ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ ᠪᠣᠯ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠶ᠋ᠢᠭᠤᠯᠬᠤ ᠵᠢᠨ ᠰᠠᠭᠤᠷᠢ ᠲᠤᠯᠭ᠋ᠠᠭᠤᠷᠢᠯᠠᠯ ᠪᠠ ᠳᠣᠲᠣᠭ᠋ᠠᠳᠤ ᠱᠠᠭ᠋ᠠᠷᠳᠠᠯᠭ᠎ᠠ ᠪᠣᠯᠣᠨ᠎ᠠ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ ᠵᠶ᠋ᠠᠷ 《ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠋ᠠᠨ᠎ᠢ ᠥᠷᠨᠢᠭᠦᠯᠬᠦ ᠬᠡᠷᠡᠭᠲᠡᠢ᠃ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢᠨ ᠵᠢᠯᠣᠭᠣᠳᠤᠮᠵᠢ ᠵᠢ ᠲᠣᠭᠲᠠᠭ᠋ᠠᠨ᠎ᠠ》 ᠭᠡᠵᠦ ᠳᠤᠷᠠᠳᠪᠠ᠃ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ ᠠᠬᠢᠭᠤᠯᠤᠨ᠎ᠠ》 ᠭᠡᠵᠦ ᠳᠤᠷᠠᠳᠪᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠤᠯᠠᠮ ᠨᠢᠭᠡ ᠠᠯᠬᠤᠮ ᠲᠤᠪᠤᠢ᠍ᠢ᠍ᠯᠭ᠋ᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠠᠰᠢᠭᠲᠠᠢ ᠡᠯ᠎ᠡ ᠵᠦᠢ᠍ᠯ᠎ᠤᠨ ᠳᠦᠷᠢᠮ ᠲᠣᠭᠲᠠᠭ᠋ᠠᠯ᠎ᠢ ᠬᠡᠷᠬᠢᠨ ᠲᠣᠭᠲᠠᠭ᠋ᠠᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠠᠰᠢᠭ ᠦᠭᠡᠢ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠬᠡᠷᠬᠢᠨ ᠠᠷᠢᠯᠭ᠋ᠠᠬᠤ ᠪᠤᠢ?
ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶᠠᠨ᠎ᠤ ᠥᠷᠢᠰᠦᠯᠳᠦᠭᠡᠨ᠎ᠤ ᠲᠥᠷᠥ ᠵᠢᠨ ᠪᠣᠳᠣᠯᠭ᠎ᠠ ᠵᠢ ᠵᠣᠬᠢᠴᠠᠭᠤᠯᠬᠤ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠤ᠎ᠪᠠᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ ᠡᠷᠬᠡ ᠲᠡᠭᠰᠢ᠎ᠪᠠᠷ ᠥᠷᠢᠰᠦᠯᠳᠦᠬᠦ ᠳᠦᠷᠢᠮ ᠲᠣᠭᠲᠠᠭ᠋ᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠵᠦᠢ ᠵᠣᠬᠢᠰ ᠦᠭᠡᠢ᠎ᠪᠠᠷ ᠭᠠᠷ ᠲᠦᠷᠦᠭᠦ ᠡᠯ᠎ᠡ ᠵᠦᠢ᠍ᠯ᠎ᠤᠨ ᠦᠢᠯᠡ ᠠᠵᠢᠯᠯᠠᠭ᠎ᠠ ᠵᠢ ᠡᠷᠡᠰ ᠵᠠᠯᠠᠷᠠᠭᠤᠯᠵᠤ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠰᠠᠭ᠋ᠠᠳ ᠦᠭᠡᠢ ᠨᠡᠪᠲᠡᠷᠡᠬᠦ ᠵᠢ ᠠᠬᠢᠭᠤᠯᠤᠨ᠎ᠠ᠃ 《ᠭᠣᠣᠯᠴᠢ ᠥᠷᠢᠰᠦᠯᠳᠦᠭᠡᠨ᠎ᠢ ᠬᠢᠨᠠᠨ ᠪᠠᠢ᠌ᠴᠠᠭ᠋ᠠᠬᠤ ᠳᠦᠷᠢᠮ᠎ᠤᠨ ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠬᠦ᠎ᠪᠠᠨ ᠲᠦᠷᠭᠡᠪᠴᠢᠯᠡᠨ ᠠᠬᠢᠭᠤᠯᠵᠤ᠂ ᠭᠣᠣᠯᠴᠢ ᠥᠷᠢᠰᠦᠯᠳᠦᠭᠡᠨ᠎ᠤ ᠬᠢᠨᠠᠨ ᠪᠠᠢ᠌ᠴᠠᠭ᠋ᠠᠯᠲᠠ ᠵᠢᠨ ᠶᠡᠷᠦᠩᠬᠡᠢ ᠱᠠᠭ᠋ᠠᠷᠳᠠᠯᠭ᠎ᠠ᠂ ᠬᠢᠨᠠᠨ ᠪᠠᠢ᠌ᠴᠠᠭ᠋ᠠᠬᠤ ᠪᠠᠷᠢᠮᠵᠢᠶ᠎ᠠ᠂ ᠬᠢᠨᠠᠨ ᠪᠠᠢ᠌ᠴᠠᠭ᠋ᠠᠬᠤ ᠲᠣᠭᠲᠠᠴᠠ ᠪᠠ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ᠎ᠠ ᠭᠡᠵᠡᠢ᠃
ᠵᠠᠰᠠᠭ ᠵᠠᠬᠢᠷᠭ᠋ᠠᠨ᠎ᠤ ᠡᠷᠬᠡ ᠵᠢ ᠳᠤᠷ᠎ᠠ᠎ᠪᠠᠷ ᠬᠡᠷᠡᠭᠯᠡᠨ ᠥᠷᠢᠰᠦᠯᠳᠦᠭᠡᠨ᠎ᠢ ᠭᠠᠳᠠᠭᠤᠷᠴᠢᠯᠠᠬᠤ᠂ ᠬᠢᠵᠠᠭ᠋ᠠᠷᠯᠠᠬᠤ ᠪᠠᠢ᠌ᠳᠠᠯ᠎ᠳᠤ ᠴᠢᠭᠯᠡᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠡᠵᠡᠩᠨᠡᠯᠲᠡ ᠵᠢᠨ ᠭᠣᠣᠯ ᠴᠣᠭᠴᠠ ᠵᠢᠨ ᠲᠤᠰᠬᠠᠯ ᠶᠡᠬᠡᠲᠡᠢ ᠬᠦᠷᠢᠶᠡᠨ᠎ᠳᠤ ᠠᠩᠬᠠᠷᠤᠯ ᠲᠥᠪᠯᠡᠷᠡᠭᠦᠯᠵᠦ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠦᠷᠭᠦᠯᠵᠢᠯᠡᠨ ᠴᠢᠩᠭ᠋ᠠᠳᠬᠠᠵᠤ᠂ ᠠᠵᠤ ᠠᠬᠤᠢ᠌ᠯᠠᠯ᠎ᠤᠨ ᠨᠡᠭᠦᠬᠦ ᠵᠢ ᠬᠢᠵᠠᠭ᠋ᠠᠷᠯᠠᠬᠤ᠂ ᠲᠠᠸᠠᠷ᠎ᠤᠨ ᠬᠦᠴᠦᠨ ᠵᠦᠢ᠍ᠯ᠎ᠤᠨ ᠴᠢᠯᠦᠭᠡᠲᠡᠢ ᠭᠦᠢ᠍ᠯᠭᠡᠭᠡᠨ᠎ᠢ ᠬᠠᠷᠰᠢᠯᠠᠬᠤ᠂ ᠥᠪᠡᠷ᠎ᠤᠨ 《ᠪᠠᠭ᠎ᠠ ᠣᠷᠴᠢᠯ》᠎ᠲᠠᠢ ᠪᠠᠢ᠌ᠯᠭ᠋ᠠᠬᠤ ᠵᠡᠷᠭᠡ ᠠᠵᠢᠯᠯᠠᠭ᠎ᠠ ᠵᠢ ᠡᠷᠡᠰ ᠵᠠᠯᠠᠷᠠᠭᠤᠯᠵᠤ᠂ ᠤᠯᠤᠰ ᠠᠷᠠᠳ᠎ᠤᠨ ᠠᠵᠤ ᠠᠬᠤᠢ ᠵᠢᠨ ᠣᠷᠴᠢᠯ᠎ᠤᠨ ᠥᠨᠳᠥᠷ ᠪᠦᠲᠦᠮᠵᠢᠲᠡᠶ ᠰᠠᠭ᠋ᠠᠳ ᠦᠭᠡᠢ ᠨᠡᠪᠲᠡᠷᠡᠬᠦ ᠵᠢ ᠠᠬᠢᠭᠤᠯᠤᠨ᠎ᠠ᠃
ᠬᠡᠰᠡᠭ ᠭᠠᠵᠠᠷ ᠣᠷᠣᠨ᠎ᠳᠤ ᠢᠯᠡᠷᠡᠵᠦ ᠪᠠᠢ᠌ᠭ᠎ᠠ 《ᠨᠢᠭᠡ ᠲᠥᠷᠥᠯ᠎ᠤᠨ ᠬᠡᠷᠡᠭ᠎ᠢ ᠠᠳᠠᠯᠢ ᠪᠤᠰᠤ᠎ᠪᠠᠷ ᠲᠣᠷᠭ᠋ᠠᠭᠰᠠᠨ》 ᠪᠠᠢ᠌ᠳᠠᠯ᠎ᠳᠤ ᠴᠢᠭᠯᠡᠭᠦᠯᠦᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠢᠨ ᠬᠠᠤᠯᠢ ᠬᠡᠷᠡᠭᠵᠢᠭᠦᠯᠬᠦ ᠬᠢᠨᠠᠨ ᠪᠠᠢ᠌ᠴᠠᠭ᠋ᠠᠬᠤ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠲᠠᠨᠢᠯᠴᠠᠭᠤᠯᠬᠤ᠎ᠳᠤ᠎ᠪᠠᠨ᠂ 《ᠠᠷᠠᠳ᠎ᠤᠨ ᠲᠥᠯᠥᠭᠡ ᠬᠢᠨᠠᠨ ᠬᠠᠮᠢᠶᠠᠷᠬᠤ ᠣᠨᠣᠯᠵᠢᠬᠤᠨ᠎ᠢ ᠪᠠᠲᠤ ᠪᠣᠢ ᠪᠣᠯᠭ᠋ᠠᠨ ᠦᠢ᠍ᠯᠡᠴᠢᠯᠡᠬᠦ ᠬᠡᠯᠪᠡᠷᠢ ᠵᠢᠨ ᠬᠠᠤᠯᠢ ᠬᠡᠷᠡᠭᠵᠢᠭᠦᠯᠦᠯᠲᠡ ᠵᠢ ᠬᠡᠷᠡᠭᠵᠢᠭᠦᠯᠬᠦ ᠲᠤᠬᠠᠢ ᠵᠢᠯᠤᠭᠣᠳᠬᠤ ᠰᠠᠨᠠᠯ》 ᠪᠠ 《ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠠᠵᠢᠯᠯᠠᠭ᠋ᠠᠨ᠎ᠤ ᠵᠢᠷᠤᠮᠵᠢᠯ》᠎ᠢ ᠳᠠᠷᠤᠮᠠᠯᠯᠠᠨ ᠶᠠᠪᠤᠭᠤᠯᠤᠭᠰᠠᠨ᠎ᠤ ᠳᠠᠷᠠᠭ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ 《ᠰᠡᠷᠭᠡᠢ᠌ᠯᠡᠬᠦ᠎ᠪᠠᠷ ᠭᠣᠣᠯᠯᠠᠵᠤ᠂ ᠬᠥᠩᠭᠡᠨ ᠲᠣᠷᠭ᠋ᠠᠭᠤᠯᠢ᠎ᠠᠴᠠ ᠬᠡᠯᠲᠦᠷᠢᠭᠦᠯᠬᠦ᠂ ᠬᠦᠨᠳᠦ᠎ᠪᠠᠷ ᠵᠥᠷᠢᠴᠡᠭᠰᠡᠨ ᠪᠠᠢ᠌ᠪᠠᠯ ᠴᠢᠩᠭ᠎ᠠ ᠰᠢᠢ᠍ᠳᠬᠡᠬᠦ᠂ ᠠᠯᠳᠠᠰᠢ ᠪᠠ ᠲᠣᠷᠭ᠋ᠠᠭᠤᠯᠢ ᠵᠢ ᠲᠡᠩᠨᠡᠭᠦᠯᠬᠦ᠂ ᠬᠡᠷᠡᠭ᠎ᠤᠨ ᠳᠠᠷᠠᠭ᠎ᠠ ᠰᠤᠷᠪᠤᠯᠵᠢᠯᠠᠬᠤ》 ᠦᠢ᠍ᠯᠡᠴᠢᠯᠡᠬᠦ ᠬᠡᠯᠪᠡᠷᠢ ᠵᠢᠨ ᠬᠠᠤᠯᠢ ᠬᠡᠷᠡᠭᠵᠢᠭᠦᠯᠬᠦ ᠬᠡᠪ ᠵᠠᠭᠪᠤᠷ᠎ᠢ ᠬᠦᠴᠦᠯᠡᠨ ᠪᠠᠢ᠌ᠭᠤᠯᠵᠤ᠂ ᠡᠵᠡᠩᠨᠡᠯᠲᠡ ᠵᠢᠨ ᠭᠣᠣᠯ ᠴᠣᠭᠴᠠ ᠪᠠ ᠠᠷᠠᠳ ᠤᠯᠠᠨ᠎ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠪᠣᠯᠭ᠋ᠠᠨ᠎ᠠᠴᠠ ᠰᠤᠷᠲᠠᠯ ᠴᠢᠬᠡᠴᠢ ᠣᠪᠣᠷ ᠲᠥᠪ ᠪᠠᠢ᠌ᠬᠤ ᠵᠢ ᠦᠵᠡᠭᠦᠯᠵᠦ᠂ ᠬᠠᠤᠯᠢ ᠬᠡᠷᠡᠭᠵᠢᠭᠦᠯᠬᠦ ᠲᠣᠭᠲᠠᠭ᠋ᠠᠯ ᠪᠣᠯᠭ᠋ᠠᠨ᠎ᠠᠴᠠ ᠲᠥᠪ ᠭᠣᠣᠯᠴᠢ ᠰᠢᠳᠤᠷᠭᠤ ᠶᠣᠰᠣ ᠵᠢ ᠮᠡᠳᠡᠷᠡᠭᠦᠯᠬᠦ᠎ᠪᠠᠷ ᠴᠢᠷᠮᠠᠢ᠌ᠵᠤ ᠪᠠᠢ᠌ᠨ᠎ᠠ ᠭᠡᠵᠡᠢ᠃
ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠢ ᠪᠠᠶ᠋ᠢᠭᠤᠯᠬᠤ᠎ᠳᠤ ᠬᠤᠳᠠ ᠬᠥᠳᠡᠭᠡ ᠵᠢᠨ ᠰᠠᠭ᠋ᠠᠳ ᠦᠭᠡᠢ ᠭᠦᠢ᠍ᠯᠭᠡᠭᠡᠨ᠎ᠤ ᠲᠣᠭᠲᠠᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ 《ᠬᠣᠲᠠ ᠬᠥᠳᠡᠭᠡ ᠵᠢ ᠨᠠᠪᠲᠠᠷᠡᠭᠦᠯᠵᠦ᠂ ᠭᠦᠢ᠍ᠯᠭᠡᠭᠡ ᠵᠢ ᠬᠥᠭᠵᠢᠶᠡᠨᠲᠡᠢ ᠪᠣᠯᠭ᠋ᠠᠬᠤ ᠪᠣᠯ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠭᠣᠣᠯ ᠠᠵᠢᠯ ᠮᠥᠨ᠂ ᠪᠥᠬᠥ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ᠎ᠳᠤ ᠲᠦᠷᠭᠡᠨ ᠠᠭᠤᠰᠤᠯᠴᠠᠬᠤ ᠪᠠ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠬᠦ ᠪᠣᠯ ᠬᠠᠩᠭ᠋ᠠᠨ ᠪᠣᠷᠣᠯᠠᠭᠤᠯᠬᠤ ᠬᠣᠷᠰᠢᠶ᠎ᠠ ᠵᠢᠨ ᠴᠢᠨᠠᠷ ᠰᠠᠢ᠌ᠲᠠᠢ ᠬᠥᠭᠵᠢᠯᠲᠡ ᠵᠢᠨ ᠰᠡᠳᠦᠪ᠎ᠲᠠᠬᠢ ᠪᠠᠢ᠌ᠪᠠᠰᠤ ᠵᠣᠬᠢᠬᠤ ᠠᠭᠤᠯᠭ᠎ᠠ ᠮᠥᠨ᠃》 ᠭᠡᠵᠦ ᠳᠤᠮᠳᠠᠳᠤ ᠵᠢᠨ ᠪᠦᠬᠦ ᠤᠯᠤᠰ᠎ᠤᠨ ᠬᠠᠩᠭ᠋ᠠᠨ ᠪᠣᠷᠣᠯᠠᠭᠤᠯᠬᠤ ᠶᠡᠷᠦᠩᠬᠡᠢ ᠬᠤᠷᠰᠢᠶ᠎ᠠ ᠵᠢᠨ ᠠᠵᠤ ᠠᠬᠤᠢ ᠵᠢᠨ ᠬᠥᠭᠵᠢᠯᠲᠡ ᠪᠠ ᠥᠭᠡᠷᠡᠴᠢᠯᠡᠯᠲᠡ ᠵᠢᠨ ᠬᠡᠯᠲᠡᠰ᠎ᠤᠨ ᠳᠠᠷᠤᠭ᠎ᠠ ᠮᠠ ᠵᠢᠢ ᠬᠣᠩ ᠬᠡᠯᠡᠪᠡ᠃
ᠲᠠᠷᠠᠭ᠋ᠠᠴᠢ ᠵᠢᠨ ᠠᠯᠬᠤᠮ᠎ᠳᠤ᠂ ᠪᠥᠬᠥ ᠰᠢᠰᠲ᠋ᠧᠮ ᠵᠶ᠋ᠡᠷ ᠵᠶ᠋ᠡᠨ 《ᠵᠢᠷᠭᠤᠭ᠋ᠠᠨ ᠬᠥᠨᠳᠡᠯᠡᠨ ᠲᠤᠯᠤᠭ᠋ᠠᠨ ᠭᠤᠯᠳᠤ ᠬᠣᠶᠠᠷ ᠬᠥᠪᠡᠭᠡ》 ᠵᠢᠨ ᠪᠥᠬᠥ ᠤᠯᠤᠰ᠎ᠤᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠬᠣᠩᠭᠢᠯ᠎ᠳᠤ ᠲᠦᠰᠢᠭᠯᠡᠨ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠭᠦᠢ᠍ᠯᠭᠡᠭᠡᠨ᠎ᠤ ᠲᠣᠣᠷ ᠰᠦᠯᠵᠢᠶᠡᠨ᠎ᠤ ᠲᠣᠭᠲᠠᠯᠴᠠᠭ᠎ᠠ ᠵᠢᠨ ᠪᠠᠢ᠌ᠭᠤᠯᠤᠯᠲᠠ ᠵᠢ ᠰᠠᠢ᠌ᠲᠤᠷ ᠬᠢᠨ᠎ᠡ; ᠲᠠᠷᠢᠶᠠᠯᠠᠩ᠎ᠤᠨ ᠪᠦᠲᠦᠭᠡᠭᠳᠡᠬᠦᠨ᠎ᠤ ᠤᠳᠤ ᠦᠶ᠎ᠡ ᠵᠢᠨ ᠭᠦᠢ᠍ᠯᠭᠡᠭᠡᠨ᠎ᠤ ᠲᠣᠣᠷ ᠰᠦᠯᠵᠢᠶᠡᠨ᠎ᠤ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠰᠢᠶᠠᠨ ᠰᠢᠶᠠᠩ ᠲᠣᠰᠬᠣᠨ ᠭᠤᠷᠪᠠᠨ ᠱᠠᠲᠤᠨ᠎ᠤ ᠪᠠᠷᠠᠭ᠋ᠠᠨ᠎ᠤ ᠭᠦᠢ᠍ᠯᠭᠡᠭᠡᠨ᠎ᠤ ᠲᠣᠬᠢᠷᠠᠭᠤᠯᠤᠨ ᠬᠦᠷᠭᠡᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠲᠠᠷᠢᠶᠠᠯᠠᠩ᠎ᠤᠨ ᠪᠦᠲᠦᠭᠡᠭᠳᠡᠬᠦᠨ ᠪᠣᠳᠠᠰ᠎ᠤᠨ ᠭᠦᠢ᠍ᠯᠭᠡᠭᠡᠨ᠎ᠤ ᠰᠠᠭ᠋ᠠᠳ ᠦᠭᠡᠢ ᠨᠡᠪᠲᠡᠷᠡᠬᠦ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ; ᠲᠠᠷᠢᠶᠠᠯᠠᠩ ᠲᠤᠰᠠᠯᠠᠬᠤ ᠠᠵᠤ ᠠᠬᠤᠢ ᠵᠢᠨ ᠪᠦᠲᠦᠭᠡᠭᠳᠡᠬᠦᠨ᠎ᠢ ᠳᠠᠢ᠍ᠢ᠍ᠴᠢᠯᠠᠨ ᠠᠭᠤᠯᠠᠨ ᠭᠠᠵᠠᠷ᠎ᠠᠴᠠ ᠭᠠᠷᠭ᠋ᠠᠵᠤ᠂ ᠵᠠᠬ᠎ᠠ ᠳᠡᠯᠭᠡᠭᠦᠷ᠎ᠲᠤ ᠭᠠᠷᠭ᠋ᠠᠨ᠎ᠠ᠃