
ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠣᠷᠣᠰᠢᠭᠤᠯᠭ᠎ᠠ᠎ᠶᠢᠨ ᠬᠠᠮᠢᠶᠠᠷᠤᠯᠲᠠ᠎ᠶᠢᠨ ᠳᠦᠷᠢᠮ》᠎ᠢ 2026 ᠣᠨ᠎ᠤ 1 ᠳ᠋ᠦ᠍ᠭᠡᠷ ᠰᠠᠷ᠎ᠠ᠎ᠶᠢᠨ 7 ᠤ ᠡᠳᠦᠷ ᠨᠡᠢᠲᠡᠯᠡᠵᠦ᠂ 3 ᠳ᠋ᠤᠭᠠᠷ ᠰᠠᠷ᠎ᠠ᠎ᠶᠢᠨ 30 ᠤ ᠡᠳᠦᠷ᠎ᠡᠴᠡ ᠡᠬᠢᠯᠡᠨ ᠬᠡᠷᠡᠭᠵᠢᠭᠦᠯᠦᠨ᠎ᠡ᠃ ᠲᠤᠰ ᠳᠦᠷᠢᠮ᠎ᠳᠦ ᠨᠡᠶ᠋ᠢᠲᠡ 8 ᠪᠦᠯᠦᠭ 73 ᠵᠦᠢᠯ ᠪᠣᠢ᠂ ᠡᠭᠦᠨ᠎ᠳᠦ ᠶᠡᠷᠦᠩᠬᠡᠢ ᠳᠦᠷᠢᠮ᠂ ᠣᠷᠣᠰᠢᠭᠤᠯᠭ᠎ᠠ᠎ᠶᠢᠨ ᠪᠡᠯᠡᠳᠬᠡᠮᠵᠢ᠂ ᠣᠷᠣᠰᠢᠭᠤᠯᠭ᠎ᠠ᠎ᠶᠢᠨ ᠶᠣᠰᠣᠯᠠᠯ᠎ᠤᠨ ᠦᠢᠯᠡᠴᠢᠯᠡᠭᠡ᠂ ᠣᠷᠣᠰᠢᠭᠤᠯᠭ᠎ᠠ᠎ᠶᠢᠨ ᠠᠵᠢᠯ᠎ᠤᠨ ᠦᠢᠯᠡᠴᠢᠯᠡᠭᠡ᠂ ᠣᠷᠣᠰᠢᠭᠤᠯᠭ᠎ᠠ᠎ᠶᠢᠨ ᠠᠵᠢᠯᠯᠠᠭ᠎ᠠ᠂ ᠬᠢᠨᠠᠯᠲᠠ ᠬᠠᠮᠢᠶᠠᠷᠤᠯᠲᠠ᠂ ᠬᠠᠤᠯᠢ᠎ᠶᠢᠨ ᠬᠠᠷᠢᠭᠤᠴᠠᠯᠭ᠎ᠠ ᠂ ᠳᠠᠭᠠᠯᠳᠤᠭᠤᠯᠤᠯ ᠳᠦᠷᠢᠮ ᠭᠡᠵᠦ ᠬᠤᠪᠢᠶᠠᠨ᠎ᠠ᠃
ᠳᠦᠷᠢᠮ᠎ᠳᠤ ᠵᠠᠰᠠᠪᠤᠷᠢ ᠣᠷᠣᠭᠤᠯᠤᠭᠰᠠᠨ᠎ᠤ ᠭᠣᠣᠯ ᠠᠭᠤᠯᠭ᠎ᠠ᠎ᠳᠤ᠄ ᠨᠢᠭᠡ᠎ᠳᠦ ᠣᠷᠣᠰᠢᠭᠤᠯᠭ᠎ᠠ᠎ᠶᠢᠨ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠲᠣᠳᠣᠷᠬᠠᠢᠯᠠᠵᠠᠢ᠂ ᠬᠣᠶᠠᠷ᠎ᠲᠤ ᠣᠷᠣᠰᠢᠭᠤᠯᠭ᠎ᠠ᠎ᠶᠢᠨ ᠲᠠᠯ᠎ᠠ᠎ᠪᠠᠷ ᠬᠢ ᠣᠯᠠᠨ ᠨᠡᠶ᠋ᠢᠲᠡ᠎ᠶᠢᠨ ᠦᠨᠳᠦᠰᠦᠨ ᠦᠢᠯᠡᠴᠢᠯᠡᠭᠡ᠎ᠶᠢ ᠲᠣᠳᠣᠷᠬᠠᠢᠯᠠᠵᠠᠢ᠂ ᠭᠤᠷᠪᠠ᠎ᠳᠤ ᠵᠠᠷᠤᠳᠠᠯ ᠬᠤᠷᠢᠶᠠᠬᠤ ᠬᠠᠮᠢᠶᠠᠷᠤᠯᠲᠠ᠎ᠶᠢ ᠴᠢᠩᠭᠠᠳᠬᠠᠨ᠎ᠠ᠂ ᠳᠥᠷᠪᠡ᠎ᠳᠦ ᠪᠥᠬᠥ ᠬᠡᠯᠬᠢᠶᠡᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠨ᠎ᠠ᠂ ᠲᠠᠪᠤ᠎ᠳᠤ ᠭᠠᠵᠠᠷ ᠠᠷᠪᠢᠯᠠᠬᠤ ᠠᠮᠢ ᠠᠬᠤᠢ᠎ᠶᠢᠨ ᠣᠷᠣᠰᠢᠭᠤᠯᠭ᠎ᠠ᠎ᠶᠢ ᠲᠦᠯᠬᠢᠨ ᠶᠠᠪᠤᠭᠳᠠᠭᠤᠯᠤᠨ᠎ᠠ ᠭᠡᠬᠦ ᠲᠠᠪᠤᠨ ᠲᠠᠯ᠎ᠠ᠎ᠶᠢᠨ ᠠᠭᠤᠯᠭ᠎ᠠ ᠪᠠᠭᠲᠠᠵᠤ ᠪᠣᠢ᠃