ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠣᠯᠠᠨ ᠲᠥᠷᠥᠯ᠎ᠦᠨ ᠵᠣᠭᠣᠰ ᠨᠡᠮᠡᠭᠳᠡᠪᠡ
ᠨᠡᠶ᠋ᠢᠲᠡᠯᠡᠭᠰᠡᠨ ᠴᠠᠭ᠄ 2025-07-14

ᠡᠨᠡ ᠰᠠᠷ᠎ᠠ᠎ᠳᠤ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠳᠠᠩᠰᠠᠨ᠎ᠳᠤ ᠴᠢᠨᠢ ᠨᠢᠭᠡ ᠪᠦᠯᠦᠭ ᠵᠣᠭᠣᠰ ᠨᠡᠮᠡᠭᠳᠡᠵᠡᠢ

ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠣᠨ᠎ᠤ ᠬᠦᠦ ᠮᠥᠩᠭᠥ᠎ᠶᠢ ᠳ᠋ᠦᠩᠨᠡᠨ ᠪᠤᠳᠣᠯ᠎ᠠ! ᠬᠣᠯᠪᠣᠭᠳᠠᠯ ᠪᠦᠬᠦᠢ ᠲᠣᠭᠲᠠᠭᠠᠯ᠎ᠢ ᠦᠨᠳᠦᠰᠦᠯᠡᠪᠡᠯ᠂ ᠠᠵᠢᠯᠲᠠᠨ ᠠᠵᠢᠯᠴᠢᠨ᠎ᠤ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠲᠠᠩᠰᠠᠨ ᠡᠷᠦᠭᠡ᠎ᠶᠢᠨ ᠬᠠᠳᠠᠭᠠᠯᠠᠮᠵᠢ᠎ᠶᠢᠨ ᠬᠦᠦ ᠮᠥᠩᠭᠥᠨ᠎ᠦ ᠨᠣᠷᠮ᠎ᠠ᠎ᠶᠢ ᠨᠢᠭᠡ ᠵᠢᠯ᠎ᠦᠨ ᠬᠤᠭᠤᠴᠠᠭ᠎ᠠ᠎ᠪᠠᠷ ᠲᠣᠭᠲᠠᠮᠠᠯ ᠬᠤᠭᠤᠴᠠᠭᠠᠲᠤ ᠬᠠᠳᠠᠭᠠᠯᠠᠮᠵᠢ᠎ᠶᠢᠨ ᠬᠦᠦ ᠮᠥᠩᠭᠥᠨ᠎ᠦ ᠦᠨᠳᠦᠰᠦᠨ ᠪᠠᠷᠢᠮᠵᠢᠶ᠎ᠠ᠎ᠶᠢᠨ ᠨᠣᠷᠮ᠎ᠠ᠎ᠪᠠᠷ ᠨᠢᠭᠡᠳᠦᠯᠲᠡᠢ ᠬᠡᠷᠡᠭᠵᠢᠭᠦᠯᠦᠨ᠎ᠡ᠃ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠬᠦᠦ ᠮᠥᠩᠭᠥ᠎ᠶᠢ ᠳ᠋ᠦᠩᠨᠡᠨ ᠪᠤᠳᠤᠬᠤ ᠡᠳᠦᠷ ᠨᠢ ᠵᠢᠯ ᠪᠦᠷᠢ᠎ᠶᠢᠨ 6 ᠳ᠋ᠤᠭᠠᠷ ᠰᠠᠷ᠎ᠠ᠎ᠶᠢᠨ 30᠎ᠤ ᠡᠳᠦᠷ᠂ ᠬᠦᠦ ᠮᠥᠩᠭᠥ᠎ᠶᠢ ᠳ᠋ᠦᠩᠨᠡᠨ ᠪᠤᠳᠤᠬᠤ ᠣᠨ ᠨᠢ ᠲᠦᠷᠦᠭᠦᠸ᠋ ᠵᠢᠯ᠎ᠦᠨ 7 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠲᠣᠰ ᠵᠢᠯ᠎ᠦᠨ 6 ᠳ᠋ᠤᠭᠠᠷ ᠰᠠᠷ᠎ᠠ᠎ᠶᠢᠨ 30᠎ᠤ ᠡᠳᠦᠷ ᠭᠦᠷᠲᠡᠯ᠎ᠡ᠃ ᠳ᠋ᠦᠩᠨᠡᠨ ᠪᠤᠳᠤᠬ᠍ᠰᠠᠨ ᠬᠦᠦ ᠮᠥᠩᠭᠥ᠎ᠶᠢ ᠠᠵᠢᠯᠲᠠᠨ ᠠᠵᠢᠯᠴᠢᠨ᠎ᠤ ᠬᠤᠪᠢ ᠬᠥᠮᠥᠨ᠎ᠦ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠲᠠᠩᠰᠠᠨ ᠡᠷᠦᠭᠡ᠎ᠶᠢᠨ ᠡᠬᠡ ᠮᠥᠩᠭᠥᠨ᠎ᠦ ᠳᠠᠩᠰᠠᠨ᠎ᠳᠤ ᠨᠡᠢᠯᠡᠭᠦᠯᠦᠨ ᠣᠷᠣᠭᠤᠯᠤᠭᠠᠳ ᠬᠦᠦ ᠮᠥᠩᠭᠥ᠎ᠶᠢ ᠨᠢ ᠡᠬᠢᠯᠡᠵᠦ ᠪᠣᠳᠣᠨ᠎ᠠ᠃

ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠡᠷᠡᠭᠯᠡᠭᠴᠢᠳ᠎ᠦᠨ ᠦᠵᠦᠭᠦᠷ᠎ᠦᠨ ᠵᠢᠵᠢᠭ ᠫᠷᠣᠭ᠌ᠷᠠᠮ᠎ᠢᠶᠠᠷ ᠣᠷᠣᠨ ᠰᠠᠭᠤᠴᠠ᠎ᠶᠢᠨ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥᠨ᠎ᠦ ᠦᠯᠡᠳᠡᠪᠦᠷᠢ ᠲᠣᠭ᠎ᠠ᠎ᠪᠠᠨ ᠴᠠᠭ ᠲᠤᠬᠠᠢ᠎ᠳᠤ ᠨᠢ ᠪᠠᠢᠴᠠᠭᠠᠨ ᠦᠵᠡᠵᠦ ᠪᠣᠯᠣᠨ᠎ᠠ

《ᠤᠯᠤᠰ᠎ᠤᠨ ᠨᠡᠮᠡᠭᠦᠷᠢ》 ᠦᠷᠭᠦᠯᠵᠢᠯᠡᠨ᠎ᠡ! 1380 ᠳ᠋ᠦᠩᠰᠢᠭᠤᠷ ᠲᠥᠭᠥᠷᠢᠭ᠂ 7 ᠳ᠋ᠤᠭᠠᠷ ᠰᠠᠷ᠎ᠠ᠂ 10 ᠳ᠋ᠤᠭᠠᠷ ᠰᠠᠷ᠎ᠠ᠎ᠳᠤ ᠲᠣᠰ ᠲᠣᠰ ᠪᠠᠭᠤᠯᠭᠠᠨ᠎ᠠ 

《ᠤᠯᠤᠰ᠎ᠤᠨ ᠨᠡᠮᠡᠭᠦᠷᠢ》 ᠨᠢ ᠥᠷᠭᠡᠨ ᠣᠯᠠᠨ ᠬᠡᠷᠡᠭᠯᠡᠭᠴᠢᠳ᠎ᠲᠦ ᠦᠷᠭᠦᠯᠵᠢᠯᠡᠨ ᠠᠰᠢᠭ᠋ ᠬᠦᠷᠲᠡᠭᠡᠵᠦ᠂ ᠲᠥᠪ᠎ᠦᠨ 1380 ᠳ᠋ᠦᠩᠰᠢᠭᠤᠷ ᠲᠥᠭᠥᠷᠢᠭ᠎ᠦᠨ ᠪᠡᠯᠡ ᠮᠥᠩᠭᠥ᠎ᠶᠢ ᠭᠤᠷᠪᠠᠳᠤᠭᠠᠷ᠂ ᠳᠥᠷᠪᠡᠳᠦᠭᠡᠷ ᠤᠯᠠᠷᠢᠯ᠎ᠳᠤ ᠪᠦᠯᠦᠭ ᠬᠤᠪᠢᠶᠠᠨ ᠡᠮᠬᠢ ᠵᠢᠷᠤᠮ᠎ᠲᠠᠢ᠎ᠪᠠᠷ ᠪᠠᠭᠤᠯᠭᠠᠬᠤ ᠪᠣᠯᠣᠨ᠎ᠠ᠃ ᠡᠨᠡ ᠵᠢᠯ ᠲᠥᠪ᠎ᠦᠨ ᠲᠣᠬᠢᠷᠠᠭᠤᠯᠤᠭᠰᠠᠨ ᠭᠡᠳᠦ ᠤᠷᠲᠤ ᠬᠤᠭᠤᠴᠠᠭᠠᠲᠤ ᠤᠯᠤᠰ᠎ᠤᠨ ᠣᠨᠴᠠᠭᠠᠢ ᠵᠢᠭᠡᠯᠡᠯᠭᠡ᠎ᠪᠡᠷ ᠳᠡᠮᠵᠢᠬᠦ ᠬᠡᠷᠡᠭᠯᠡᠭᠡ᠎ᠶᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ ᠪᠡᠯᠡ ᠮᠥᠩᠭᠥᠨ᠎ᠦ ᠶᠡᠷᠦᠩᠬᠡᠢ ᠬᠡᠪᠴᠢᠶ᠎ᠡ ᠨᠢ 3000 ᠳ᠋ᠦᠩᠰᠢᠭᠤᠷ ᠲᠥᠭᠥᠷᠢᠭ ᠪᠣᠯᠣᠨ᠎ᠠ᠂ 1 ᠳ᠋ᠦ᠍ᠭᠡᠷ ᠰᠠᠷ᠎ᠠ ᠪᠠ 4 ᠳ᠋ᠦ᠍ᠭᠡᠷ ᠰᠠᠷ᠎ᠠ᠎ᠳᠤ ᠲᠣᠰ ᠲᠣᠰ ᠬᠣᠶᠠᠷ ᠪᠦᠯᠦᠭ ᠬᠤᠪᠢᠶᠠᠨ ᠨᠡᠶ᠋ᠢᠲᠡ 1620 ᠳ᠋ᠦᠩᠰᠢᠭᠤᠷ ᠲᠥᠭᠥᠷᠢᠭ᠎ᠦᠨ ᠲᠥᠪ᠎ᠦᠨ ᠪᠡᠯᠡ ᠮᠥᠩᠭᠥ᠎ᠶᠢ ᠪᠠᠭᠤᠯᠭᠠᠵᠤ᠂ ᠬᠡᠷᠡᠭᠯᠡᠭᠡ᠎ᠶᠢᠨ ᠵᠦᠢᠯ᠎ᠳᠦ ᠭᠠᠷ ᠤᠲᠠᠰᠤ᠂ ᠬᠠᠪᠲᠠᠰᠤᠨ ᠺᠤᠮᠫᠢᠦ᠋ᠲᠧᠷ᠂ ᠠᠶᠠᠭ᠎ᠠ ᠤᠬᠢᠶᠠᠬᠤ ᠮᠠᠰᠢᠨ ᠵᠡᠷᠭᠡ ᠲᠥᠷᠥᠯ᠎ᠢ ᠨᠡᠮᠡᠭᠳᠡᠭᠦᠯᠵᠡᠢ᠃

ᠺᠣᠳ᠋ ᠰᠢᠷᠪᠢᠵᠦ 《ᠶᠡᠬᠡ ᠬᠡᠪᠴᠢᠶᠡᠨ᠎ᠦ ᠲᠣᠨᠣᠭ ᠲᠥᠬᠦᠭᠡᠷᠦᠮᠵᠢ᠎ᠶᠢ ᠰᠢᠨᠡᠳᠬᠡᠵᠦ ᠬᠡᠷᠡᠭᠯᠡᠭᠡ᠎ᠶᠢᠨ ᠵᠦᠢᠯ᠎ᠦᠨ ᠬᠠᠭᠤᠴᠢᠨ᠎ᠢᠶᠠᠷ ᠰᠢᠨ᠎ᠡ᠎ᠶᠢ ᠰᠣᠯᠢᠬᠤ》 ᠲᠤᠰᠬᠠᠢ ᠬᠡᠰᠡᠭ᠎ᠲᠦ ᠣᠷᠣᠵᠤ ᠨᠡᠮᠡᠭᠦᠷᠢ᠎ᠶᠢᠨ ᠲᠤᠬᠠᠢ ᠨᠡᠩ ᠣᠯᠠᠨ ᠮᠡᠳᠡᠭᠡ ᠵᠠᠩᠭᠢ᠎ᠶᠢ ᠦᠵᠡᠭᠡᠷᠡᠢ

ᠡᠳᠡᠭᠡᠷ ᠭᠠᠵᠠᠷ᠎ᠤᠨ ᠦᠷᠡᠵᠢᠯ᠎ᠦᠨ ᠨᠡᠮᠡᠯᠭᠡ᠎ᠶᠢ ᠬᠤᠪᠢ ᠬᠥᠮᠥᠨ᠎ᠳᠦ ᠨᠢ ᠰᠢᠭᠤᠳ ᠣᠯᠭᠣᠨ᠎ᠠ

ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶᠠᠨ᠎ᠤ ᠪᠦᠷᠢᠳᠬᠡᠭᠰᠡᠨ ᠳ᠋ᠠᠢᠲ᠋ᠠ᠎ᠠᠴᠠ ᠦᠵᠡᠪᠡᠯ᠂ 6 ᠳ᠋ᠤᠭᠠᠷ ᠰᠠᠷ᠎ᠠ᠎ᠶᠢᠨ 26᠎ᠤ ᠡᠳᠦᠷ ᠪᠤᠯᠲᠠᠯ᠎ᠠ᠂ ᠪᠦᠭᠦ ᠤᠯᠤᠰ᠎ᠤᠨ 12 ᠮᠤᠵᠢ ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲᠤᠸᠠᠨ᠎ᠢ ᠪᠠᠭᠲᠠᠭᠠᠭᠰᠠᠨ ᠡᠳᠡᠭᠡᠷ ᠭᠠᠵᠠᠷ᠎ᠤᠨ ᠪᠤᠶ ᠪᠦᠬᠦᠢ ᠨᠢᠭᠡᠳᠦᠯᠲᠡᠢ ᠲᠥᠯᠥᠪᠯᠡᠬᠦ ᠣᠷᠣᠨ᠎ᠳᠤ ᠬᠤᠪᠢ ᠬᠥᠮᠥᠨ᠎ᠳᠦ ᠨᠢ ᠰᠢᠭᠤᠳ ᠣᠯᠭᠣᠬᠤ ᠪᠣᠯᠣᠨ᠎ᠠ᠃ ᠲᠤᠰ ᠲᠤᠰ ᠱᠠᠨ ᠰᠢ᠂ ᠥᠪᠥᠷ ᠮᠣᠩᠭᠣᠯ᠂ ᠬᠠᠷᠠᠮᠥ᠋ᠷᠡᠨ᠂ ᠱᠠᠩᠬᠠᠢ᠂ ᠹᠦᠵᠢᠶᠠᠨ᠂ ᠱᠠᠨᠳᠦ᠋ᠩ᠂ ᠬᠤᠪᠧᠢ᠂ ᠬᠠᠢᠨᠠᠨ᠂ ᠴᠦᠩᠴᠢᠩ᠂ ᠭᠠᠨᠰᠤ᠂ ᠬᠥᠬᠡᠨᠠᠭᠤᠷ᠂ ᠨᠢᠩᠰᠢᠶᠠ᠂ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲᠤᠸᠠᠨ᠎ᠢᠶᠠᠷ ᠪᠦᠷᠢᠯᠳᠦᠵᠦ᠂ ᠵᠧᠵᠢᠶᠠᠩ ᠪᠠ ᠶᠦᠨᠨᠠᠨ ᠪᠠᠰᠠ 7 ᠳ᠋ᠤᠭᠠᠷ ᠰᠠᠷ᠎ᠠ᠎ᠳᠤ ᠪᠡᠶᠡᠯᠡᠭᠦᠯᠦᠨ᠎ᠡ᠃  

ᠡᠨᠡ ᠵᠢᠯ᠎ᠦᠨ 2 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠨ᠂ ᠦᠷᠡᠵᠢᠯ᠎ᠦᠨ ᠨᠡᠮᠡᠯᠭᠡ᠎ᠶᠢ ᠬᠤᠪᠢ ᠬᠥᠮᠥᠨ᠎ᠳᠦ ᠨᠢ ᠰᠢᠭᠤᠳ ᠣᠯᠭᠣᠬᠤ᠎ᠶᠢ ᠪᠡᠶᠡᠯᠡᠭᠦᠯᠦᠭᠰᠡᠨ ᠭᠠᠵᠠᠷ ᠣᠷᠣᠨ᠎ᠳᠤ᠂ ᠳᠠᠭᠠᠳᠬᠠᠯ᠎ᠳᠤ ᠣᠷᠣᠯᠴᠠᠭᠰᠠᠳ᠎ᠤᠨ ᠦᠷᠡᠵᠢᠯ᠎ᠦᠨ ᠨᠡᠮᠡᠯᠭᠡ᠎ᠶᠢ ᠲᠤᠬᠠᠢ᠎ᠶᠢᠨ ᠭᠠᠵᠠᠷ᠎ᠤᠨ ᠡᠮᠴᠢᠯᠡᠭᠡᠨ᠎ᠦ ᠳᠠᠭᠠᠳᠬᠠᠯ᠎ᠤᠨ ᠭᠠᠷᠲᠠᠨ ᠭᠦᠢᠴᠡᠳᠬᠡᠬᠦ ᠪᠠᠢᠭᠤᠯᠤᠮᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠳᠠᠭᠠᠳᠬᠠᠯ᠎ᠳᠤ ᠣᠷᠣᠯᠴᠠᠬ᠍ᠰᠠᠨ ᠠᠵᠢᠯᠲᠠᠨ ᠠᠵᠢᠯᠴᠢᠨ᠎ᠤ ᠬᠤᠪᠢ ᠬᠥᠮᠥᠨ᠎ᠦ ᠪᠠᠩᠬᠢ᠎ᠶᠢᠨ ᠲᠠᠩᠰᠠᠨ ᠡᠷᠦᠭᠡ᠎ᠳᠦ ᠨᠢᠭᠡ ᠯᠡ ᠤᠳᠠᠭ᠎ᠠ᠎ᠶᠢᠨ ᠴᠢᠨᠠᠷᠲᠠᠢ᠎ᠪᠠᠷ ᠣᠯᠭᠣᠵᠤ ᠪᠣᠯᠣᠨ᠎ᠠ᠃

 

ᠠᠬᠢᠭᠠᠳ 5 ᠲᠥᠭᠥᠷᠢᠭ ᠨᠡᠮᠡᠪᠡ! 2025 ᠣᠨ᠎ᠤ ᠦᠨᠳᠦᠰᠦᠨ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠵᠠᠷᠤᠳᠠᠯ᠎ᠤᠨ ᠬᠥᠮᠥᠨ ᠳᠤᠮᠳᠠᠴᠢ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ 99 ᠲᠥᠭᠥᠷᠢᠭ᠎ᠲᠦ ᠭᠦᠷᠪᠡ

2025 ᠣᠨ᠎ᠳᠤ᠂ ᠦᠨᠳᠦᠰᠦᠨ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠬᠥᠮᠥᠨ ᠳᠤᠮᠳᠠᠴᠢ ᠡᠳ᠋᠎ᠦᠨ ᠵᠠᠰᠠᠭ᠎ᠤᠨ ᠨᠥᠬᠥᠪᠦᠷᠢ᠎ᠶᠢᠨ ᠪᠠᠷᠢᠮᠵᠢᠶ᠎ᠠ᠎ᠶᠢ ᠪᠠᠰᠠ 5 ᠲᠥᠭᠥᠷᠢᠭ ᠨᠡᠮᠡᠭᠳᠡᠭᠦᠯᠵᠦ᠂ 99 ᠲᠥᠭᠥᠷᠢᠭ᠎ᠲᠦ ᠬᠦᠷᠦᠭᠦᠯᠪᠡ᠃ ᠰᠢᠨ᠎ᠡ᠎ᠪᠡᠷ ᠨᠡᠮᠡᠭᠳᠡᠭᠰᠡᠨ ᠵᠠᠷᠤᠳᠠᠯ᠎ᠢ 《ᠨᠠᠰᠤᠲᠠᠳ ᠪᠠ ᠨᠢᠯᠬᠠᠰ》 ᠪᠠ ᠴᠢᠰᠤᠨ ᠳᠠᠷᠤᠯᠲᠠ ᠥᠨᠳᠥᠷᠵᠢᠬᠦ᠂ 2 ᠭᠡᠯᠪᠡᠷᠢ᠎ᠶᠢᠨ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠲᠦᠭᠵᠢᠷᠡᠬᠦ ᠴᠢᠨᠠᠷᠲᠠᠢ ᠠᠭᠤᠰᠬᠢᠨ ᠡᠪᠡᠳᠴᠢᠨ ᠵᠡᠷᠭᠡ ᠤᠳᠠᠭᠠᠨ ᠴᠢᠨᠠᠷᠲᠠᠢ ᠡᠪᠡᠳᠴᠢᠲᠡᠨ᠎ᠳᠦ ᠲᠥᠪᠯᠡᠷᠡᠭᠦᠯᠵᠦ᠂ 《ᠬᠡᠦᠬᠡᠳ᠎ᠦᠨ ᠰᠠᠯᠠᠭ᠎ᠠ ᠪᠠ ᠣᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠣᠨ》᠂ 《ᠪᠡᠶ᠎ᠡ᠎ᠶᠢᠨ ᠬᠦᠨᠳᠦ᠎ᠶᠢᠨ ᠬᠠᠮᠢᠶᠠᠷᠤᠯᠲᠠ᠎ᠶᠢᠨ ᠣᠨ》 ᠵᠡᠷᠭᠡ ᠭᠣᠣᠯᠳᠠᠯᠭ᠎ᠠ ᠪᠤᠯᠬᠤ ᠠᠵᠢᠯ ᠯᠤᠭ᠎ᠠ ᠤᠶᠠᠯᠳᠤᠭᠤᠯᠤᠨ᠂ ᠦᠨᠳᠦᠰᠦᠨ ᠣᠯᠠᠨ ᠨᠡᠶ᠋ᠢᠲᠡ᠎ᠶᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡᠨ᠎ᠦ ᠬᠠᠮᠢᠶ᠎ᠠ ᠪᠦᠬᠦᠢ ᠭᠣᠣᠯᠳᠠᠯᠭ᠎ᠠ ᠪᠤᠯᠬᠤ ᠬᠥᠮᠥᠰ᠎ᠦᠨ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠰᠠᠢᠲᠤᠷ ᠬᠢᠨ᠎ᠡ᠃ 

 

ᠡᠳᠡᠭᠡᠷ ᠬᠥᠮᠥᠰ ᠬᠠᠯᠠᠭᠤᠨ᠎ᠤ ᠴᠠᠭ᠎ᠲᠤ ᠠᠵᠢᠯᠯᠠᠭᠰᠠᠨ ᠨᠡᠮᠡᠯᠭᠡ ᠠᠪᠴᠤ ᠪᠣᠯᠣᠨ᠎ᠠ 

ᠲᠥᠪ᠎ᠦᠨ ᠴᠠᠭ ᠠᠭᠤᠷ᠎ᠤᠨ ᠬᠣᠷᠢᠶᠠᠨ᠎ᠤ ᠮᠡᠳᠡᠭᠡ᠎ᠶᠢ ᠦᠨᠳᠦᠰᠦᠯᠡᠪᠡᠯ᠂ ᠪᠦᠭᠦ ᠤᠯᠤᠰ᠎ᠤᠨ ᠣᠯᠠᠨ ᠭᠠᠵᠠᠷ᠎ᠲᠤ ᠥᠨᠳᠥᠷ ᠬᠠᠯᠠᠭᠤᠨ ᠦᠷᠭᠦᠯᠵᠢᠯᠡᠵᠦ ᠪᠠᠢᠨ᠎ᠠ᠃ 《ᠬᠠᠯᠠᠭᠤᠨ᠎ᠠᠴᠠ ᠰᠡᠷᠭᠡᠢᠯᠡᠵᠦ ᠬᠠᠯᠠᠭᠤᠨ᠎ᠢ ᠪᠠᠭᠤᠷᠠᠭᠤᠯᠬᠤ ᠠᠷᠭ᠎ᠠ ᠬᠡᠮᠵᠢᠶ᠎ᠡ᠎ᠶᠢᠨ ᠬᠠᠮᠢᠶᠠᠷᠤᠯᠲᠠ᠎ᠶᠢᠨ ᠠᠷᠭ᠎ᠠ》᠎ᠶᠢ ᠦᠨᠳᠦᠰᠦᠯᠡᠪᠡᠯ᠂ ᠬᠥᠳᠡᠯᠮᠦᠷᠢᠴᠢᠳ ᠬᠠᠯᠠᠭᠤᠨ᠎ᠤ ᠴᠠᠭ᠎ᠲᠤ ᠠᠵᠢᠯᠯᠠᠪᠠᠯ᠂ ᠬᠠᠤᠯᠢ ᠶᠣᠰᠣᠭᠠᠷ ᠠᠵᠢᠯ᠎ᠤᠨ ᠪᠠᠢᠷᠢ᠎ᠶᠢᠨ ᠨᠡᠮᠡᠯᠭᠡ ᠭᠦᠷᠳᠡᠨ᠎ᠠ᠃ ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠳ᠎ᠢ 35℃᠎ᠡᠴᠡ ᠳᠡᠭᠡᠭᠰᠢᠬᠢ ᠥᠨᠳᠥᠷ ᠬᠠᠯᠠᠭᠤᠨ᠎ᠳᠤ ᠭᠡᠷ᠎ᠦᠨ ᠭᠠᠳᠠᠨ᠎ᠠ ᠠᠵᠢᠯᠯᠠᠭᠤᠯᠬᠤ᠎ᠪᠠᠷ ᠲᠣᠬᠢᠷᠠᠭᠤᠯᠤᠭᠰᠠᠨ ᠪᠥᠭᠡᠳ ᠠᠵᠢᠯᠯᠠᠬᠤ ᠳᠤᠯᠠᠭᠠᠴᠠ᠎ᠶᠢ 33℃᠎ᠡᠴᠡ ᠳᠣᠭᠣᠭ᠍ᠰᠢ ᠪᠤᠯᠭᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠳᠡᠢᠯᠭᠦ ᠦᠭᠡᠢ ᠪᠣᠯ᠂ ᠬᠥᠳᠡᠯᠮᠦᠷᠢᠴᠢᠳ᠎ᠲᠦ ᠬᠠᠯᠠᠭᠤᠨ᠎ᠤ ᠴᠠᠭ᠎ᠲᠤ ᠠᠵᠢᠯᠯᠠᠭᠰᠠᠨ ᠨᠡᠮᠡᠯᠭᠡ ᠣᠯᠭᠣᠬᠤ᠎ᠶᠢᠨ ᠬᠠᠮᠲᠤ ᠴᠠᠯᠢᠩ᠎ᠤᠨ ᠶᠡᠷᠦᠩᠬᠡᠢ ᠲᠣᠭᠠᠨ᠎ᠳᠤ ᠣᠷᠣᠭᠤᠯᠬᠤ ᠬᠡᠷᠡᠭᠲᠡᠢ᠃ ᠣᠳᠣᠬᠠᠨ᠎ᠳᠤ᠂ 31 ᠮᠤᠵᠢ ᠣᠷᠣᠨ᠎ᠤ ᠬᠠᠯᠠᠭᠤᠨ᠎ᠤ ᠴᠠᠭ᠎ᠲᠤ ᠠᠵᠢᠯᠯᠠᠭᠰᠠᠨ᠎ᠤ ᠨᠡᠮᠡᠯᠭᠡ᠎ᠶᠢᠨ ᠪᠠᠷᠢᠮᠵᠢᠶ᠎ᠠ ᠨᠢ 100 ᠲᠥᠭᠥᠷᠢᠭ᠎ᠡᠴᠡ 300 ᠲᠥᠭᠥᠷᠢᠭ᠎ᠦᠨ ᠬᠣᠭᠣᠷᠣᠨᠳᠤ ᠲᠥᠪᠯᠡᠷᠡᠵᠦ ᠪᠠᠢᠨ᠎ᠠ᠃ 

 

ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠶᠢ 2%᠎ᠪᠡᠷ ᠨᠡᠮᠡᠭᠳᠡᠭᠦᠯᠪᠡ

2025 ᠣᠨ᠎ᠤ 1 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠨ᠂ 2024 ᠣᠨ᠎ᠤ ᠰᠡᠭᠦᠯᠴᠢ᠎ᠡᠴᠡ ᠡᠮᠦᠨ᠎ᠡ ᠲᠣᠭᠲᠠᠭᠠᠯ ᠶᠣᠰᠣᠭᠠᠷ ᠠᠵᠢᠯ᠎ᠠᠴᠠ᠎ᠪᠠᠨ ᠪᠠᠭᠤᠵᠤ ᠠᠮᠠᠷᠠᠬᠤ ᠭᠠᠷᠳᠠᠮ ᠬᠢᠭᠰᠡᠨ ᠪᠥᠭᠡᠳ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥ᠎ᠪᠠᠨ ᠰᠠᠷ᠎ᠠ᠎ᠪᠠᠷ ᠠᠪᠤᠭᠰᠠᠨ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥᠨ᠎ᠦ ᠬᠢᠷᠢ ᠲᠦᠪᠰᠢᠨ᠎ᠢ ᠳᠡᠭᠡᠭᠰᠢᠯᠡᠭᠦᠯᠵᠦ᠂ ᠶᠡᠷᠦᠩᠬᠡᠢ᠎ᠳᠦ ᠨᠢ ᠲᠣᠬᠢᠷᠠᠭᠤᠯᠤᠯᠲᠠ ᠬᠢᠬᠦ ᠬᠢᠷᠢ ᠲᠦᠪᠰᠢᠨ᠎ᠢ 2024 ᠣᠨ᠎ᠤ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠰᠠᠷ᠎ᠠ᠎ᠶᠢᠨ ᠳᠤᠮᠳᠠᠴᠢ ᠦᠨᠳᠦᠰᠦᠨ ᠨᠠᠰᠤᠵᠢᠯ᠎ᠤᠨ ᠠᠰᠠᠷᠠᠮᠵᠢ᠎ᠶᠢᠨ ᠮᠥᠩᠭᠥᠨ᠎ᠦ 2%᠎ᠢᠶᠡᠷ ᠪᠣᠯᠭᠠᠪᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ