ᠣᠢ᠌ᠷ᠎ᠠ᠎ᠳᠤ᠂ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠡᠷᠭᠡ 6 ᠰᠠᠯᠠᠭ᠎ᠠ ᠮᠥᠴᠢᠷ ᠬᠣᠯᠪᠣᠭ᠋ᠠᠯᠠᠨ 《ᠮᠥᠩᠭᠥᠨ ᠭᠦᠢ᠍ᠯᠭᠡᠭᠡᠨ᠎ᠤ ᠳᠡᠮᠵᠢᠯᠭᠡ᠎ᠪᠠᠷ ᠬᠡᠷᠡᠭᠯᠡᠭᠡ ᠵᠢ ᠬᠥᠭᠵᠢᠭᠡᠬᠦ ᠪᠠ ᠥᠷᠭᠡᠳᠬᠡᠬᠦ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠶᠠᠪᠤᠭᠤᠯᠵᠤ᠂ ᠬᠡᠷᠡᠭᠯᠡᠭᠡ ᠵᠢᠨ ᠴᠢᠳᠠᠪᠤᠷᠢ ᠵᠢ ᠳᠡᠮᠵᠢᠨ᠂ ᠬᠡᠷᠡᠭᠯᠡᠭᠡ ᠵᠢᠨ ᠬᠦᠷᠢᠶᠡᠨ᠎ᠳᠠᠬᠢ ᠮᠥᠩᠭᠥᠨ ᠭᠦᠢ᠍ᠯᠭᠡᠭᠡᠨ᠎ᠤ ᠬᠠᠩᠭ᠋ᠠᠯᠭ᠎ᠠ ᠵᠢ ᠥᠷᠭᠡᠳᠬᠡᠬᠦ᠂ ᠰᠠᠭᠤᠭ᠋ᠠᠯᠢ ᠠᠷᠠᠳ᠎ᠤᠨ ᠬᠡᠷᠡᠭᠯᠡᠭᠡ ᠵᠢᠨ ᠳᠠᠯᠳᠠ ᠬᠦᠴᠦᠨ᠎ᠢ ᠠᠭᠤᠳᠠᠯᠤᠨ ᠪᠠᠳᠠᠷᠠᠭᠤᠯᠬᠤ᠂ ᠬᠡᠷᠡᠭᠯᠡᠭᠡ ᠵᠢᠨ ᠬᠠᠩᠭ᠋ᠠᠯᠭ᠎ᠠ ᠵᠢᠨ ᠦᠢ᠍ᠯᠡᠳᠦᠯ ᠴᠢᠳᠠᠪᠤᠷᠢ ᠵᠢ ᠠᠬᠢᠭᠤᠯᠤᠨ᠂ ᠬᠡᠷᠡᠭᠯᠡᠭᠡ ᠵᠢᠨ ᠣᠷᠴᠢᠨ ᠨᠥᠬᠥᠴᠡᠯ ᠪᠠ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠪᠠᠲᠤᠯᠠᠭ᠎ᠠ ᠵᠢ ᠰᠢᠯᠢᠳᠡᠭᠵᠢᠭᠦᠯᠬᠦ ᠵᠡᠷᠭᠡ ᠵᠢᠷᠭᠤᠭ᠋ᠠᠨ ᠲᠠᠯ᠎ᠠ᠎ᠪᠠᠷ ᠠᠷᠭ᠎ᠠ ᠬᠡᠮᠵᠢᠶ᠎ᠡ ᠳᠤᠷᠠᠳᠪᠠ᠃
ᠰᠠᠭᠤᠭ᠋ᠠᠯᠢ ᠠᠷᠠᠳ᠎ᠤᠨ ᠣᠷᠣᠯᠭ᠎ᠠ᠎ᠪᠠᠨ ᠨᠡᠮᠡᠭᠳᠡᠭᠦᠯᠬᠦ ᠵᠢ ᠳᠡᠮᠵᠢᠵᠦ᠂ ᠪᠠᠲᠤᠯᠠᠭ᠎ᠠ ᠵᠢᠨ ᠲᠣᠭᠲᠠᠯᠴᠠᠭ᠎ᠠ ᠵᠢ ᠰᠢᠯᠢᠳᠡᠭᠵᠢᠭᠦᠯᠦᠨ᠎ᠡ!
● ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠵᠢᠨ ᠲᠦᠷᠦ ᠵᠢᠨ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠭᠠᠵᠠᠷ ᠣᠷᠣᠨ᠎ᠤ ᠪᠠᠢ᠌ᠳᠠᠯ᠎ᠳᠤ᠎ᠪᠠᠨ ᠲᠣᠬᠢᠷᠠᠭᠤᠯᠤᠨ ᠦᠢ᠍ᠯᠡᠰ ᠪᠣᠰᠬᠠᠬᠤ ᠳᠠᠭ᠋ᠠᠭ᠋ᠠᠯᠲᠠ᠎ᠲᠠᠢ ᠵᠢᠭᠡᠯᠡᠯᠭᠡ ᠭᠤᠶᠤᠴᠢᠯᠠᠬᠤ ᠨᠥᠬᠥᠴᠡᠯ᠎ᠢ ᠵᠣᠬᠢᠰᠲᠠᠢ ᠠᠭᠤᠵᠢᠭᠤ ᠲᠠᠯᠪᠢᠬᠤ ᠵᠢ ᠵᠣᠷᠢᠭᠵᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ᠎ᠢ ᠳᠥᠭᠥᠮᠴᠢᠯᠡᠵᠦ᠂ ᠨᠥᠬᠥᠴᠡᠯ᠎ᠳᠤ ᠨᠡᠢ᠌ᠴᠡᠬᠦ ᠬᠤᠪᠢ ᠬᠥᠮᠥᠨ ᠪᠠ ᠠᠵᠤ ᠠᠬᠤᠢ᠌ᠯᠠᠯ᠎ᠤᠨ ᠦᠢ᠍ᠯᠡᠰ ᠪᠣᠰᠬᠠᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ᠃
● ᠬᠥᠳᠡᠯᠮᠦᠷᠢ᠂ ᠬᠥᠷᠥᠩᠭᠡ᠂ ᠮᠡᠳᠡᠯᠭᠡ᠂ ᠮᠡᠷᠭᠡᠵᠢᠯ ᠵᠡᠷᠭᠡ ᠬᠦᠴᠦᠨ ᠵᠦᠢ᠍ᠯ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠ ᠪᠡᠯᠡ ᠮᠥᠩᠭᠥ ᠴᠤᠭᠯᠠᠭᠤᠯᠬᠤ ᠦᠢ᠍ᠯᠡᠴᠢᠯᠡᠭᠡᠨ᠎ᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠵᠢ ᠲᠦᠷᠭᠡᠳᠬᠡᠨ ᠠᠬᠢᠭᠤᠯᠵᠤ᠂ ᠰᠠᠭᠤᠭ᠋ᠠᠯᠢ ᠠᠷᠠᠳ᠎ᠤᠨ ᠭᠡᠷ ᠪᠦᠯᠢ ᠵᠢᠨ ᠡᠵᠡᠮᠳᠡᠬᠦᠢ᠌ᠴᠡ ᠣᠷᠣᠯᠭ᠎ᠠ ᠵᠢ ᠨᠡᠮᠡᠭᠳᠡᠭᠦᠯᠦᠨ᠎ᠡ᠃
● ᠭᠡᠷ ᠪᠦᠯᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠬᠡᠷᠡᠭᠴᠡᠭᠡ᠎ᠳᠤ ᠵᠣᠬᠢᠴᠠᠬᠤ ᠮᠥᠩᠭᠥᠨ ᠭᠦᠢ᠍ᠯᠭᠡᠭᠡᠨ᠎ᠤ ᠨᠡᠷᠡᠳᠬᠦᠨ᠎ᠤ ᠰᠢᠨ᠎ᠡ ᠵᠢ ᠡᠭᠦᠳᠴᠦ᠂ ᠰᠠᠭᠤᠭ᠋ᠠᠯᠢ ᠠᠷᠠᠳ᠎ᠤᠨ ᠪᠡᠯᠡ ᠣᠷᠣᠭᠤᠯᠵᠤ ᠡᠳ᠋᠎ᠤᠨ ᠶᠠᠪᠤᠳᠠᠯ ᠵᠶ᠋ᠠᠨ ᠬᠠᠮᠢᠶᠠᠷᠬᠤ ᠲᠤᠬᠠᠢ᠌ᠯᠠᠭᠰᠠᠨ ᠠᠵᠢᠯ᠎ᠢ ᠵᠢᠷᠤᠮᠵᠢᠭᠤᠯᠵᠤ᠂ ᠰᠠᠭᠤᠭ᠋ᠠᠯᠢ ᠠᠷᠠᠳ᠎ᠤᠨ ᠡᠳ᠋ ᠬᠥᠷᠥᠩᠭᠡ ᠵᠢᠨ ᠴᠢᠨᠠᠷᠲᠠᠢ ᠣᠷᠣᠯᠭ᠎ᠠ ᠵᠢ ᠨᠡᠮᠡᠭᠳᠡᠭᠦᠯᠦᠨ᠎ᠡ᠃
● ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ ᠵᠣᠷᠢᠭᠵᠢᠭᠤᠯᠵᠤ ᠪᠠᠢ᠌ᠭ᠋ᠠᠳ ᠣᠷᠣᠯᠴᠠᠭᠰᠠᠳ᠎ᠤᠨ ᠨᠠᠰᠤᠵᠢᠯ᠎ᠤᠨ ᠠᠰᠠᠷᠠᠮᠵᠢ ᠵᠢᠨ ᠬᠡᠷᠡᠭᠴᠡᠭᠡ᠎ᠳᠤ ᠨᠡᠢ᠌ᠴᠡᠭᠰᠡᠨ᠂ ᠤᠷᠳᠤ ᠬᠤᠭᠤᠴᠠᠭ᠋ᠠᠨ᠎ᠤ ᠣᠨᠴᠠᠯᠢᠭ᠎ᠲᠠᠢ ᠪᠥᠭᠡᠳ ᠵᠣᠬᠢᠬᠤ ᠠᠰᠢᠭ ᠣᠯᠵᠠᠪᠤᠷᠢ ᠵᠢᠨ ᠨᠤᠷᠮ᠎ᠠ᠎ᠲᠠᠢ ᠬᠤᠪᠢ ᠬᠥᠮᠥᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠥᠨ᠎ᠤ ᠲᠤᠰᠬᠠᠢ ᠨᠡᠷᠡᠳᠬᠦᠨ᠎ᠢ ᠰᠤᠳᠤᠯᠤᠨ ᠨᠡᠭᠡᠭᠡᠯᠭᠡᠵᠦ᠂ ᠨᠠᠰᠤᠵᠢᠯ᠎ᠤᠨ ᠠᠰᠠᠷᠠᠮᠵᠢ ᠵᠢᠨ ᠡᠳ᠋ ᠬᠥᠷᠥᠩᠭᠡ ᠵᠢᠨ ᠨᠥᠭᠡᠴᠡ ᠵᠢ ᠨᠡᠮᠡᠭᠳᠡᠭᠦᠯᠬᠦ ᠪᠠ ᠨᠡᠮᠡᠭᠳᠡᠯ ᠥᠷᠲᠡᠭ᠎ᠢ ᠲᠣᠭᠲᠠᠪᠤᠷᠢᠵᠢᠭᠤᠯᠤᠨ᠎ᠠ᠃
● ᠬᠤᠳᠠᠯᠳᠤᠭ᠋ᠠᠨ᠎ᠤ ᠳᠠᠭ᠋ᠠᠳᠬᠠᠯ᠎ᠤᠨ ᠣᠨ᠎ᠤ ᠮᠥᠩᠭᠥ ᠵᠢᠨ ᠨᠡᠷᠡᠳᠬᠦᠨ᠎ᠤ ᠰᠢᠨ᠎ᠡ ᠵᠢ ᠡᠭᠦᠳᠬᠦ ᠵᠢ ᠲᠦᠷᠭᠡᠳᠬᠡᠨ ᠠᠬᠢᠭᠤᠯᠤᠨ᠎ᠠ᠃
● ᠡᠷᠡᠭᠦᠯ ᠮᠡᠨᠳᠦ ᠵᠢᠨ ᠬᠤᠳᠠᠯᠳᠤᠭ᠋ᠠᠨ᠎ᠤ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠵᠦ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃
● ᠣᠷᠳᠣ ᠬᠤᠭᠤᠴᠠᠭ᠋ᠠᠨ᠎ᠤ ᠰᠤᠪᠢᠯᠠᠯᠲᠠ ᠵᠢᠨ ᠬᠤᠳᠠᠯᠳᠤᠭ᠋ᠠᠨ᠎ᠤ ᠳᠠᠭ᠋ᠠᠳᠬᠠᠯ᠎ᠢ ᠬᠥᠭᠵᠢᠭᠦᠯᠦᠨ᠎ᠡ᠃
● ᠡᠷᠡᠭᠦᠯ ᠮᠡᠨᠳᠦ ᠵᠢᠨ ᠬᠤᠳᠠᠯᠳᠤᠭ᠋ᠠᠨ᠎ᠤ ᠳᠠᠭ᠋ᠠᠳᠬᠠᠯ᠎ᠤᠨ ᠰᠢᠨ᠎ᠡ ᠵᠢ ᠡᠭᠦᠳᠦᠭᠰᠡᠨ ᠡᠮ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠵᠢ ᠠᠬᠢᠭᠤᠯᠵᠤ᠂ ᠠᠷᠠᠳ ᠣᠯᠠᠨ᠎ᠤ ᠣᠯᠠᠨ ᠲᠠᠰ ᠳᠠᠪᠬᠤᠷᠭ᠎ᠠ ᠵᠢᠨ᠂ ᠥᠪᠡᠷᠮᠢᠴᠡ ᠡᠷᠡᠭᠦᠯ ᠮᠡᠨᠳᠦ ᠵᠢᠨ ᠪᠠᠲᠤᠯᠠᠭ᠎ᠠ ᠵᠢᠨ ᠬᠡᠷᠡᠭᠴᠡᠭᠡ ᠵᠢ ᠬᠠᠩᠭ᠋ᠠᠨ᠎ᠠ᠃
● ᠨᠠᠰᠤᠲᠠᠢ᠌ᠴᠤᠳ᠎ᠤᠨ ᠵᠢᠭᠤᠯᠴᠢᠯᠠᠯ᠎ᠤᠨ ᠳᠠᠭ᠋ᠠᠳᠬᠠᠯ᠎ᠢ ᠳᠡᠮᠵᠢᠨ ᠬᠥᠭᠵᠢᠭᠦᠯᠵᠦ᠂ ᠵᠢᠭᠤᠯᠴᠢᠯᠠᠯ᠎ᠤᠨ ᠳᠠᠭ᠋ᠠᠳᠬᠠᠯ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ ᠵᠢ ᠵᠣᠷᠢᠭᠵᠢᠭᠤᠯᠤᠨ᠎ᠠ᠃