ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠭᠡᠷ ᠲᠦᠷᠢᠶᠡᠰᠦᠯᠡᠬᠦ᠎ᠳᠦ ᠰᠢᠨ᠎ᠡ ᠲᠣᠭᠲᠠᠭᠠᠯ᠎ᠲᠠᠢ ᠪᠣᠯᠪᠠ! ᠲᠦᠷᠦ᠎ᠶᠢᠨ ᠶᠠᠪᠤᠳᠠᠯ᠎ᠤᠨ ᠬᠣᠷᠢᠶ᠎ᠠ ᠳᠦᠷᠢᠮ ᠨᠡᠢᠲᠡᠯᠡᠪᠡ
ᠨᠡᠶ᠋ᠢᠲᠡᠯᠡᠭᠰᠡᠨ ᠴᠠᠭ᠄ 2025-07-22

ᠲᠦᠷᠦᠭᠦᠬᠡᠨ᠂ 《ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠳᠦᠷᠢᠮ》 ᠨᠡᠢᠲᠡᠯᠡᠭᠳᠡᠵᠦ᠂ 2025 ᠣᠨ᠎ᠤ 9 ᠳ᠋ᠦ᠍ᠭᠡᠷ ᠰᠠᠷ᠎ᠠ᠎ᠶᠢᠨ 15᠎ᠤ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠂ 《ᠳᠦᠷᠢᠮ》᠎ᠳᠤ ᠲᠦᠷᠢᠶᠡᠰᠦᠯᠡᠭᠦᠯᠬᠦ ᠪᠠ ᠲᠦᠷᠢᠶᠡᠰᠦᠯᠡᠬᠦ ᠠᠵᠢᠯᠯᠠᠭ᠎ᠠ᠎ᠶᠢ ᠵᠢᠷᠤᠮᠵᠢᠭᠤᠯᠵᠤ᠂ ᠣᠷᠣᠨ ᠰᠠᠭᠤᠴᠠ ᠲᠦᠷᠢᠶᠡᠰᠦᠯᠡᠭᠦᠯᠬᠦ᠂ ᠲᠦᠷᠢᠶᠡᠰᠦᠯᠡᠬᠦ᠎ᠳᠦ ᠬᠣᠯᠪᠣᠭᠳᠠᠯ ᠪᠦᠬᠦᠢ ᠲᠣᠭᠲᠠᠭᠠᠯ᠎ᠳᠤ ᠨᠡᠢᠴᠡᠭᠰᠡᠨ ᠪᠠᠢᠬᠤ ᠬᠡᠷᠡᠭᠲᠡᠢ ᠭᠡᠵᠡᠢ᠃ ᠬᠠᠮᠲᠤ᠎ᠪᠠᠷ ᠦᠵᠡᠵᠡᠭᠡᠶ᠎ᠡ —

ᠲᠦᠷᠢᠶᠡᠰᠦᠯᠡᠭᠦᠯᠬᠦ ᠣᠷᠣᠨ ᠰᠠᠭᠤᠴᠠ ᠨᠢ ᠪᠠᠷᠢᠯᠭ᠎ᠠ᠂ ᠭᠠᠯ ᠰᠡᠷᠭᠡᠢᠯᠡᠬᠦ ᠪᠠ ᠤᠨᠲᠠᠷᠠᠭᠠᠬᠤ᠂ ᠰᠢᠲᠠᠮᠠᠬᠠᠢ ᠬᠡᠢ᠂ ᠥᠷᠥᠭᠡᠨ᠎ᠦ ᠳᠣᠲᠣᠷᠠᠬᠢ ᠵᠠᠰᠠᠯ ᠴᠢᠮᠡᠭᠯᠡᠯ ᠵᠡᠷᠭᠡ ᠲᠠᠯ᠎ᠠ᠎ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠠᠯᠪᠠᠳᠠᠯᠭ᠎ᠠ᠎ᠶᠢᠨ ᠴᠢᠨᠠᠷᠲᠠᠢ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠂ ᠬᠥᠮᠥᠨ᠎ᠦ ᠪᠡᠶ᠎ᠡ᠎ᠶᠢᠨ ᠠᠮᠤᠷ ᠲᠦᠪᠰᠢᠨ ᠪᠠ ᠡᠷᠡᠭᠦᠯ ᠮᠡᠨᠳᠦ᠎ᠳᠦ ᠠᠶᠤᠯ ᠤᠴᠠᠷᠠᠭᠤᠯᠵᠤ ᠪᠣᠯᠬᠤ ᠦᠭᠡᠢ᠃

ᠲᠣᠭᠣᠭᠠᠨ ᠭᠡᠷ᠂ ᠤᠬᠢᠶᠠᠯᠭ᠎ᠠ᠎ᠶᠢᠨ ᠲᠠᠰᠤᠯᠭ᠎ᠠ᠂ ᠨᠠᠷᠠᠪᠴᠢ᠂ ᠬᠣᠩᠭᠢᠯ᠂ ᠭᠠᠵᠠᠷ ᠳᠣᠣᠷᠠᠬᠢ ᠬᠥᠮᠥᠷᠭᠡ᠂ ᠲᠡᠷᠭᠡᠨ ᠬᠥᠮᠥᠷᠭᠡ ᠵᠡᠷᠭᠡ ᠣᠷᠣᠨ ᠰᠠᠭᠤᠴᠠ᠎ᠶᠢᠨ ᠪᠤᠰᠤ ᠣᠷᠣᠨ ᠵᠠᠢ᠎ᠶᠢ ᠲᠤᠰᠠᠭᠠᠷ ᠨᠢ ᠲᠦᠷᠢᠶᠡᠰᠦᠯᠡᠭᠦᠯᠵᠦ ᠰᠠᠭᠤᠯᠭᠠᠬᠤ᠎ᠳᠤ ᠬᠡᠷᠡᠭᠯᠡᠵᠦ ᠪᠣᠯᠬᠤ ᠦᠭᠡᠢ᠃

ᠲᠦᠷᠢᠶᠡᠰᠦᠨ ᠣᠷᠣᠨ ᠰᠠᠭᠤᠴᠠ᠎ᠶᠢᠨ ᠭᠠᠭᠴᠠ ᠲᠠᠰᠤᠯᠭ᠎ᠠ᠎ᠪᠠᠷ ᠲᠦᠷᠢᠶᠡᠰᠦᠯᠡᠵᠦ ᠰᠠᠭᠤᠬᠤ ᠬᠥᠮᠥᠨ᠎ᠦ ᠲᠣᠭ᠎ᠠ᠎ᠶᠢᠨ ᠳᠡᠭᠡᠳᠦ ᠬᠢᠵᠠᠭᠠᠷ ᠪᠠ ᠬᠥᠮᠥᠨ ᠳᠤᠮᠳᠠᠴᠢ ᠨᠠᠭᠠᠲᠤ ᠵᠠᠬ᠎ᠠ᠎ᠶᠢᠨ ᠲᠦᠷᠢᠶᠡᠰᠦᠯᠡᠵᠦ ᠰᠠᠭᠤᠬᠤ ᠲᠠᠯᠠᠪᠠᠢ ᠨᠢ ᠲᠣᠭᠣᠷᠢᠭ᠋ ᠪᠠᠢᠭᠤᠯᠤᠭᠰᠠᠨ ᠬᠤᠳᠠ᠎ᠶᠢᠨ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠭᠰᠠᠨ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃

ᠲᠦᠷᠢᠶᠡᠰᠦᠯᠡᠭᠦᠯᠦᠭᠴᠢ ᠪᠠ ᠲᠦᠷᠢᠶᠡᠰᠦᠯᠡᠭᠴᠢ ᠦᠨᠡᠨ ᠨᠡᠷ᠎ᠡ᠎ᠪᠡᠷ᠎ᠢᠶᠡᠨ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ ᠲᠣᠭᠲᠠᠭᠠᠬᠤ ᠬᠡᠷᠡᠭᠲᠡᠢ᠃

ᠲᠦᠷᠢᠶᠡᠰᠦᠯᠡᠭᠦᠯᠦᠭᠴᠢ ᠨᠢ ᠲᠣᠭᠲᠠᠭᠠᠯ ᠶᠣᠰᠣᠭᠠᠷ᠂ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠲᠠᠪᠴᠠᠩ ᠵᠡᠷᠭᠡ ᠠᠷᠭ᠎ᠠ ᠮᠠᠶᠢᠭ᠋᠎ᠢᠶᠠᠷ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠲᠦᠷᠢᠶᠡᠰᠦᠨ ᠣᠷᠣᠨ ᠰᠠᠭᠤᠴᠠ᠎ᠶᠢᠨ ᠪᠠᠢᠭ᠎ᠠ ᠭᠠᠵᠠᠷ᠎ᠤᠨ ᠭᠡᠷ ᠬᠥᠷᠥᠩᠭᠡ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠳᠠᠩᠰᠠᠯᠠᠭᠤᠯᠬᠤ ᠬᠡᠷᠡᠭᠲᠡᠢ᠃ ᠭᠡᠷ ᠬᠥᠷᠥᠩᠭᠡ᠎ᠶᠢᠨ ᠬᠠᠮᠢᠶᠠᠷᠤᠯᠲᠠ᠎ᠶᠢᠨ ᠰᠠᠯᠠᠭ᠎ᠠ ᠮᠥᠴᠢᠷ ᠨᠢ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢᠨ ᠳᠠᠩᠰᠠᠯᠠᠵᠤ ᠦᠢᠯᠡᠴᠢᠯᠡᠬᠦ ᠬᠢᠷᠢ ᠲᠦᠪᠰᠢᠨ᠎ᠢᠶᠡᠨ ᠳᠡᠭᠡᠭᠰᠢᠯᠡᠭᠦᠯᠬᠦ ᠬᠡᠷᠡᠭᠲᠡᠢ᠂ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠳᠠᠩᠰᠠᠯᠠᠭᠤᠯᠬᠤ᠎ᠳᠤ ᠶᠠᠮᠠᠷ ᠴᠤ᠌ ᠵᠠᠷᠤᠳᠠᠯ ᠬᠤᠷᠢᠶᠠᠵᠤ ᠪᠣᠯᠬᠤ ᠦᠭᠡᠢ᠃

ᠲᠦᠷᠢᠶᠡᠰᠦᠯᠡᠭᠦᠯᠦᠭᠴᠢ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠪᠡᠨ ᠳᠠᠩᠰᠠᠯᠠᠭᠤᠯᠤᠭᠰᠠᠨ ᠦᠭᠡᠢ ᠪᠠᠢᠪᠠᠯ᠂ ᠲᠦᠷᠢᠶᠡᠰᠦᠯᠡᠭᠴᠢ ᠳᠠᠩᠰᠠᠯᠠᠭᠤᠯᠵᠤ ᠪᠣᠯᠣᠨ᠎ᠠ᠃ 

ᠲᠦᠷᠢᠶᠡᠰᠦᠯᠡᠭᠦᠯᠦᠭᠴᠢ ᠳᠣᠣᠷ᠎ᠠ ᠵᠢᠭ᠍ᠰᠠᠭᠠᠭᠰᠠᠨ ᠲᠣᠭᠲᠠᠭᠠᠯ᠎ᠤᠳ᠎ᠢ ᠵᠢᠷᠤᠮᠯᠠᠬᠤ ᠬᠡᠷᠡᠭᠲᠡᠢ᠄ 

(ᠨᠢᠭᠡ) ᠲᠦᠷᠢᠶᠡᠰᠦᠯᠡᠭᠴᠢ᠎ᠳᠦ ᠪᠡᠶ᠎ᠡ᠎ᠶᠢᠨ ᠬᠢᠷᠢ ᠬᠡᠮ᠎ᠦᠨ ᠭᠡᠷᠡᠴᠢᠯᠡᠬᠦ ᠮᠠᠲᠧᠷᠢᠶᠠᠯ᠂ ᠲᠦᠷᠢᠶᠡᠰᠦᠯᠡᠭᠦᠯᠬᠦ᠎ᠪᠡᠷ ᠪᠠᠢᠭ᠎ᠠ ᠣᠷᠣᠨ ᠰᠠᠭᠤᠴᠠ᠎ᠶᠢᠨ ᠦᠯᠦ ᠬᠥᠳᠡᠯᠬᠦ ᠬᠥᠷᠥᠩᠭᠡ᠎ᠶᠢᠨ ᠡᠷᠬᠡ᠎ᠶᠢᠨ ᠬᠠᠷᠢᠶᠠᠯᠠᠯ᠎ᠤᠨ ᠦᠨᠡᠮᠯᠡᠯ ᠪᠤᠶᠤ ᠲᠡᠭᠦᠨ᠎ᠦ ᠬᠠᠤᠯᠢ ᠶᠣᠰᠣᠨ᠎ᠤ ᠲᠦᠷᠢᠶᠡᠰᠦᠯᠡᠭᠦᠯᠬᠦ ᠡᠷᠬᠡ᠎ᠲᠠᠢ ᠪᠠᠢᠬᠤ᠎ᠶᠢ ᠭᠡᠷᠡᠴᠢᠯᠡᠬᠦ ᠪᠤᠰᠤᠳ ᠮᠠᠲᠧᠷᠢᠶᠠᠯ᠎ᠢ ᠭᠠᠷᠭᠠᠨ ᠦᠵᠡᠭᠦᠯᠬᠦ᠎ᠶᠢᠨ ᠬᠠᠮᠲᠤ᠂ ᠲᠦᠷᠢᠶᠡᠰᠦᠯᠡᠭᠴᠢ ᠯᠦ᠍ᠭᠡ ᠬᠠᠮᠵᠢᠯᠴᠠᠭᠠᠳ ᠲᠦᠷᠢᠶᠡᠰᠦᠯᠡᠭᠦᠯᠬᠦ᠎ᠪᠡᠷ ᠪᠠᠢᠭ᠎ᠠ ᠣᠷᠣᠨ ᠰᠠᠭᠤᠴᠠ᠎ᠶᠢᠨ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠬᠠᠤᠯᠢ ᠶᠣᠰᠣᠭᠠᠷ ᠪᠠᠢᠴᠠᠭᠠᠨ ᠯᠠᠪᠯᠠᠵᠤ᠂ ᠬᠢᠨᠠᠨ ᠬᠠᠷᠭᠤᠭᠤᠯᠤᠨ᠎ᠠ;

(ᠬᠣᠶᠠᠷ) ᠲᠦᠷᠢᠶᠡᠰᠦᠯᠡᠭᠴᠢ᠎ᠶᠢᠨ ᠪᠡᠶ᠎ᠡ᠎ᠶᠢᠨ ᠬᠢᠷᠢ ᠬᠡᠮ᠎ᠢ ᠭᠡᠷᠡᠴᠢᠯᠡᠬᠦ ᠮᠠᠲᠧᠷᠢᠶᠠᠯ᠎ᠢ ᠬᠢᠨᠠᠨ ᠰᠢᠯᠭᠠᠵᠤ᠂ ᠪᠡᠶ᠎ᠡ᠎ᠶᠢᠨ ᠬᠢᠷᠢ ᠬᠡᠮ᠎ᠦᠨ ᠭᠡᠷᠡᠴᠢᠯᠡᠬᠦ ᠮᠠᠲᠧᠷᠢᠶᠠᠯ᠎ᠢᠶᠠᠨ ᠭᠠᠷᠭᠠᠵᠤ ᠦᠵᠡᠭᠦᠯᠬᠦ᠎ᠶᠢ ᠲᠡᠪᠴᠢᠭᠰᠡᠨ ᠨᠢᠭᠡᠴᠢ ᠪᠤᠶᠤ ᠬᠤᠪᠢ ᠬᠥᠮᠥᠨ᠎ᠳᠦ ᠣᠷᠣᠨ ᠰᠠᠭᠤᠴᠠ᠎ᠪᠠᠨ ᠲᠦᠷᠢᠶᠡᠰᠦᠯᠡᠭᠦᠯᠵᠦ ᠪᠣᠯᠬᠤ ᠦᠭᠡᠢ;

(ᠭᠤᠷᠪᠠ) ᠲᠦᠷᠢᠶᠡᠰᠦᠨ ᠣᠷᠣᠨ ᠰᠠᠭᠤᠴᠠ᠎ᠳᠤ ᠳᠤᠷ᠎ᠠ᠎ᠪᠠᠷ᠎ᠢᠶᠠᠨ ᠣᠷᠣᠵᠤ ᠪᠣᠯᠬᠤ ᠦᠭᠡᠢ᠂ ᠭᠡᠪᠡᠴᠦ ᠲᠦᠷᠢᠶᠡᠰᠦᠯᠡᠭᠴᠢ᠎ᠪᠡᠷ ᠵᠥᠪᠰᠢᠶᠡᠷᠡᠭᠦᠯᠦᠭᠰᠡᠨ ᠪᠤᠶᠤ ᠬᠠᠤᠯᠢ ᠶᠣᠰᠣᠭᠠᠷ ᠣᠷᠣᠵᠤ ᠪᠣᠯᠬᠤ ᠨᠢ ᠡᠭᠦᠨ᠎ᠳᠦ ᠪᠠᠭᠲᠠᠬᠤ ᠦᠭᠡᠢ᠃

ᠲᠦᠷᠢᠶᠡᠰᠦᠯᠡᠭᠴᠢ ᠳᠣᠣᠷ᠎ᠠ ᠵᠢᠭ᠍ᠰᠠᠭᠠᠭᠰᠠᠨ ᠲᠣᠭᠲᠠᠭᠠᠯ᠎ᠤᠳ᠎ᠢ ᠵᠢᠷᠤᠮᠯᠠᠬᠤ ᠬᠡᠷᠡᠭᠲᠡᠢ᠄ 

(ᠨᠢᠭᠡ) ᠲᠦᠷᠢᠶᠡᠰᠦᠯᠡᠭᠦᠯᠦᠭᠴᠢ᠎ᠳᠦ ᠪᠡᠶ᠎ᠡ᠎ᠶᠢᠨ ᠬᠢᠷᠢ ᠬᠡᠮ᠎ᠦᠨ ᠭᠡᠷᠡᠴᠢᠯᠡᠬᠦ ᠮᠠᠲᠧᠷᠢᠶᠠᠯ᠎ᠢᠶᠠᠨ ᠭᠠᠷᠭᠠᠵᠤ ᠦᠵᠡᠭᠦᠯᠦᠨ᠎ᠡ;

(ᠬᠣᠶᠠᠷ) ᠲᠦᠷᠢᠶᠡᠰᠦᠨ ᠣᠷᠣᠨ ᠰᠠᠭᠤᠴᠠ᠎ᠶᠢ ᠠᠮᠤᠷ ᠲᠦᠪᠰᠢᠨ᠂ ᠵᠦᠢ ᠵᠣᠬᠢᠰᠲᠠᠢ᠎ᠪᠠᠷ ᠬᠡᠷᠡᠭᠯᠡᠵᠦ᠂ ᠭᠠᠯ ᠰᠡᠷᠭᠡᠢᠯᠡᠬᠦ ᠪᠠ ᠤᠨᠲᠠᠷᠠᠭᠠᠬᠤ ᠪᠡᠯᠡᠳᠬᠡᠮᠵᠢ᠎ᠶᠢ ᠡᠪᠳᠡᠬᠦ᠂ ᠳᠤᠷ᠎ᠠ᠎ᠪᠠᠷ᠎ᠢᠶᠠᠨ ᠰᠠᠯᠭᠠᠬᠤ᠂ ᠬᠡᠷᠡᠭᠯᠡᠬᠦ᠎ᠶᠢ ᠨᠢ ᠵᠣᠭᠰᠤᠭᠠᠬᠤ ᠪᠤᠶᠤ ᠲᠦᠷᠢᠶᠡᠰᠦᠨ ᠣᠷᠣᠨ ᠰᠠᠭᠤᠴᠠ᠎ᠶᠢᠨ ᠳᠠᠭᠠᠭᠠᠴᠠ᠎ᠶᠢᠨ ᠪᠦᠲᠦᠴᠡ᠎ᠶᠢ ᠥᠭᠡᠷᠡᠴᠢᠯᠡᠵᠦ ᠪᠣᠯᠬᠤ ᠦᠭᠡᠢ᠂ ᠤᠰᠤ᠂ ᠴᠠᠬᠢᠯᠭᠠᠨ᠂ ᠰᠢᠲᠠᠮᠠᠬᠠᠢ ᠬᠡᠢ᠎ᠶᠢᠨ ᠬᠣᠭᠣᠯᠠᠢ ᠭᠤᠤᠷᠰᠤ᠎ᠶᠢᠨ ᠱᠤᠭᠤᠮ᠎ᠢ ᠳᠤᠷ᠎ᠠ᠎ᠪᠠᠷ ᠲᠠᠲᠠᠵᠤ ᠳᠤᠷ᠎ᠠ᠎ᠪᠠᠷ ᠵᠠᠯᠭᠠᠵᠤ ᠪᠣᠯᠬᠤ ᠦᠭᠡᠢ;

(ᠭᠤᠷᠪᠠ) ᠲᠦᠷᠢᠶᠡᠰᠦᠯᠡᠭᠦᠯᠦᠭᠴᠢ᠎ᠶᠢᠨ ᠵᠥᠪᠰᠢᠶᠡᠷᠡᠯ ᠦᠭᠡᠢ᠎ᠪᠡᠷ ᠲᠦᠷᠢᠶᠡᠰᠦᠨ ᠣᠷᠣᠨ ᠰᠠᠭᠤᠴᠠ᠎ᠶᠢᠨ ᠬᠡᠷᠡᠭᠴᠡᠭᠡ᠎ᠶᠢ ᠳᠤᠷ᠎ᠠ᠎ᠪᠠᠷ ᠬᠤᠪᠢᠷᠠᠭᠤᠯᠵᠤ ᠪᠣᠯᠬᠤ ᠦᠭᠡᠢ᠂ ᠭᠡᠷ ᠳᠣᠲᠣᠷᠠᠬᠢ ᠪᠡᠯᠡᠳᠬᠡᠮᠵᠢ᠎ᠶᠢ ᠰᠠᠯᠭᠠᠵᠤ ᠥᠭᠡᠷᠡᠴᠢᠯᠡᠬᠦ ᠪᠤᠶᠤ ᠲᠦᠷᠢᠶᠡᠰᠦᠨ ᠣᠷᠣᠨ ᠰᠠᠭᠤᠴᠠ᠎ᠶᠢᠨ ᠪᠤᠰᠤᠳ ᠪᠦᠲᠦᠴᠡ᠎ᠶᠢ ᠬᠤᠪᠢᠷᠠᠭᠤᠯᠵᠤ ᠪᠣᠯᠬᠤ ᠦᠭᠡᠢ;

(ᠳᠥᠷᠪᠡ) ᠠᠳᠠᠯ ᠠᠬᠤᠢ᠎ᠶᠢᠨ ᠬᠠᠮᠢᠶᠠᠷᠤᠯᠲᠠ᠎ᠶᠢᠨ ᠳᠦᠷᠢᠮ ᠪᠤᠶᠤ ᠭᠡᠷ᠎ᠡ᠎ᠶᠢ ᠵᠢᠷᠤᠮᠯᠠᠵᠤ᠂ ᠬᠣᠭ ᠨᠣᠪᠰᠢ᠎ᠶᠢ ᠳᠤᠷ᠎ᠠ᠎ᠪᠠᠷ ᠬᠠᠶᠠᠬᠤ᠂ ᠪᠠᠷᠢᠮᠵᠢᠶ᠎ᠠ᠎ᠠᠴᠠ ᠬᠡᠲᠦᠷᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠤᠶᠤ ᠱᠤᠤᠭᠢᠶᠠᠨ ᠡᠭᠦᠰᠬᠡᠬᠦ᠂ ᠲᠣᠭᠲᠠᠭᠠᠯ᠎ᠠᠴᠠ ᠵᠥᠷᠢᠴᠡᠨ ᠠᠮᠢᠲᠠᠨ ᠲᠡᠵᠢᠭᠡᠬᠦ᠂ ᠳᠦᠷᠢᠮ᠎ᠡᠴᠡ ᠵᠥᠷᠢᠴᠡᠨ ᠪᠤᠰᠤᠳ ᠵᠦᠢᠯᠡᠰ᠎ᠢ ᠪᠠᠢᠭᠤᠯᠬᠤ᠂ ᠣᠯᠠᠨ ᠨᠡᠶ᠋ᠢᠲᠡ᠎ᠶᠢᠨ ᠨᠡᠪᠲᠡᠷᠡᠬᠦ ᠵᠠᠮ᠎ᠢ ᠡᠵᠡᠯᠡᠬᠦ᠂ ᠥᠨᠳᠥᠷ ᠳᠡᠭᠡᠷ᠎ᠡ᠎ᠡᠴᠡ ᠶᠠᠭᠤᠮ᠎ᠠ ᠰᠢᠳᠡᠬᠦ ᠪᠤᠶᠤ ᠪᠤᠰᠤᠳ ᠬᠥᠮᠥᠨ᠎ᠦ ᠬᠠᠤᠯᠢ ᠶᠣᠰᠣᠨ᠎ᠤ ᠡᠷᠬᠡ ᠠᠰᠢᠭ᠋᠎ᠢ ᠬᠣᠬᠢᠷᠠᠭᠤᠯᠬᠤ ᠪᠤᠰᠤᠳ ᠦᠶ᠋ᠯᠡ ᠠᠵᠢᠯᠯᠠᠭ᠎ᠠ᠎ᠨᠤᠭᠤᠳ᠎ᠢ ᠬᠢᠵᠦ ᠪᠣᠯᠬᠤ ᠦᠭᠡᠢ;

(ᠲᠠᠪᠤ) ᠲᠦᠷᠢᠶᠡᠰᠦᠯᠡᠭᠦᠯᠦᠭᠴᠢ ᠲᠦᠷᠢᠶᠡᠰᠦᠨ ᠣᠷᠣᠨ ᠰᠠᠭᠤᠴᠠ᠎ᠳᠤ᠎ᠪᠠᠨ ᠬᠠᠤᠯᠢ ᠶᠣᠰᠣᠭᠠᠷ ᠦᠨᠡᠨ ᠬᠦ᠌ ᠣᠷᠣᠬᠤ ᠬᠡᠷᠡᠭᠴᠡᠭᠡ ᠲᠡᠢ ᠪᠣᠯ ᠬᠠᠮᠵᠢᠯᠴᠠᠬᠤ ᠬᠡᠷᠡᠭᠲᠡᠢ᠃

ᠲᠦᠷᠢᠶᠡᠰᠦᠯᠡᠭᠦᠯᠦᠭᠴᠢ ᠪᠡᠷᠢᠴᠠᠭᠠᠨ᠎ᠤ ᠮᠥᠩᠭᠥ ᠬᠣᠷᠢᠶᠠᠨ ᠠᠪᠬᠤ᠎ᠳᠤ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠳᠦ᠎ᠪᠡᠨ ᠪᠡᠷᠢᠴᠠᠭᠠᠨ᠎ᠤ ᠮᠥᠩᠭᠥ᠎ᠶᠢᠨ ᠲᠣᠭ᠎ᠠ᠂ ᠪᠤᠴᠠᠭᠠᠬᠤ ᠴᠠᠭ ᠵᠢᠴᠢ ᠪᠡᠷᠢᠴᠠᠭᠠᠨ᠎ᠤ ᠮᠥᠩᠭᠥ᠎ᠶᠢ ᠬᠠᠰᠤᠨ ᠠᠪᠬᠤ ᠪᠠᠢᠳᠠᠯ ᠵᠡᠷᠭᠡ ᠵᠦᠢᠯᠡᠰ᠎ᠢ ᠪᠣᠯᠵᠣᠨ ᠲᠣᠭᠲᠠᠭᠠᠬᠤ ᠬᠡᠷᠡᠭᠲᠡᠢ᠃ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠳᠦ ᠪᠣᠯᠵᠣᠨ ᠲᠣᠭᠲᠠᠭᠰᠠᠨ ᠪᠠᠢᠳᠠᠯ᠎ᠠᠴᠠ ᠭᠠᠳᠠᠨ᠎ᠠ᠂ ᠲᠦᠷᠢᠶᠡᠰᠦᠯᠡᠭᠦᠯᠦᠭᠴᠢ ᠵᠦᠢ ᠶᠣᠰᠣᠨ᠎ᠤ ᠤᠴᠢᠷ ᠰᠢᠯᠲᠠᠭᠠᠨ ᠦᠭᠡᠢ᠎ᠪᠡᠷ ᠪᠡᠷᠢᠴᠠᠭᠠᠨ᠎ᠤ ᠮᠥᠩᠭᠥ᠎ᠶᠢ ᠬᠠᠰᠤᠨ ᠠᠪᠴᠤ ᠪᠣᠯᠬᠤ ᠦᠭᠡᠢ᠃

ᠲᠦᠷᠢᠶᠡᠰᠦᠯᠡᠭᠦᠯᠦᠭᠴᠢ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠬᠠᠤᠯᠢ ᠶᠣᠰᠣᠭᠠᠷ ᠴᠤᠴᠠᠯᠤᠭᠰᠠᠨ ᠪᠠᠢᠪᠠᠯ᠂ ᠲᠦᠷᠢᠶᠡᠰᠦᠯᠡᠭᠴᠢ᠎ᠳᠦ ᠮᠡᠳᠡᠭᠳᠡᠬᠦ᠎ᠶᠢᠨ ᠬᠠᠮᠲᠤ᠂ ᠲᠦᠷᠢᠶᠡᠰᠦᠯᠡᠭᠴᠢ᠎ᠶᠢᠨ ᠲᠦᠷᠢᠶᠡᠰᠦᠨ ᠣᠷᠣᠨ ᠰᠠᠭᠤᠴᠠ᠎ᠶᠢ ᠰᠤᠯᠠᠯᠠᠨ ᠪᠤᠴᠠᠭᠠᠬᠤ᠎ᠳᠤ ᠨᠢ ᠵᠦᠢ ᠵᠣᠬᠢᠰᠲᠠᠢ ᠴᠠᠭ ᠭᠠᠷᠭᠠᠵᠤ ᠥᠭᠬᠦ ᠬᠡᠷᠡᠭᠲᠡᠢ᠃ 

ᠲᠦᠷᠢᠶᠡᠰᠦᠯᠡᠭᠦᠯᠦᠭᠴᠢ ᠬᠦᠴᠦᠷᠬᠡᠭᠯᠡᠯ᠂ ᠰᠦᠷᠳᠡᠭᠦᠯᠦᠯ ᠪᠤᠶᠤ ᠪᠤᠰᠤᠳ ᠬᠠᠤᠯᠢ ᠪᠤᠰᠤ ᠠᠷᠭ᠎ᠠ ᠮᠠᠶᠢᠭ᠋᠎ᠢᠶᠠᠷ ᠲᠦᠷᠢᠶᠡᠰᠦᠯᠡᠭᠴᠢ᠎ᠶᠢ ᠠᠯᠪᠠᠳᠠᠵᠤ ᠪᠠᠢᠭᠠᠳ ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠴᠤᠴᠠᠯᠬᠤ ᠪᠤᠶᠤ ᠲᠦᠷᠢᠶᠡᠰᠦᠨ ᠣᠷᠣᠨ ᠰᠠᠭᠤᠴᠠ᠎ᠶᠢ ᠰᠤᠯᠠᠯᠠᠨ ᠪᠤᠴᠠᠭᠠᠵᠤ ᠪᠣᠯᠬᠤ ᠦᠭᠡᠢ᠃

ᠣᠷᠣᠨ ᠰᠠᠭᠤᠴᠠ᠎ᠶᠢᠨ ᠲᠦᠷᠢᠶᠡᠰᠦᠯᠡᠯ᠎ᠦᠨ ᠭᠡᠷ᠎ᠡ᠎ᠶᠢ ᠦᠷᠭᠦᠯᠵᠢᠯᠡᠨ ᠭᠦᠢᠴᠡᠳᠬᠡᠭᠡᠳ ᠲᠣᠭᠲᠠᠭᠰᠠᠨ ᠬᠤᠭᠤᠴᠠᠭᠠᠨ᠎ᠳᠤ ᠬᠦᠷᠦᠭᠰᠡᠨ ᠪᠠᠢᠪᠠᠯ᠂ ᠲᠦᠷᠢᠶᠡᠰᠦᠯᠡᠭᠦᠯᠦᠭᠴᠢ ᠨᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠭᠰᠠᠨ ᠲᠦᠷᠦ᠎ᠶᠢᠨ ᠪᠣᠳᠣᠯᠭ᠎ᠠ᠎ᠶᠢᠨ ᠳᠡᠮᠵᠢᠯᠭᠡ᠎ᠶᠢ ᠬᠦᠷᠲᠡᠵᠦ᠂ ᠲᠦᠷᠢᠶᠡᠰᠦᠯᠡᠭᠴᠢ ᠨᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠴᠠᠭᠰᠠᠨ ᠤᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠬᠦᠷᠳᠡᠨ᠎ᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ