ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠢᠶᠡᠨ ᠳᠠᠩᠰᠠᠯᠠᠭᠤᠯᠬᠤ᠂ ᠦᠢᠯᠡᠰ ᠪᠣᠰᠭᠠᠬᠤ ᠨᠡᠮᠡᠭᠦᠷᠢ᠎ᠶ᠋ᠢ ᠭᠤᠶᠤᠴᠢᠯᠠᠨ ᠠᠪᠬᠤ ᠁ ᠡᠲᠡᠭᠡᠷ ᠶᠠᠪᠤᠳᠠᠯ᠎ᠤᠳ᠎ᠢ 《ᠨᠢᠭᠡ ᠯᠡ ᠤᠳᠠᠭ᠎ᠠ᠎ᠳᠤ ᠭᠦᠢᠴᠡᠳᠬᠡᠨ᠎ᠡ》 !
ᠨᠡᠶ᠋ᠢᠲᠡᠯᠡᠭᠰᠡᠨ ᠴᠠᠭ᠄ 2025-07-23

ᠣᠢᠷ᠎ᠠ᠎ᠳᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠶᠡᠷᠦᠩᠬᠡᠢ ᠲᠣᠪᠴᠢᠶ᠎ᠠ ᠬᠣᠯᠪᠣᠭᠠᠯᠠᠭᠠᠳ 《ᠬᠤᠪᠢ ᠬᠥᠮᠥᠨ᠎ᠦ ᠦᠢᠯᠡᠰ ᠪᠣᠰᠭᠠᠬᠤ᠎ᠶᠢ ᠠᠬᠢᠭᠤᠯᠵᠤ 〈ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌〉 ᠲᠤᠬᠠᠢ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠶᠠᠪᠤᠭᠤᠯᠪᠠ᠃

《ᠰᠠᠨᠠᠯ》᠎ᠳᠦ ᠳᠤᠷᠠᠳᠤᠭᠰᠠᠨ᠎ᠢᠶᠠᠷ᠂ ᠬᠤᠪᠢ ᠬᠥᠮᠥᠨ᠎ᠦ ᠦᠢᠯᠡᠰ ᠪᠣᠰᠭᠠᠬᠤ᠎ᠶ᠋ᠢ ᠠᠬᠢᠭᠤᠯᠵᠤ 《ᠥᠨᠳᠥᠷ ᠪᠦᠲᠦᠮᠵᠢᠲᠡᠶ᠎ᠪᠡᠷ ᠨᠢᠭᠡ ᠠᠵᠢᠯ ᠶᠠᠪᠤᠳᠠᠯ᠎ᠢ ᠭᠦᠢᠴᠡᠳᠭᠡᠬᠦ᠌》᠎ᠳᠤ 5 ᠵᠦᠢᠯ᠎ᠦᠨ ᠡᠭᠦᠷᠭᠡ᠎ᠶᠢ ᠰᠠᠢᠲᠤᠷ ᠪᠡᠶᠡᠯᠡᠭᠦᠯᠬᠦ ᠬᠡᠷᠡᠭᠲᠡᠢ᠄

ᠨᠢᠭᠡ᠎ᠳᠦ 《ᠨᠢᠭᠡ ᠯᠡ ᠤᠳᠠᠭ᠎ᠠ᠎ᠳᠤ ᠭᠦᠢᠴᠡᠳᠬᠡᠬᠦ》 ᠦᠢᠯᠡᠴᠢᠯᠡᠭᠡᠨ᠎ᠦ ᠴᠤᠪᠤᠷᠠᠯ᠎ᠢ ᠵᠢᠷᠤᠮᠵᠢᠭᠤᠯᠪᠠ᠃ ᠦᠢᠯᠡᠰ ᠪᠣᠰᠭᠠᠭ᠍ᠴᠢᠳ᠎ᠤᠨ ᠬᠠᠷᠠᠭᠠᠰᠤ᠎ᠠᠴᠠ ᠡᠭᠦᠰᠴᠦ᠂ ᠬᠤᠪᠢ ᠬᠥᠮᠥᠨ᠎ᠦ ᠦᠢᠯᠡᠰ ᠪᠣᠰᠭᠠᠬᠤ᠎ᠳᠤ ᠬᠣᠯᠪᠣᠭᠳᠠᠬᠤ ᠰᠠᠯᠠᠭ᠎ᠠ ᠮᠥᠴᠢᠷ ᠠᠯᠤᠰᠯᠠᠭᠰᠠᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠵᠦᠢᠯᠡᠰ᠎ᠢ ᠵᠡᠷᠭᠡ᠎ᠳᠤ ᠨᠢ ᠭᠦᠢᠴᠡᠳᠬᠡᠵᠦ᠂ 《ᠨᠢᠭᠡ ᠯᠡ ᠤᠳᠠᠭ᠎ᠠ᠎ᠳᠤ ᠭᠦᠢᠴᠡᠳᠬᠡᠬᠦ》᠎ᠶᠢ ᠪᠡᠶᠡᠯᠡᠭᠦᠯᠦᠨ᠎ᠡ᠃ ᠡᠭᠦᠨ᠎ᠦ ᠬᠠᠮᠲᠤ᠂ ᠴᠤᠪᠤᠷᠠᠯ᠎ᠤᠨ ᠯᠠᠪᠯᠠᠯᠲᠠ᠎ᠶᠢᠨ ᠵᠢᠷᠤᠭ᠎ᠢ ᠨᠠᠢᠷᠠᠭᠤᠯᠤᠨ ᠵᠣᠬᠢᠶᠠᠵᠤ᠂ ᠡᠯ᠎ᠡ ᠭᠠᠵᠠᠷ᠎ᠲᠤ ᠯᠠᠪᠯᠠᠯᠲᠠ ᠪᠣᠯᠭᠠᠬᠤ᠎ᠶᠢ ᠵᠣᠷᠢᠪᠠ᠃

ᠬᠣᠶᠠᠷ᠎ᠲᠤ 《ᠨᠢᠭᠡ ᠯᠡ ᠰᠦᠯᠵᠢᠶ᠎ᠡ᠎ᠪᠡᠷ ᠭᠦᠢᠴᠡᠳᠬᠡᠬᠦ》 ᠮᠡᠳᠡᠭᠡ ᠵᠠᠩᠭᠢ᠎ᠶᠢᠨ ᠰᠢᠰᠲᠧᠮ᠎ᠢ ᠰᠠᠭᠠᠳ ᠦᠭᠡᠢ ᠨᠡᠪᠲᠡᠷᠡᠭᠦᠯᠦᠨ᠎ᠡ᠃ ᠬᠤᠪᠢ ᠬᠥᠮᠥᠨ᠎ᠦ ᠦᠢᠯᠡᠰ ᠪᠣᠰᠭᠠᠬᠤ 《ᠨᠢᠭᠡ ᠠᠵᠢᠯ ᠶᠠᠪᠤᠳᠠᠯ》᠎ᠳᠤ ᠬᠣᠯᠪᠣᠭᠳᠠᠬᠤ ᠵᠦᠢᠯᠡᠰ᠎ᠢ ᠭᠠᠷᠲᠠᠨ ᠭᠦᠢᠴᠡᠳᠬᠡᠬᠦ ᠰᠢᠰᠲᠧᠮ ᠪᠠ ᠬᠠᠮᠲᠤ᠎ᠪᠠᠷ ᠡᠳ᠋ᠯᠡᠬᠦ ᠳ᠋ᠠᠢᠲ᠋ᠠ᠎ᠶᠢᠨ ᠬᠡᠷᠡᠭᠴᠡᠭᠡ᠎ᠶᠢ ᠡᠮᠬᠢᠯᠡᠨ ᠳᠢᠭᠯᠡᠵᠦ᠂ ᠪᠠᠢᠳᠠᠯ᠎ᠢ ᠨᠢ ᠣᠢᠯᠠᠭᠠᠵᠤ᠂ ᠡᠯ᠎ᠡ ᠭᠠᠵᠠᠷ᠎ᠤᠨ ᠲᠤᠬᠠᠢᠯᠠᠭᠰᠠᠨ ᠠᠵᠢᠯ᠎ᠢ ᠭᠠᠷᠲᠠᠨ ᠭᠦᠢᠴᠡᠳᠬᠡᠬᠦ ᠦᠢᠯᠡᠴᠢᠯᠡᠭᠡᠨ᠎ᠦ ᠲᠠᠪᠴᠠᠩ᠎ᠳᠤ ᠰᠠᠭᠤᠷᠢᠯᠠᠨ᠂ ᠣᠶᠤᠨᠴᠢ᠎ᠪᠠᠷ ᠭᠦᠢᠴᠡᠳᠬᠡᠬᠦ ᠦᠢᠯᠡᠴᠢᠯᠡᠭᠡ ᠬᠠᠩᠭᠠᠵᠤ᠂ ᠡᠯ᠎ᠡ ᠦᠢᠯᠡᠴᠢᠯᠡᠭᠡᠨ᠎ᠦ ᠵᠦᠢᠯᠡᠰ᠎ᠦᠨ 《ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠂ ᠴᠠᠭ ᠲᠤᠬᠠᠢ᠎ᠳᠤ ᠨᠢ ᠡᠷᠭᠢᠯᠳᠦᠭᠦᠯᠬᠦ᠂ ᠬᠤᠭᠤᠴᠠᠭ᠎ᠠ ᠶᠣᠰᠣᠭᠠᠷ ᠬᠠᠷᠢᠭᠤ ᠲᠤᠰᠬᠠᠬᠤ》᠎ᠶᠢ ᠪᠡᠶᠡᠯᠡᠭᠦᠯᠦᠨ᠎ᠡ᠃

ᠭᠤᠷᠪᠠ᠎ᠳᠤ 《ᠨᠢᠭᠡ ᠯᠡ ᠦᠷᠲᠡᠭᠡ᠎ᠪᠡᠷ ᠭᠦᠢᠴᠡᠳᠬᠡᠬᠦ》᠎ᠶ᠋ᠢᠨ ᠬᠠᠮᠲᠤᠷᠠᠨ ᠬᠥᠳᠡᠯᠦᠯᠴᠡᠬᠦ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠣᠲᠣ᠌᠎ᠶᠢᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠥᠪ᠎ᠦᠨ ᠰᠠᠭᠤᠷᠢᠨ ᠳᠡᠭᠡᠷ᠎ᠡ᠂ ᠬᠤᠪᠢ ᠬᠥᠮᠥᠨ᠎ᠦ ᠦᠢᠯᠡᠰ ᠪᠤᠰᠭᠠᠬᠤ 《ᠨᠢᠭᠡ ᠠᠵᠢᠯ ᠶᠠᠪᠤᠳᠠᠯ》᠎ᠳᠤ ᠬᠤᠯᠪᠤᠭ᠍ᠳᠠᠭ᠍ᠰᠠᠨ ᠵᠦᠢᠯᠡᠰ᠎ᠢ ᠨᠢ ᠲᠥᠪᠯᠡᠷᠡᠭᠦᠯᠦᠨ ᠭᠦᠢᠴᠡᠳᠬᠡᠬᠦ᠎ᠶᠢ ᠠᠬᠢᠭᠤᠯᠵᠤ᠂ ᠡᠯ᠎ᠡ ᠰᠠᠯᠠᠭ᠎ᠠ ᠮᠥᠴᠢᠷ᠎ᠦᠨ ᠦᠢᠯᠡᠴᠢᠯᠡᠭᠡᠨ᠎ᠦ ᠴᠣᠩᠬᠣᠪᠴᠢ ᠯᠤᠭ᠎ᠠ ᠬᠣᠯᠪᠤᠭᠠᠯᠠᠨ ᠬᠦᠲᠡᠯᠦᠯᠴᠡᠵᠤ᠂ ᠨᠢᠭᠡᠳᠦᠯᠲᠡᠢ ᠭᠥᠯᠢᠶᠡᠨ ᠠᠪᠴᠤ᠂ ᠨᠢᠭᠡ ᠯᠡ ᠥᠷᠲᠡᠭᠡ᠎ᠪᠡᠷ ᠬᠣᠯᠪᠣᠭᠠᠯᠠᠨ ᠭᠦᠢᠴᠡᠳᠬᠡᠬᠦ᠎ᠶᠢ ᠪᠡᠶᠡᠯᠡᠭᠦᠯᠦᠨ᠎ᠡ᠃

ᠳᠥᠷᠪᠡ᠎ᠳᠦ᠂ 《ᠨᠢᠭᠡ ᠯᠡ ᠬᠦᠰᠦᠨᠦᠭ》 ᠭᠤᠶᠤᠴᠢᠯᠠᠬᠤ ᠮᠠᠲ᠋ᠧᠷᠢᠶᠠᠯ ᠪᠤᠯᠭᠠᠬᠤ᠎ᠪᠠᠷ ᠰᠢᠯᠢᠳᠡᠭᠵᠢᠭᠦᠯᠦᠨ᠎ᠡ᠃ ᠬᠤᠪᠢ ᠬᠥᠮᠥᠨ᠎ᠦ ᠦᠢᠯᠡᠰ ᠪᠣᠰᠭᠠᠬᠤ 《ᠨᠢᠭᠡ ᠠᠵᠢᠯ ᠶᠠᠪᠤᠳᠠᠯ》᠎ᠤᠨ ᠦᠢᠯᠡᠴᠢᠯᠡᠭᠡᠨ᠎ᠦ ᠵᠦᠢᠯᠡᠰ᠎ᠲᠦ ᠬᠤᠯᠪᠤᠭ᠍ᠳᠠᠭ᠍ᠰᠠᠨ ᠡᠯ᠎ᠡ ᠵᠦᠢᠯ᠎ᠦᠨ ᠬᠦᠰᠦᠨᠦᠭ ᠮᠠᠲᠧᠷᠢᠶᠠᠯ᠎ᠢ ᠨᠢ ᠳᠥᠭᠥᠮᠴᠢᠯᠡᠵᠦ᠂ ᠭᠤᠶᠤᠴᠢᠯᠠᠬᠤ ᠮᠠᠲᠧᠷᠢᠶᠠᠯ᠎ᠢᠶᠠᠨ 《ᠨᠢᠭᠡ ᠯᠡ ᠬᠦᠰᠦᠨᠦᠭ》᠎ᠦᠨ ᠠᠭᠤᠯᠭ᠎ᠠ᠎ᠶᠢᠨ ᠮᠡᠳᠡᠭᠡ ᠵᠠᠩᠭᠢ ᠲᠠᠢ ᠪᠤᠯᠭᠠᠬᠤ᠎ᠪᠠᠷ ᠰᠢᠯᠢᠳᠡᠭᠵᠢᠭᠦᠯᠦᠨ ᠨᠡᠢᠳᠬᠡᠵᠦ᠂ ᠰᠠᠯᠠᠭ᠎ᠠ ᠮᠥᠴᠢᠷ᠎ᠦᠳ᠎ᠦᠨ ᠬᠣᠭᠣᠷᠣᠨᠳᠣ ᠮᠡᠳᠡᠭᠡ ᠵᠠᠩᠭᠢ᠎ᠪᠠᠨ ᠬᠠᠮᠲᠤ᠎ᠪᠠᠷ ᠡᠳ᠋ᠯᠡᠵᠦ ᠬᠠᠷᠢᠯᠴᠠᠨ ᠮᠡᠳᠡᠷᠡᠬᠦ᠎ᠶᠢ ᠨᠢ ᠠᠬᠢᠭᠤᠯᠤᠨ᠂ 《ᠨᠢᠭᠡ ᠯᠡ ᠤᠳᠠᠭ᠎ᠠ᠎ᠳᠤ ᠴᠤᠭᠯᠠᠭᠤᠯᠵᠤ᠂ ᠣᠯᠠᠨ ᠲᠠᠯ᠎ᠠ᠎ᠳᠤ ᠨᠡᠢᠳᠡᠮ ᠬᠡᠷᠡᠭᠯᠡᠬᠦ》᠎ᠶᠢ ᠪᠡᠶᠡᠯᠡᠭᠦᠯᠦᠨ᠎ᠡ᠃

ᠲᠠᠪᠤ᠎ᠳᠤ᠂ 《ᠨᠢᠭᠡ ᠯᠡ ᠬᠠᠭᠤᠳᠠᠰᠤ᠎ᠪᠠᠷ ᠲᠣᠳᠣᠷᠬᠠᠢᠯᠠᠬᠤ》 ᠦᠢᠯᠡᠴᠢᠯᠡᠭᠡᠨ᠎ᠦ ᠵᠦᠭᠯᠡᠭᠦᠷ᠎ᠢ ᠨᠠᠢᠷᠠᠭᠤᠯᠤᠨ ᠵᠣᠬᠢᠶᠠᠨ᠎ᠠ᠃ ᠬᠤᠪᠢ ᠬᠥᠮᠥᠨ᠎ᠦ ᠦᠢᠯᠡᠰ ᠪᠤᠰᠭᠠᠬᠤ 《ᠨᠢᠭᠡ ᠠᠵᠢᠯ ᠶᠠᠪᠤᠳᠠᠯ》᠎ᠤᠨ ᠦᠢᠯᠡᠴᠢᠯᠡᠭᠡᠨ᠎ᠦ ᠵᠦᠢᠯᠡᠰ᠎ᠢ ᠲᠣᠭᠲᠠᠭᠠᠬᠤ ᠦᠨᠳᠦᠰᠦᠯᠡᠯ᠂ ᠬᠠᠷᠢᠭᠤᠴᠠᠯᠭᠠᠲᠤ ᠨᠢᠭᠡᠴᠢ᠂ ᠦᠢᠯᠡᠴᠢᠯᠡᠭᠡᠨ᠎ᠦ ᠠᠭᠤᠯᠭ᠎ᠠ᠂ ᠦᠢᠯᠡᠴᠢᠯᠡᠭᠡᠨ᠎ᠦ ᠴᠤᠪᠤᠷᠠᠯ᠎ᠢ ᠨᠢ ᠵᠦᠢᠯ ᠳᠠᠷᠠᠭᠠᠯᠠᠨ ᠲᠣᠳᠣᠷᠬᠠᠢᠯᠠᠵᠤ᠂ ᠬᠤᠪᠢ ᠬᠥᠮᠥᠨ᠎ᠦ ᠦᠢᠯᠡᠰ ᠪᠣᠰᠭᠠᠬᠤ 《ᠨᠢᠭᠡ ᠠᠵᠢᠯ ᠶᠠᠪᠤᠳᠠᠯ》᠎ᠤᠨ ᠭᠠᠷᠴᠠᠭ᠎ᠤᠨ ᠨᠠᠷᠢᠨ ᠳᠠᠩᠰᠠ᠎ᠶᠢ ᠪᠣᠶ ᠪᠣᠯᠭᠠᠨ᠎ᠠ᠃ ᠦᠢᠯᠡᠴᠢᠯᠡᠭᠡᠨ᠎ᠦ ᠵᠦᠭᠯᠡᠭᠦᠷ᠎ᠢ ᠨᠠᠢᠷᠠᠭᠤᠯᠤᠨ ᠵᠣᠬᠢᠶᠠᠵᠤ᠂ ᠦᠢᠯᠡᠰ ᠪᠣᠰᠬᠠᠭ᠍ᠴᠢᠳ᠎ᠲᠤ ᠠᠵᠢᠯ ᠶᠠᠪᠤᠳᠠᠯ᠎ᠤᠨ ᠵᠢᠯᠣᠭᠣᠳᠤᠮᠵᠢ ᠬᠠᠩᠭᠠᠨ᠎ᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ