ᠲᠡᠷᠢᠭᠦᠨ ᠬᠠᠭᠤᠳᠠᠰᠤ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠣᠮᠵᠢ
ᠵᠥᠪᠬᠡᠨ ᠠᠳᠠᠯᠢ ᠨᠢᠭᠡᠨ ᠨᠢᠭᠡᠴᠢ᠎ᠳᠦ ᠵᠠᠯᠭᠠᠭ᠎ᠠ᠎ᠪᠠᠷ ᠠᠵᠢᠯᠯᠠᠭᠠᠳ ᠪᠦᠬᠦᠯᠢ 12 ᠰᠠᠷ᠎ᠠ ᠪᠣᠯᠪᠠᠯ ᠰᠠᠶᠢ ᠣᠨ᠎ᠤ ᠠᠮᠠᠷᠠᠯᠲᠠ᠎ᠪᠠᠨ ᠠᠪᠴᠤ ᠪᠣᠯᠣᠨ᠎ᠠ ᠤᠤ?
ᠨᠡᠶ᠋ᠢᠲᠡᠯᠡᠭᠰᠡᠨ ᠴᠠᠭ᠄ 2026-01-08

1

ᠣᠨ᠎ᠤ ᠠᠮᠠᠷᠠᠯᠲᠠ᠎ᠪᠠᠨ ᠠᠪᠬᠤ ᠭᠡᠪᠡᠯ᠂ ᠡᠷᠬᠡᠪᠰᠢ ᠠᠳᠠᠯᠢ ᠨᠢᠭᠡᠨ ᠨᠢᠭᠡᠴᠢ᠎ᠳᠦ ᠪᠦᠬᠦᠯᠢ 1 ᠵᠢᠯ ᠠᠵᠢᠯᠯᠠᠭᠰᠠᠨ ᠪᠠᠢᠬᠤ ᠬᠡᠷᠡᠭᠲᠡᠢ ᠦᠦ?

《ᠠᠵᠢᠯᠲᠠᠨ ᠠᠵᠢᠯᠴᠢᠨ᠎ᠤ ᠴᠠᠯᠢᠩ ᠣᠯᠭᠣᠮᠵᠢ ᠲᠠᠢ᠎ᠪᠠᠷ ᠣᠨ᠎ᠤ ᠠᠮᠠᠷᠠᠯᠲᠠ᠎ᠪᠠᠨ ᠠᠪᠬᠤ ᠳᠦᠷᠢᠮ》᠎ᠦᠨ ᠬᠣᠶᠠᠳᠤᠭᠠᠷ ᠵᠦᠢᠯ᠎ᠳᠦ᠄ ᠪᠠᠢᠭᠤᠯᠭ᠎ᠠ᠂ ᠪᠦᠯᠬᠦᠮ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠂ ᠠᠷᠠᠳ᠎ᠠᠴᠠ ᠡᠷᠭᠢᠯᠡᠭᠰᠡᠨ ᠠᠵᠤ ᠠᠬᠤᠢᠯᠠᠯ᠎ᠤᠨ ᠪᠤᠰᠤ ᠨᠢᠭᠡᠴᠢ᠂ ᠬᠥᠯᠥᠰᠦᠨ ᠠᠵᠢᠯᠴᠢᠨ᠎ᠲᠠᠢ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ ᠵᠡᠷᠭᠡ ᠨᠢᠭᠡᠴᠢ᠎ᠨᠦᠭᠦᠳ᠎ᠦᠨ ᠠᠵᠢᠯᠲᠠᠨ ᠠᠵᠢᠯᠴᠢᠨ ᠵᠠᠯᠭᠠᠭ᠎ᠠ᠎ᠪᠠᠷ ᠠᠵᠢᠯᠯᠠᠭᠠᠳ ᠨᠢᠭᠡ ᠵᠢᠯ᠎ᠡᠴᠡ ᠢᠯᠡᠭᠦᠦ ᠪᠣᠯᠣᠭᠰᠠᠨ ᠪᠠᠢᠪᠠᠯ ᠴᠠᠯᠢᠩ᠎ᠲᠠᠢ ᠣᠨ᠎ᠤ ᠠᠮᠠᠷᠠᠯᠲᠠ᠎ᠶᠢ ᠡᠳ᠋ᠯᠡᠨ᠎ᠡ ᠭᠡᠵᠦ ᠲᠣᠭᠲᠠᠭᠠᠵᠠᠢ᠃

《ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠴᠠᠯᠢᠩ ᠣᠯᠭᠣᠮᠵᠢ ᠲᠠᠢ᠎ᠪᠠᠷ ᠣᠨ᠎ᠤ ᠠᠮᠠᠷᠠᠯᠲᠠ᠎ᠪᠠᠨ ᠠᠪᠴᠤ ᠪᠣᠯᠬᠤ᠎ᠶᠢᠨ ᠬᠡᠷᠡᠭᠵᠢᠭᠦᠯᠬᠦ ᠠᠷᠭ᠎ᠠ》᠎ᠳᠤ ᠲᠣᠭᠲᠠᠭᠠᠭᠰᠠᠨ ᠨᠢ᠄ ᠠᠵᠢᠯᠲᠠᠨ ᠠᠵᠢᠯᠴᠢᠨ ᠵᠠᠯᠭᠠᠭ᠎ᠠ᠎ᠪᠠᠷ ᠠᠵᠢᠯᠯᠠᠭᠠᠳ ᠪᠦᠬᠦᠯᠢ 12 ᠰᠠᠷ᠎ᠠ᠎ᠠᠴᠠ ᠢᠯᠡᠭᠦᠦ ᠪᠣᠯᠣᠭᠰᠠᠨ ᠪᠠᠢᠪᠠᠯ᠂ ᠴᠠᠯᠢᠩ᠎ᠲᠠᠢ ᠣᠨ᠎ᠤ ᠠᠮᠠᠷᠠᠯᠲᠠ ᠠᠪᠴᠤ ᠪᠣᠯᠣᠨ᠎ᠠ᠃

ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ᠎ᠦᠨ 《 〈ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠴᠠᠯᠢᠩ ᠣᠯᠭᠣᠮᠵᠢ ᠲᠠᠢ ᠎ᠪᠠᠷ ᠣᠨ᠎ᠤ ᠠᠮᠠᠷᠠᠯᠲᠠ᠎ᠪᠠᠨ ᠠᠪᠴᠤ ᠪᠣᠯᠬᠤ᠎ᠶᠢᠨ ᠬᠡᠷᠡᠭᠵᠢᠭᠦᠯᠬᠦ ᠠᠷᠭ᠎ᠠ〉᠎ᠶᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠬᠠᠷᠢᠭᠤ ᠵᠠᠬᠢᠳᠠᠯ》 (ᠬᠥᠮᠥᠨ ᠨᠡᠢᠭᠡᠮ ᠲᠢᠩᠬᠢᠮ ᠵᠠᠬᠢᠳᠠᠯ 〔2009〕 149 ᠳ᠋ᠦ᠍ᠭᠡᠷ ᠲᠣᠭᠠᠲᠤ)᠎ᠳᠤ ᠲᠣᠳᠣᠷᠬᠠᠢᠯᠠᠭᠰᠠᠨ ᠨᠢ᠄ 《ᠠᠵᠢᠯᠲᠠᠨ ᠠᠵᠢᠯᠴᠢᠨ ᠵᠠᠯᠭᠠᠭ᠎ᠠ᠎ᠪᠠᠷ ᠠᠵᠢᠯᠯᠠᠭᠠᠳ ᠪᠦᠬᠦᠯᠢ 12 ᠰᠠᠷ᠎ᠠ᠎ᠠᠴᠠ ᠢᠯᠡᠭᠦᠦ ᠪᠣᠯᠣᠭᠰᠠᠨ》 ᠭᠡᠳᠡᠭ᠎ᠲᠦ ᠠᠵᠢᠯᠲᠠᠨ ᠠᠵᠢᠯᠴᠢᠨ ᠠᠳᠠᠯᠢ ᠨᠢᠭᠡᠨ ᠬᠥᠮᠥᠨ ᠬᠡᠷᠡᠭᠯᠡᠬᠦ ᠨᠢᠭᠡᠴᠢ᠎ᠳᠦ ᠵᠠᠯᠭᠠᠭ᠎ᠠ᠎ᠪᠠᠷ ᠠᠵᠢᠯᠯᠠᠭᠠᠳ ᠪᠦᠬᠦᠯᠢ 12 ᠰᠠᠷ᠎ᠠ᠎ᠠᠴᠠ ᠢᠯᠡᠭᠦᠦ ᠪᠣᠯᠣᠭᠰᠠᠨ ᠪᠠᠢᠳᠠᠯ ᠪᠠᠭᠲᠠᠨ᠎ᠠ;  ᠠᠵᠢᠯᠲᠠᠨ ᠠᠵᠢᠯᠴᠢᠨ ᠠᠳᠠᠯᠢ ᠪᠤᠰᠤ ᠬᠥᠮᠥᠨ ᠬᠡᠷᠡᠭᠯᠡᠬᠦ ᠨᠢᠭᠡᠴᠢ᠎ᠳᠦ ᠵᠠᠯᠭᠠᠭ᠎ᠠ᠎ᠪᠠᠷ ᠠᠵᠢᠯᠯᠠᠭᠠᠳ ᠪᠦᠬᠦᠯᠢ 12 ᠰᠠᠷ᠎ᠠ᠎ᠠᠴᠠ ᠢᠯᠡᠭᠦᠦ ᠪᠣᠯᠣᠭᠰᠠᠨ ᠪᠠᠢᠳᠠᠯ ᠴᠤ᠌ ᠪᠠᠭᠲᠠᠨ᠎ᠠ᠃ 

ᠠᠵᠢᠯᠲᠠᠨ ᠠᠵᠢᠯᠴᠢᠨ᠎ᠤ ᠠᠵᠢᠯᠯᠠᠬᠤ ᠴᠠᠭ᠎ᠲᠤ ᠪᠠᠢᠭᠤᠯᠭ᠎ᠠ᠂ ᠪᠦᠯᠬᠦᠮ᠂ ᠠᠵᠤ ᠠᠬᠤᠢᠯᠠᠯ᠂ ᠠᠵᠢᠯ ᠦᠢᠯᠡᠰ᠎ᠦᠨ ᠨᠢᠭᠡᠴᠢ᠂ ᠠᠷᠠᠳ᠎ᠠᠴᠠ ᠡᠷᠬᠢᠯᠡᠭᠰᠡᠨ ᠠᠵᠤ ᠠᠬᠤᠢᠯᠠᠯ᠎ᠤᠨ ᠪᠤᠰᠤ ᠨᠢᠭᠡᠴᠢ᠂ ᠬᠥᠯᠥᠰᠦᠨ ᠠᠵᠢᠯᠴᠢᠨ᠎ᠲᠠᠢ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠤᠭᠡ ᠵᠡᠷᠭᠡ ᠨᠢᠭᠡᠴᠢ᠎ᠳᠦ ᠪᠦᠬᠦᠯᠢ ᠡᠳᠦᠷ᠎ᠦᠨ ᠳᠦᠷᠢᠮᠲᠦ ᠠᠵᠢᠯᠯᠠᠬᠤ ᠬᠤᠭᠤᠴᠠᠭ᠎ᠠ ᠵᠢᠴᠢ ᠬᠠᠤᠯᠢ ᠶᠣᠰᠣᠭᠠᠷ ᠴᠡᠷᠢᠭ᠎ᠦᠨ ᠠᠯᠪᠠ ᠬᠠᠭᠠᠬᠤ ᠪᠠ ᠤᠯᠤᠰ᠎ᠤᠨ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠠ ᠲᠦᠷᠤ᠎ᠶᠢᠨ ᠶᠠᠪᠤᠳᠠᠯ᠎ᠤᠨ ᠬᠣᠷᠢᠶ᠎ᠠ᠎ᠶᠢᠨ ᠲᠣᠭᠲᠠᠭᠠᠯ ᠶᠣᠰᠣᠭᠠᠷ ᠠᠵᠢᠯᠯᠠᠭᠰᠠᠨ ᠣᠨ᠎ᠢᠶᠠᠷ ᠪᠤᠳᠤᠵᠤ ᠪᠣᠯᠬᠤ ᠪᠤᠰᠤᠳ ᠬᠤᠭᠤᠴᠠᠭ᠎ᠠ (ᠠᠵᠢᠯᠯᠠᠭᠰᠠᠨ᠎ᠢᠶᠠᠷ ᠪᠣᠳᠣᠵᠤ ᠪᠣᠯᠬᠤ ᠴᠠᠭ ᠬᠤᠭᠤᠴᠠᠭ᠎ᠠ) ᠪᠠᠭᠲᠠᠨ᠎ᠠ᠃ 

ᠠᠵᠢᠯᠲᠠᠨ ᠠᠵᠢᠯᠴᠢᠨ᠎ᠤ ᠠᠵᠢᠯᠯᠠᠭᠰᠠᠨ ᠴᠠᠭ᠎ᠢ ᠳᠠᠩᠰᠠ ᠡᠪᠬᠡᠮᠡᠯ᠎ᠦᠨ ᠲᠡᠮᠳᠡᠭᠯᠡᠯ᠂ ᠨᠢᠭᠡᠴᠢ᠎ᠶᠢᠨ ᠨᠡᠢᠭᠡᠮ᠎ᠦᠨ ᠳᠠᠭᠠᠳᠬᠠᠯ᠎ᠤᠨ ᠵᠠᠷᠤᠳᠠᠯ ᠲᠤᠰᠢᠶᠠᠭᠰᠠᠨ ᠲᠡᠮᠳᠡᠭᠯᠡᠯ᠂ ᠬᠥᠳᠡᠯᠮᠦᠷᠢ᠎ᠶᠢᠨ ᠭᠡᠷ᠎ᠡ ᠪᠤᠶᠤ ᠬᠠᠤᠯᠢ ᠴᠠᠭᠠᠵᠠ᠎ᠶᠢᠨ ᠬᠦᠴᠦᠨ᠎ᠲᠠᠢ ᠪᠤᠰᠤᠳ ᠭᠡᠷᠡᠴᠢᠯᠡᠬᠦ ᠮᠠᠲᠧᠷᠢᠶᠠᠯ᠎ᠢ ᠦᠨᠳᠦᠰᠦᠯᠡᠨ ᠲᠣᠭᠲᠠᠭᠠᠵᠤ ᠪᠣᠯᠣᠨ᠎ᠠ᠃ 

2

ᠠᠮᠠᠷᠠᠵᠤ ᠪᠣᠯᠬᠤ ᠬᠤᠭᠤᠴᠠᠭ᠎ᠠ᠎ᠶᠢ ᠶᠠᠭᠠᠬᠢᠵᠤ ᠲᠣᠬᠢᠷᠠᠭᠤᠯᠤᠭᠰᠠᠨ ᠪᠤᠶ?

ᠠᠵᠢᠯᠲᠠᠨ ᠠᠵᠢᠯᠴᠢᠨ᠎ᠤ ᠨᠡᠢ᠍ᠢᠲᠡ ᠠᠵᠢᠯᠯᠠᠭᠰᠠᠨ ᠴᠠᠭ ᠨᠢ ᠪᠦᠬᠦᠯᠢ 1 ᠵᠢᠯ᠎ᠢ ᠬᠡᠲᠦᠷᠡᠭᠡᠳ 10 ᠵᠢᠯ ᠪᠣᠯᠣᠭᠠᠳᠤᠢ ᠪᠣᠯ ᠣᠨ᠎ᠤ ᠠᠮᠠᠷᠠᠯᠲᠠ᠎ᠶᠢᠨ ᠬᠤᠭᠤᠴᠠᠭ᠎ᠠ ᠨᠢ 5 ᠡᠳᠦᠷ

ᠪᠦᠬᠦᠯᠢ 10 ᠵᠢᠯ᠎ᠢ ᠬᠡᠲᠦᠷᠡᠭᠡᠳ 20 ᠵᠢᠯ ᠪᠣᠯᠣᠭᠠᠳᠤᠢ ᠪᠣᠯ ᠣᠨ᠎ᠤ ᠠᠮᠠᠷᠠᠯᠲᠠ᠎ᠶᠢᠨ ᠬᠤᠭᠤᠴᠠᠭ᠎ᠠ ᠨᠢ 10 ᠡᠳᠦᠷ

ᠪᠦᠬᠦᠯᠢ 20 ᠵᠢᠯ ᠪᠣᠯᠤᠭᠰᠠᠨ ᠪᠣᠯ ᠣᠨ᠎ᠤ ᠠᠮᠠᠷᠠᠯᠲᠠ᠎ᠶᠢᠨ ᠬᠤᠭᠤᠴᠠᠭ᠎ᠠ ᠨᠢ 15 ᠡᠳᠦᠷ

ᠤᠯᠤᠰ᠎ᠤᠨ ᠬᠠᠤᠯᠢ᠎ᠪᠠᠷ ᠲᠣᠭᠲᠠᠭᠠᠭᠰᠠᠨ ᠠᠮᠠᠷᠠᠯᠲᠠ᠎ᠶᠢᠨ ᠡᠳᠦᠷ᠂ ᠠᠮᠠᠷᠠᠬᠤ ᠡᠳᠦᠷ᠎ᠢ ᠣᠨ᠎ᠤ ᠠᠮᠠᠷᠠᠯᠲᠠ᠎ᠶᠢᠨ ᠬᠤᠭᠤᠴᠠᠭᠠᠨ᠎ᠳᠤ ᠪᠣᠳᠣᠵᠤ ᠣᠷᠣᠭᠤᠯᠬᠤ ᠦᠭᠡᠢ

ᠠᠵᠢᠯᠲᠠᠨ ᠠᠵᠢᠯᠴᠢᠨ᠎ᠤ ᠬᠠᠤᠯᠢ ᠶᠣᠰᠣᠭᠠᠷ ᠡᠳ᠋ᠯᠡᠬᠦ ᠲᠥᠷᠦᠯ ᠰᠠᠳᠤᠨ᠎ᠢᠶᠠᠨ ᠡᠷᠭᠢᠬᠦ ᠴᠢᠯᠦᠭᠡ᠂ ᠬᠤᠷᠢᠮ ᠪᠡᠯᠪᠡᠰᠦᠷᠡᠯ᠎ᠦᠨ ᠴᠢᠯᠦᠭᠡ᠂ ᠬᠥᠩᠭᠡᠵᠢᠯᠲᠡ᠎ᠶᠢᠨ ᠴᠢᠯᠦᠭᠡ ᠵᠡᠷᠭᠡ ᠤᠯᠤᠰ᠎ᠤᠨ ᠲᠣᠭᠲᠠᠭᠠᠭᠰᠠᠨ ᠠᠮᠠᠷᠠᠯᠲᠠ᠎ᠶᠢᠨ ᠬᠤᠭᠤᠴᠠᠭ᠎ᠠ ᠵᠢᠴᠢ ᠠᠵᠢᠯ᠎ᠠᠴᠠ ᠪᠣᠯᠤᠭᠰᠠᠨ ᠭᠡᠮᠲᠦᠯ᠎ᠢᠶᠡᠷ ᠠᠵᠢᠯ᠎ᠢᠶᠠᠨ ᠵᠣᠭᠰᠣᠭᠠᠵᠤ ᠴᠠᠯᠢᠩ᠎ᠢᠶᠠᠨ ᠦᠯᠡᠳᠡᠭᠡᠭᠰᠡᠨ ᠬᠤᠭᠤᠴᠠᠭ᠎ᠠ᠎ᠶᠢ ᠣᠨ᠎ᠤ ᠠᠮᠠᠷᠠᠯᠲᠠ᠎ᠶᠢᠨ ᠬᠤᠭᠤᠴᠠᠭᠠᠨ᠎ᠳᠤ ᠪᠣᠳᠣᠵᠤ ᠣᠷᠣᠭᠤᠯᠬᠤ ᠦᠬᠡᠢ

3

ᠠᠵᠢᠯᠲᠠᠨ ᠠᠵᠢᠯᠴᠢᠨ᠎ᠤ ᠠᠵᠢᠯᠯᠠᠵᠤ ᠪᠠᠢᠭ᠎ᠠ ᠬᠤᠭᠤᠴᠠᠭᠠᠨ᠎ᠳᠤ ᠣᠨ᠎ᠤ ᠠᠮᠠᠷᠠᠯᠲᠠ᠎ᠪᠠᠨ ᠠᠪᠤᠭᠰᠠᠨ ᠦᠭᠡᠢ ᠪᠠᠢᠵᠤ᠂ ᠠᠵᠢᠯ᠎ᠠᠴᠠ᠎ᠪᠠᠨ ᠰᠠᠯᠤᠭᠰᠠᠨ᠎ᠤ ᠳᠠᠷᠠᠭ᠎ᠠ ᠪᠠᠢᠭᠤᠯᠭ᠎ᠠ᠎ᠠᠴᠠ᠎ᠪᠠᠨ ᠲᠥᠯᠥᠪᠦᠷᠢ ᠠᠪᠬᠤ᠎ᠪᠠᠷ ᠱᠠᠭᠠᠷᠳᠠᠵᠤ ᠪᠣᠯᠣᠨ᠎ᠠ ᠦᠦ?

《ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠴᠠᠯᠢᠩ ᠣᠯᠭᠣᠮᠵᠢ ᠲᠠᠢ᠎ᠪᠠᠷ ᠣᠨ᠎ᠤ ᠠᠮᠠᠷᠠᠯᠲᠠ᠎ᠪᠠᠨ ᠠᠪᠴᠤ ᠪᠣᠯᠬᠤ᠎ᠶᠢᠨ ᠬᠡᠷᠡᠭᠵᠢᠭᠦᠯᠬᠦ ᠠᠷᠭ᠎ᠠ 》᠎ᠶᠢᠨ ᠲᠣᠭᠲᠠᠭᠠᠯ᠎ᠢ ᠦᠨᠳᠦᠰᠦᠯᠡᠪᠡᠯ

ᠬᠥᠮᠥᠨ ᠬᠡᠷᠡᠭᠯᠡᠬᠦ ᠨᠢᠭᠡᠴᠢ ᠨᠢ ᠠᠵᠢᠯᠲᠠᠨ ᠠᠵᠢᠯᠴᠢᠨ ᠯᠤᠭ᠎ᠠ ᠬᠥᠳᠡᠯᠮᠦᠷᠢ᠎ᠶᠢᠨ ᠭᠡᠷ᠎ᠡ᠎ᠪᠡᠨ ᠴᠤᠴᠠᠯᠤᠭᠰᠠᠨ ᠪᠤᠶᠤ ᠳᠠᠭᠤᠰᠬᠠᠬᠤ ᠦᠶ᠎ᠡ᠎ᠳᠦ᠂ ᠲᠤᠰ ᠵᠢᠯ᠎ᠳᠦ ᠨᠢ ᠠᠵᠢᠯᠲᠠᠨ ᠠᠵᠢᠯᠴᠢᠨ᠎ᠤ ᠠᠮᠠᠷᠠᠬᠤ ᠶᠣᠰᠣᠲᠠᠢ ᠣᠨ᠎ᠤ ᠠᠮᠠᠷᠠᠯᠲᠠ᠎ᠶᠢᠨ ᠴᠢᠯᠦᠭᠡ᠎ᠶᠢ ᠭᠦᠢᠴᠡᠳ ᠠᠮᠠᠷᠠᠭᠤᠯᠤᠭᠰᠠᠨ ᠦᠭᠡᠢ ᠪᠠᠢᠪᠠᠯ᠂ ᠠᠵᠢᠯᠲᠠᠨ ᠠᠵᠢᠯᠴᠢᠨ᠎ᠤ ᠲᠤᠬᠠᠢ᠎ᠶᠢᠨ ᠵᠢᠯ᠎ᠦᠨ ᠠᠵᠢᠯᠯᠠᠭᠰᠠᠨ ᠴᠠᠭ᠎ᠢᠶᠠᠷ ᠠᠮᠠᠷᠠᠬᠤ ᠶᠣᠰᠣᠲᠠᠢ ᠪᠠᠢᠲᠠᠯ᠎ᠠ ᠠᠮᠠᠷᠠᠭᠰᠠᠨ ᠦᠭᠡᠢ ᠣᠨ᠎ᠤ ᠠᠮᠠᠷᠠᠯᠲᠠ᠎ᠶᠢᠨ ᠡᠳᠦᠷ᠎ᠦᠨ ᠲᠣᠭ᠎ᠠ᠎ᠶᠢ ᠨᠤᠭᠤᠯᠤᠨ ᠪᠤᠳᠤᠬᠤ ᠪᠥᠭᠡᠳ ᠠᠮᠠᠷᠠᠭᠰᠠᠨ ᠦᠭᠡᠢ ᠣᠨ᠎ᠤ ᠠᠮᠠᠷᠠᠯᠲᠠ᠎ᠶᠢᠨ ᠴᠠᠯᠢᠩ ᠬᠥᠯᠥᠰᠦ᠎ᠶᠢ ᠥᠭᠬᠦ ᠬᠡᠷᠡᠭᠲᠡᠢ᠂ ᠭᠡᠪᠡᠴᠦ ᠨᠤᠭᠤᠯᠤᠨ ᠪᠤᠳᠤᠭᠰᠠᠨ᠎ᠤ ᠳᠠᠷᠠᠭ᠎ᠠ 1 ᠪᠦᠬᠦᠯᠢ ᠡᠳᠦᠷ ᠬᠦᠷᠬᠦ ᠦᠭᠡᠢ ᠬᠡᠰᠡᠭ᠎ᠲᠦ ᠨᠢ ᠠᠮᠠᠷᠠᠭᠰᠠᠨ ᠦᠭᠡᠢ ᠣᠨ᠎ᠤ ᠠᠮᠠᠷᠠᠯᠲᠠ᠎ᠶᠢᠨ ᠴᠢᠯᠦᠭᠡᠨ᠎ᠦ ᠴᠠᠯᠢᠩ ᠬᠥᠯᠥᠰᠦ᠎ᠶᠢ ᠥᠭᠬᠦ ᠦᠭᠡᠢ᠃

ᠡᠮᠦᠨᠡᠬᠢ ᠵᠤᠷᠪᠤᠰ᠎ᠲᠤ ᠲᠣᠭᠲᠠᠭᠠᠭᠰᠠᠨ ᠨᠤᠭᠤᠯᠤᠨ ᠪᠤᠳᠦᠬᠤ ᠠᠷᠭ᠎ᠠ ᠨᠢ

(ᠲᠣᠰ ᠣᠨ᠎ᠳᠤ ᠲᠣᠰ ᠨᠢᠭᠡᠴᠢ᠎ᠳᠦ ᠥᠩᠭᠡᠷᠡᠭᠡᠭᠰᠡᠨ ᠡᠳᠦᠷ᠎ᠦᠨ ᠲᠣᠭ᠎ᠠ ÷ 365 ᠡᠳᠦᠷ) × ᠠᠵᠢᠯᠲᠠᠨ ᠠᠵᠢᠯᠴᠢᠨ᠎ᠤ ᠲᠣᠰ ᠬᠥᠮᠥᠨ᠎ᠦ ᠪᠥᠬᠥ ᠵᠢᠯ᠎ᠦᠨ ᠡᠳ᠋ᠯᠡᠪᠡᠰᠦ ᠵᠣᠬᠢᠬᠤ ᠣᠨ᠎ᠤ ᠠᠮᠠᠷᠠᠯᠲᠠ᠎ᠶᠢᠨ ᠡᠳᠦᠷ᠎ᠦᠨ ᠲᠣᠭ᠎ᠠ – ᠲᠣᠰ ᠵᠢᠯ᠎ᠦᠨ ᠲᠣᠬᠢᠷᠠᠭᠤᠯᠤᠭᠰᠠᠨ ᠣᠨ᠎ᠤ ᠠᠮᠠᠷᠠᠯᠲᠠ᠎ᠶᠢᠨ ᠡᠳᠦᠷ᠎ᠦᠨ ᠲᠣᠭ᠎ᠠ᠃

ᠬᠥᠮᠥᠨ ᠬᠡᠷᠡᠭᠯᠡᠬᠦ ᠨᠢᠭᠡᠴᠢ ᠲᠤᠬᠠᠢ᠎ᠶᠢᠨ ᠵᠢᠯ᠎ᠳᠦ ᠠᠵᠢᠯᠲᠠᠨ ᠠᠵᠢᠯᠴᠢᠨ᠎ᠤ ᠣᠨ᠎ᠤ ᠠᠮᠠᠷᠠᠯᠲᠠ᠎ᠶᠢ ᠲᠣᠬᠢᠷᠠᠭᠤᠯᠤᠭᠰᠠᠨ ᠨᠢ ᠠᠮᠠᠷᠠᠬᠤ ᠶᠣᠰᠣᠲᠠᠢ ᠣᠨ᠎ᠤ ᠠᠮᠠᠷᠠᠯᠲᠠ᠎ᠶᠢ ᠨᠤᠭᠤᠯᠤᠨ ᠪᠤᠳᠤᠭᠰᠠᠨ ᠡᠳᠦᠷ᠎ᠦᠨ ᠲᠣᠭ᠎ᠠ᠎ᠠᠴᠠ ᠢᠯᠡᠭᠦᠦ ᠪᠠᠢᠪᠠᠯ ᠳᠠᠭᠢᠵᠤ ᠰᠠᠭᠤᠯᠭᠠᠨ ᠠᠪᠬᠤ ᠦᠭᠡᠢ᠃ 

4

ᠣᠨ᠎ᠤ ᠠᠮᠠᠷᠠᠯᠲᠠ᠎ᠶᠢᠨ ᠬᠤᠭᠤᠴᠠᠭᠠᠨ᠎ᠳᠤ ᠦᠨᠳᠦᠰᠦᠨ ᠴᠠᠯᠢᠩ᠎ᠢ ᠯᠠ ᠥᠭᠭᠦᠨ᠎ᠡ ᠦᠦ?

《ᠠᠵᠢᠯᠲᠠᠨ ᠠᠵᠢᠯᠴᠢᠨ᠎ᠤ ᠴᠠᠯᠢᠩ ᠣᠯᠭᠣᠮᠵᠢ ᠲᠠᠢ᠎ᠪᠠᠷ ᠣᠨ᠎ᠤ ᠠᠮᠠᠷᠠᠯᠲᠠ᠎ᠪᠠᠨ ᠠᠪᠬᠤ ᠳᠦᠷᠢᠮ》᠎ᠦᠨ ᠲᠣᠭᠲᠠᠭᠠᠯ᠎ᠢ ᠦᠨᠳᠦᠰᠦᠯᠡᠪᠡᠯ

ᠪᠠᠢᠭᠤᠯᠭ᠎ᠠ ᠨᠢ ᠠᠵᠢᠯᠲᠠᠨ ᠠᠵᠢᠯᠴᠢᠨ᠎ᠤ ᠣᠨ᠎ᠤ ᠠᠮᠠᠷᠠᠯᠲᠠ ᠡᠳ᠋ᠯᠡᠬᠦ᠎ᠶᠢ ᠪᠠᠲᠤᠯᠠᠬᠤ ᠬᠡᠷᠡᠭᠲᠡᠢ

ᠠᠵᠢᠯᠲᠠᠨ ᠠᠵᠢᠯᠴᠢᠨ ᠣᠨ᠎ᠤ ᠠᠮᠠᠷᠠᠯᠲᠠ᠎ᠶᠢᠨ ᠬᠤᠭᠤᠴᠠᠭᠠᠨ᠎ᠳᠤ ᠬᠡᠪ᠎ᠦᠨ ᠠᠵᠢᠯ᠎ᠤᠨ ᠬᠤᠭᠤᠴᠠᠭ᠎ᠠ ᠯᠤᠭ᠎ᠠ ᠠᠳᠠᠯᠢ ᠪᠠᠢᠬᠤ ᠴᠠᠯᠢᠩ᠎ᠤᠨ ᠣᠷᠣᠯᠭ᠎ᠠ᠎ᠶᠢ ᠡᠳ᠋ᠯᠡᠨ᠎ᠡ

ᠢᠷᠡᠯᠲᠡ᠄ ᠰᠢᠨᠬᠤᠸᠠ ᠰᠦᠯᠵᠢᠶ᠎ᠡ