤ᠎ᠶᠢ ᠰᠠᠨᠠᠭᠠᠴᠢᠯᠠᠭ᠎ᠠ᠎ᠡᠴᠡ᠎ᠪᠡᠨ ᠬᠦᠯᠢᠶᠡᠬᠦ ᠬᠡᠷᠡᠭᠲᠡᠢ; ᠭᠠᠵᠠᠷ ᠬᠡᠷᠡᠭᠯᠡᠬᠦ᠎ᠶᠢ ᠬᠢᠨᠠᠨ ᠵᠥᠪᠰᠢᠶᠡᠷᠡᠬᠦ ᠡᠷᠬᠡ᠎ᠶᠢ ᠳᠠᠭᠠᠭᠠᠨ ᠠᠪᠤᠭᠰᠠᠨ ᠪᠣᠯ ᠤᠯᠠᠮ ᠨᠢᠭᠡ ᠠᠯᠬᠤᠮ ᠡᠷᠬᠡ ᠣᠯᠭᠣᠬᠤ ᠪᠤᠶᠤ ᠨᠠᠢᠳᠠᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶᠢᠨ ᠡᠬᠢ ᠪᠠᠶᠠᠯᠢᠭ᠋᠎ᠤᠨ ᠲᠢᠩᠬᠢᠮ ᠨᠢ ᠲᠤᠬᠠᠢᠯᠠᠭᠰᠠᠨ ᠠᠵᠢᠯ᠎ᠤᠨ ᠪᠣᠯᠪᠠᠰᠤᠷᠠᠯ᠎ᠢ ᠴᠢᠩᠭᠠᠷᠠᠭᠤᠯᠵᠤ᠂ ᠬᠢᠨᠠᠨ ᠵᠥᠪᠰᠢᠶᠡᠷᠡᠬᠦ ᠴᠤᠪᠤᠷᠠᠯ᠎ᠢ ᠵᠢᠷᠤᠮᠵᠢᠭᠤᠯᠤᠨ᠂ ᠬᠢᠨᠠᠯᠲᠠ ᠲᠠᠯᠪᠢᠵᠤ ᠪᠠᠢᠴᠠᠭᠠᠬᠤ᠎ᠶᠢ ᠰᠠᠢᠲᠤᠷ ᠬᠢᠵᠦ᠂ ᠴᠢᠬᠤᠯᠠ ᠶᠡᠬᠡ ᠠᠰᠠᠭᠤᠳᠠᠯ ᠪᠠᠢᠬᠤ᠎ᠶᠢ ᠣᠯᠵᠤ ᠮᠡᠳᠡᠪᠡᠯ᠂ ᠡᠷᠬᠡ ᠣᠯᠭᠣᠭᠰᠠᠨ ᠪᠠ ᠨᠠᠢᠳᠠᠭᠰᠠᠨ ᠵᠦᠢᠯᠡᠰ᠎ᠢ ᠪᠤᠴᠠᠭᠠᠨ ᠠᠪᠤᠭᠤᠯᠬᠤ᠎ᠪᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠬᠦ ᠬᠡᠷᠡᠭᠲᠡᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ