ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠡᠷᠭᠡ ᠶᠢᠰᠦᠨ ᠰᠠᠯᠠᠭ᠎ᠠ ᠮᠥᠴᠢᠷ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ ᠵᠢ ᠥᠨᠳᠥᠷ ᠪᠦᠲᠦᠮᠵᠢᠲᠡᠢ᠎ᠪᠠᠷ ᠭᠦᠢ᠍ᠴᠡᠳᠬᠡᠬᠦ ᠵᠢ ᠠᠬᠢᠭᠤᠯᠬᠤ 〈ᠨᠢᠭᠡ ᠠᠵᠢᠯ ᠶᠠᠪᠤᠳᠠᠯ〉᠎ᠢ ᠪᠤᠵᠠᠭ᠋ᠠᠢ᠌ᠷᠠᠭᠤᠯᠤᠨ ᠪᠣᠢ᠌ᠵᠢᠭᠤᠯᠵᠤ ᠬᠠᠪᠰᠤᠷᠤᠨ ᠲᠡᠳᠬᠦᠬᠦ ᠡᠷᠴᠢᠮ᠎ᠢ ᠴᠢᠩᠭ᠋ᠠᠷᠠᠭᠤᠯᠬᠤ ᠲᠤᠬᠠᠢ ᠵᠢᠯᠤᠭᠣᠳᠬᠤ ᠰᠠᠨᠠᠯ》᠎ᠢ ᠨᠡᠢ᠌ᠲᠡᠯᠡᠵᠦ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ》 ᠵᠢ ᠭᠦᠢ᠍ᠴᠡᠳᠬᠡᠬᠦ ᠴᠤᠪᠤᠷᠠᠯ᠎ᠢ ᠰᠢᠯᠢᠳᠡᠭᠵᠢᠭᠦᠯᠵᠦ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠭᠡ ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ᠂ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠬᠦ ᠵᠢ ᠲᠡᠮᠵᠢᠪᠡ᠃
《ᠵᠢᠯᠤᠭᠣᠳᠬᠤ ᠰᠠᠨᠠᠯ》᠎ᠳᠤ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ》᠎ᠳᠤ ᠥᠪᠡᠷ᠎ᠤᠨ ᠥᠷᠲᠡᠭ᠎ᠢ ᠪᠠᠭᠤᠷᠠᠭᠤᠯᠵᠤ᠂ ᠠᠵᠤ ᠠᠬᠤᠢ᠌ᠯᠠᠯ᠎ᠳᠤ ᠬᠣᠯᠪᠣᠭᠳᠠᠬᠤ ᠵᠦᠢ᠍ᠯᠡᠰ᠎ᠢ ᠦᠷᠭᠦᠯᠵᠢᠯᠡᠨ ᠭᠦᠢ᠍ᠴᠡᠳᠬᠡᠬᠦ ᠵᠢ ᠪᠡᠶᠡᠯᠡᠭᠦᠯᠵᠦ᠂ ᠭᠠᠢ᠌ᠯᠢ᠎ᠳᠤ ᠬᠣᠯᠪᠣᠭᠳᠠᠬᠤ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠦᠷᠭᠦᠯᠵᠢᠯᠡᠭᠦᠯᠵᠦ᠂ ᠰᠠᠯᠠᠭ᠎ᠠ ᠮᠥᠴᠢᠷ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ ᠭᠡᠵᠦ ᠲᠣᠳᠣᠷᠬᠠᠢ ᠲᠣᠭᠲᠠᠭ᠋ᠠᠵᠠᠢ᠃ 《ᠵᠢᠯᠤᠭᠣᠳᠬᠤ ᠰᠠᠨᠠᠯ》᠎ᠳᠤ᠂ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠬᠡᠯᠪᠡᠷᠢ᠎ᠪᠠᠨ ᠰᠢᠭᠤᠳ ᠬᠤᠪᠢᠷᠠᠭᠤᠯᠬᠤ᠎ᠪᠠᠷ ᠳᠠᠮᠵᠢᠭᠤᠯᠤᠨ ᠠᠵᠤ ᠠᠬᠤᠢ᠌ᠯᠠᠯ ᠪᠣᠯᠭ᠋ᠠᠬᠤ᠎ᠳᠤ ᠭᠦᠷᠪᠡᠯ᠂ ᠬᠤᠪᠢᠷᠠᠭᠤᠯᠬᠤ ᠳᠠᠩᠰᠠᠯᠠᠯᠲᠠ ᠬᠢᠯᠭᠡᠬᠦ᠎ᠪᠠᠷ ᠭᠤᠶᠤᠴᠢᠯᠠᠬᠤ᠎ᠳᠤ᠎ᠪᠠᠨ ᠭᠠᠢ᠌ᠯᠢ ᠵᠢᠨ ᠶᠠᠪᠤᠳᠠᠯ᠂ ᠠᠯᠪᠠᠨ ᠲᠠᠮᠠᠭ᠎ᠠ ᠰᠡᠢ᠌ᠯᠬᠦ᠂ ᠨᠡᠢ᠌ᠭᠡᠮ᠎ᠤᠨ ᠳᠠᠭ᠋ᠠᠳᠬᠠᠯ᠎ᠤᠨ ᠳᠠᠩᠰᠠᠯᠠᠯᠲᠠ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥᠨ᠎ᠤ ᠲᠤᠰᠢᠶᠠᠨ ᠬᠠᠳᠠᠭ᠋ᠠᠯᠠᠭᠤᠯᠬᠤ ᠳᠠᠩᠰᠠᠯᠠᠯᠲᠠ᠂ ᠦᠨᠳᠦᠰᠦᠨ ᠲᠠᠩᠰᠠᠨ ᠡᠷᠦᠬᠡ ᠪᠠᠢ᠌ᠭᠤᠯᠵᠤ ᠬᠤᠪᠢᠷᠠᠭᠤᠯᠬᠤ ᠵᠡᠷᠭᠡ ᠵᠦᠢ᠍ᠯᠡᠰ᠎ᠢ ᠵᠡᠷᠭᠡ᠎ᠳᠤ᠎ᠨᠢ ᠭᠦᠢ᠍ᠴᠡᠳᠬᠡᠵᠦ᠂ ᠤᠷᠢᠳᠴᠢᠯᠠᠨ ᠪᠠᠢ᠌ᠴᠠᠭ᠋ᠠᠬᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠥᠮ ᠦᠵᠡᠭᠦᠯᠦᠨ᠎ᠡ ᠭᠡᠵᠦ ᠲᠣᠳᠣᠷᠬᠠᠢ ᠲᠣᠭᠲᠠᠭ᠋ᠠᠪᠠ᠃
《ᠵᠢᠯᠤᠭᠣᠳᠬᠤ ᠰᠠᠨᠠᠯ》᠎ᠢ ᠦᠨᠳᠦᠰᠦᠯᠡᠪᠡᠯ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠢ᠌ᠯᠠᠯ ᠪᠣᠯᠭ᠋ᠠᠨ ᠬᠤᠪᠢᠷᠠᠭᠤᠯᠬᠤ》 ᠵᠢ ᠳᠠᠩᠰᠠᠯᠠᠭᠤᠯᠤᠭᠰᠠᠨ᠎ᠤ ᠳᠠᠷᠠᠭ᠎ᠠ᠂ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠰᠠᠯᠠᠭ᠎ᠠ ᠮᠥᠴᠢᠷ ᠭᠠᠷ ᠭᠦᠢ᠍ᠴᠡᠳᠬᠡᠯ᠎ᠢ ᠳᠥᠭᠥᠮᠴᠢᠯᠡᠵᠦ᠂ ᠤᠤᠯ᠎ᠤᠨ ᠬᠦᠴᠦᠨ ᠪᠦᠬᠦᠢ ᠵᠥᠪᠰᠢᠶᠡᠷᠡᠯ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠦᠷᠭᠦᠯᠵᠢᠯᠡᠭᠦᠯᠦᠨ᠎ᠡ᠃ ᠨᠥᠬᠥᠴᠡᠯ᠎ᠳᠤ ᠨᠡᠢ᠌ᠴᠡᠬᠦ ᠠᠵᠤ ᠦᠢ᠍ᠯᠡᠳᠪᠦᠷᠢ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠂ ᠢᠳᠡᠭᠡᠨ᠎ᠤ ᠦᠢ᠍ᠯᠡᠳᠪᠦᠷᠢᠯᠡᠯ ᠡᠵᠡᠩᠨᠡᠯᠲᠡ᠂ ᠨᠠᠪᠴᠢᠨ ᠲᠠᠮᠠᠬᠢ ᠵᠢ ᠲᠤᠰᠬᠠᠢ ᠬᠤᠳᠠᠯᠳᠤᠬᠤ᠂ ᠵᠠᠰᠠᠮᠠᠯ ᠵᠠᠮ᠎ᠤᠨ ᠡᠩ᠎ᠤᠨ ᠪᠠᠷᠠᠭ᠋ᠠᠨ᠎ᠤ ᠲᠡᠭᠡᠭᠡᠪᠦᠷᠢ ᠵᠡᠷᠭᠡ ᠵᠢᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠦᠷᠭᠦᠯᠵᠢᠯᠡᠭᠦᠯᠵᠦ᠂ ᠬᠡᠯᠪᠡᠷᠢ᠎ᠪᠠᠨ ᠬᠤᠪᠢᠷᠠᠭᠤᠯᠤᠭᠰᠠᠨ᠎ᠤ ᠳᠠᠷᠠᠭ᠋ᠠᠬᠢ ᠠᠵᠤ ᠠᠬᠤᠢ᠌ᠯᠠᠯ᠎ᠳᠤ ᠬᠠᠤᠯᠢ ᠶᠣᠰᠣᠭ᠋ᠠᠷ ᠳᠥᠭᠥᠮ ᠳᠥᠲᠡ ᠦᠢ᠍ᠯᠡᠴᠢᠯᠡᠭᠡ ᠬᠠᠩᠭ᠋ᠠᠨ᠎ᠠ᠃