ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠪᠠ ᠵᠢᠷᠤᠮᠵᠢᠭᠤᠯᠬᠤ ᠲᠣᠬᠠᠢ ᠰᠠᠨᠠᠯ》 (ᠳᠣᠷᠣᠭᠰᠢ 《ᠰᠠᠨᠠᠯ》 ᠭᠡᠵᠦ ᠲᠤᠪᠴᠢᠯᠠᠪᠠ)᠎ᠢ ᠳᠠᠷᠤᠮᠠᠯᠯᠠᠨ ᠶᠠᠪᠤᠭᠤᠯᠵᠤ᠂ ᠡᠳᠦᠭᠡ ᠳᠠᠷᠠᠭ᠋ᠠᠬᠢ ᠮᠡᠲᠦ ᠲᠠᠶ᠋ᠢᠯᠤᠮᠵᠢ ᠬᠢᠪᠡ᠃
ᠨᠢᠭᠡ᠂ ᠭᠤᠣᠯ ᠠᠭᠤᠯᠭ᠎ᠠ
(ᠨᠢᠭᠡ) ᠶᠡᠷᠦᠩᠬᠡᠢ ᠱᠠᠭ᠋ᠠᠷᠳᠠᠯᠭ᠎ᠠ
ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠤᠳᠠᠭ᠎ᠠ ᠪᠦᠷᠢ᠎ᠶᠢᠨ ᠪᠦᠬᠦᠳᠡ ᠬᠤᠷᠠᠯᠳᠤᠭ᠋ᠠᠨ᠎ᠤ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠤᠨ ᠲᠤᠬᠠᠢ ᠶᠡᠷᠦᠩᠬᠡᠢ ᠱᠦᠵᠢ ᠰᠢ᠎ᠵᠢᠨ᠎ᠫᠢᠩ᠎ᠤᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ᠎ᠶᠢᠨ ᠵᠣᠷᠢᠭ ᠰᠠᠨᠠᠭ᠎ᠠ᠎ᠶᠢ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ ᠨᠢᠭᠲᠠᠷᠠᠵᠤ᠂ ᠭᠠᠵᠠᠷ ᠣᠷᠣᠨ᠎ᠤ ᠪᠠᠶ᠋ᠢᠳᠠᠯ᠎ᠳᠤ᠎ᠪᠠᠨ ᠲᠤᠬᠢᠷᠠᠭᠤᠯᠬᠤ᠂ ᠳᠡᠭᠡᠳᠦ ᠲᠤᠤᠷᠠᠳᠤ ᠱᠠᠳᠤ᠎ᠪᠠᠷ᠎ᠢᠶᠡᠨ ᠬᠤᠯᠪᠣᠭ᠋ᠠᠯᠠᠨ ᠬᠥᠳᠡᠯᠦᠯᠴᠡᠬᠦ᠂ ᠪᠠᠷᠢᠮᠵᠢᠶ᠎ᠠ᠎ᠶᠢ ᠨᠢᠭᠡᠳᠬᠡᠬᠦ᠂ ᠵᠢᠷᠣᠮᠵᠢᠭᠣᠨ ᠪᠦᠭᠡᠳ ᠡᠮᠬᠢ ᠳᠢᠭᠯᠢᠮ᠎ᠲᠠᠢ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠠᠵᠢᠯ᠎ᠤᠨ 《ᠨᠠᠢ᠍ᠮᠠ᠎ᠶᠢ ᠪᠦᠷᠢᠳᠦᠭᠦᠯᠵᠦ ᠨᠠᠢ᠍ᠮᠠ᠎ᠶᠢ ᠵᠢᠷᠤᠮᠵᠢᠭᠤᠯᠬᠤ》᠎ᠪᠠᠷ ᠬᠠᠷᠠᠯᠲᠠ ᠪᠣᠯᠭ᠋ᠠᠵᠤ᠂ ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠰᠠᠭᠤᠷᠢ ᠪᠠᠶ᠋ᠢᠭᠤᠯᠤᠯᠲᠠ᠎ᠶᠢᠨ ᠠᠯᠬᠤᠴᠠ᠎ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ᠎ᠤ ᠲᠤᠭ᠎ᠠ ᠪᠦᠷᠢᠳᠬᠡᠯ᠎ᠤᠨ ᠠᠵᠢᠯ᠎ᠤᠨ ᠬᠠᠮᠢᠶᠠᠷᠤᠯᠲᠠ᠎ᠶᠢ ᠵᠢᠷᠤᠮᠵᠢᠭᠤᠯᠵᠤ᠂ ᠡᠬᠢ ᠡᠭᠦᠰᠦᠯ᠎ᠠᠴᠠ᠎ᠨᠢ ᠲᠤᠭ᠎ᠠ ᠪᠦᠷᠢᠳᠬᠡᠯ᠎ᠤᠨ ᠳ᠋ᠠᠢ᠌ᠲ᠋ᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃
(ᠬᠤᠶᠠᠷ) ᠭᠤᠣᠯᠳᠠᠯᠭ᠎ᠠ ᠪᠣᠯᠬᠣ ᠡᠭᠦᠷᠭᠡ
1. ᠠᠵᠢᠯ᠎ᠤᠨ ᠡᠭᠦᠷᠭᠡ ᠬᠠᠷᠢᠭᠤᠴᠠᠯᠭ᠎ᠠ᠎ᠶᠢ ᠴᠢᠩᠭ᠎ᠠ ᠪᠤᠲᠠᠲᠠᠢ᠌ᠵᠢᠭᠤᠯᠤᠨ᠎ᠠ᠃ ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ᠎ᠬᠢ ᠬᠠᠷᠢᠶᠠᠯᠠᠭᠳᠠᠬᠤ ᠬᠠᠷᠢᠴᠠᠭ᠎ᠠ᠎ᠶᠢ ᠲᠣᠳᠣᠷᠬᠠᠶ᠋ᠢᠯᠠᠵᠤ᠂ ᠰᠤᠮᠤ ᠰᠢᠶᠠᠩ ᠪᠠᠯᠭ᠋ᠠᠰᠤ᠎ᠶᠢᠨ ᠲᠤᠭ᠎ᠠ ᠪᠦᠷᠢᠳᠬᠡᠯ᠎ᠤᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠶᠢᠨ ᠡᠯ᠎ᠡ ᠵᠦᠢ᠍ᠯ᠎ᠤᠨ ᠡᠭᠦᠷᠭᠡ᠎ᠶᠢ ᠪᠡᠶᠡᠯᠡᠭᠦᠯᠬᠦ᠂ ᠭᠠᠴᠠᠭ᠎ᠠ ᠲᠣᠰᠬᠤᠨ (ᠰᠠᠭᠤᠭ᠋ᠠᠯᠢ ᠠᠷᠠᠳ)᠎ᠤ ᠠᠷᠠᠳ᠎ᠤᠨ ᠵᠥᠪᠯᠡᠯ᠎ᠤᠨ ᠳ᠋ᠠᠢ᠌ᠲ᠋ᠠ ᠴᠤᠭᠯᠠᠭᠤᠯᠬᠤ ᠵᠡᠷᠭᠡ ᠡᠭᠦᠷᠭᠡ ᠬᠠᠷᠢᠭᠤᠴᠠᠯᠭ᠎ᠠ᠎ᠶᠢ ᠵᠢᠯᠣᠭᠤᠳᠬᠤ᠂ ᠲᠤᠭ᠎ᠠ ᠪᠦᠷᠢᠳᠬᠡᠯ᠎ᠤᠨ ᠳ᠋ᠠᠢ᠌ᠲ᠋ᠠ᠎ᠶᠢ ᠭᠠᠳᠠᠭᠰᠢ ᠬᠠᠩᠭ᠋ᠠᠬᠤ ᠪᠠ ᠬᠡᠷᠡᠭᠯᠡᠬᠦ ᠪᠠᠷᠢᠮᠵᠢᠶ᠎ᠠ᠎ᠶᠢ ᠵᠢᠷᠤᠮᠵᠢᠭᠤᠯᠤᠨ᠎ᠠ᠃
2. ᠲᠣᠭ᠎ᠠ ᠪᠦᠷᠢᠳᠬᠡᠯ᠎ᠤᠨ ᠠᠵᠢᠯ ᠬᠢᠬᠦ ᠡᠩᠨᠡᠭᠡᠨ᠎ᠦ ᠬᠦᠴᠦᠨ᠎ᠢ ᠪᠦᠷᠢᠨ ᠭᠦᠢ᠍ᠴᠡᠳ ᠪᠤᠯᠭ᠋ᠠᠬᠤ ᠮᠦᠷᠲᠡᠭᠡᠨ ᠴᠢᠳᠠᠪᠤᠷᠢ᠎ᠲᠠᠢ ᠬᠦᠮᠦᠰ᠎ᠢ ᠢᠯᠡᠭᠦᠬᠡᠨ ᠲᠣᠬᠢᠷᠠᠭᠣᠯᠣᠨ᠎ᠠ᠃ ᠲᠤᠭ᠎ᠠ ᠪᠦᠷᠢᠳᠬᠡᠯ᠎ᠤᠨ ᠠᠵᠢᠯ᠎ᠤᠨ ᠪᠠᠶ᠋ᠢᠷᠢ᠎ᠶᠢ ᠲᠣᠭᠲᠠᠭ᠋ᠠᠯ ᠶᠣᠰᠣᠭ᠋ᠠᠷ ᠲᠤᠬᠢᠷᠠᠭᠤᠯᠵᠤ᠂ ᠲᠤᠰᠬᠠᠶ ᠲᠤᠰᠢᠶᠠᠯ᠎ᠤᠨ ᠪᠤᠶᠤ ᠲᠤᠰᠢᠶᠠᠯ ᠬᠠᠪᠰᠤᠷᠭ᠋ᠠᠭᠰᠠᠨ ᠲᠤᠭ᠎ᠠ ᠪᠦᠷᠢᠳᠬᠡᠯ᠎ᠤᠨ ᠠᠵᠢᠯᠲᠠᠨ᠎ᠢ ᠳᠣᠭᠢᠷᠠᠭᠤᠯᠤᠨ᠂ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠲᠤᠭ᠎ᠠ ᠪᠦᠷᠢᠳᠬᠡᠯ᠎ᠤᠨ ᠠᠵᠢᠯᠲᠠᠨ᠎ᠤ ᠡᠩᠨᠡᠭᠡ᠎ᠶᠢ ᠲᠣᠭᠲᠠᠪᠤᠷᠢᠵᠢᠭᠤᠯᠵᠤ᠂ ᠲᠤᠭ᠎ᠠ ᠪᠦᠷᠢᠳᠬᠡᠯ᠎ᠤᠨ ᠠᠵᠢᠯᠲᠠᠨ᠎ᠤ ᠠᠵᠢᠯ᠎ᠤᠨ ᠰᠢᠨᠵᠢ ᠴᠢᠨᠠᠷ᠎ᠢ ᠬᠤᠪᠢᠷᠠᠭᠤᠯᠬᠤ ᠲᠠᠰ ᠳᠠᠷᠠᠭ᠋ᠠᠯᠠᠯ᠎ᠢ ᠵᠢᠷᠤᠮᠵᠢᠭᠤᠯᠤᠨ᠂ ᠠᠵᠢᠯᠲᠠᠨ᠎ᠤ ᠬᠦᠴᠦᠨ ᠬᠦᠷᠦᠯᠴᠡᠬᠦ ᠥᠬᠡᠶ ᠪᠠᠶ᠋ᠢᠬᠤ ᠦᠶ᠎ᠡ᠎ᠶᠢᠨ ᠨᠥᠬᠦᠪᠥᠷᠢᠯᠡᠬᠦ ᠠᠷᠭ᠎ᠠ ᠮᠠᠶᠢᠭ᠎ᠢ ᠲᠣᠳᠣᠷᠬᠠᠶ᠋ᠢᠯᠠᠨ᠎ᠠ᠃
3. ᠲᠣᠭ᠎ᠠ ᠪᠦᠷᠢᠳᠬᠡᠯ᠎ᠤᠨ ᠠᠵᠢᠯ᠎ᠤᠨ ᠨᠥᠬᠥᠴᠡᠯ᠎ᠢ ᠰᠠᠢ᠌ᠵᠢᠷᠠᠭᠣᠯᠣᠨ᠎ᠠ᠃ ᠲᠤᠭ᠎ᠠ ᠪᠦᠷᠢᠳᠬᠡᠯ᠎ᠤᠨ ᠠᠵᠢᠯᠲᠠᠨ᠎ᠤ ᠠᠵᠢᠯᠯᠠᠬᠤ ᠲᠠᠯᠠᠪᠤᠷ ᠭᠠᠵᠠᠷ᠎ᠢ ᠪᠠᠲᠤᠯᠠᠵᠤ᠂ ᠲᠤᠰᠬᠠᠶ ᠠᠵᠢᠯᠯᠠᠬᠤ ᠲᠥᠬᠦᠭᠡᠷᠦᠮᠵᠢ ᠪᠠ ᠲᠠᠩᠰᠠ ᠡᠪᠬᠡᠮᠡᠯ ᠬᠠᠳᠠᠭ᠋ᠠᠯᠠᠬᠤ ᠪᠡᠯᠡᠳᠬᠡᠮᠵᠢ ᠳᠣᠭᠢᠷᠠᠭᠤᠯᠤᠨ᠂ ᠲᠣᠭᠲᠠᠮᠠᠯ ᠬᠥᠷᠥᠩᠭᠡ᠎ᠶᠢᠨ ᠬᠠᠮᠢᠶᠠᠷᠤᠯᠲᠠ᠎ᠶᠢ ᠴᠢᠩᠭ᠋ᠠᠳᠬᠠᠵᠤ᠂ ᠬᠠᠭᠤᠴᠢᠷᠬᠠᠰᠠᠨ ᠲᠥᠬᠦᠭᠡᠷᠦᠮᠵᠢ᠎ᠶᠢ ᠴᠠᠭ ᠲᠤᠬᠠᠶ᠎ᠳᠤ ᠨᠢ ᠰᠢᠨᠡᠳᠬᠡᠨ᠎ᠡ᠃
4. ᠲᠣᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠭᠤᠯᠬᠤ ᠪᠠᠶ᠋ᠢᠭᠤᠯᠤᠯᠲᠠ᠎ᠶᠢ ᠠᠬᠢᠭᠤᠯᠤᠨ᠎ᠠ᠃ ᠲᠤᠭ᠎ᠠ ᠪᠦᠷᠢᠳᠬᠡᠯ᠎ᠤᠨ ᠠᠵᠢᠯ᠎ᠤᠨ ᠲᠦᠷᠢᠮ᠎ᠢ ᠪᠠᠶ᠋ᠢᠭᠤᠯᠤᠨ ᠪᠦᠷᠢᠨᠰᠢᠭᠦᠯᠬᠦ᠎ᠶᠢ ᠵᠢᠯᠣᠭᠤᠳᠴᠤ᠂ ᠲᠤᠭ᠎ᠠ ᠪᠦᠷᠢᠳᠬᠡᠯ᠎ᠤᠨ ᠠᠩᠬᠠᠨ᠎ᠤ ᠲᠡᠮᠳᠡᠭᠯᠡᠯ ᠪᠠ ᠡᠬᠡ ᠲᠠᠩᠰᠠ᠎ᠶᠢᠨ ᠬᠠᠮᠢᠶᠠᠷᠤᠯᠲᠠ᠎ᠶᠢ ᠵᠢᠷᠤᠮᠵᠢᠭᠤᠯᠵᠤ᠂ ᠲᠤᠭ᠎ᠠ ᠪᠦᠷᠢᠳᠬᠡᠯ᠎ᠤᠨ ᠮᠠᠲ᠋ᠧᠷᠢᠶᠠᠯ᠎ᠢ ᠲᠥᠷᠥᠯ ᠬᠤᠪᠢᠶᠠᠨ ᠬᠠᠮᠢᠶᠠᠷᠬᠤ ᠱᠠᠭ᠋ᠠᠷᠳᠠᠯᠭ᠎ᠠ ᠪᠠ ᠬᠠᠳᠠᠭ᠋ᠠᠯᠠᠬᠤ ᠬᠤᠭᠤᠴᠠᠭ᠎ᠠ᠎ᠶᠢ ᠲᠣᠳᠣᠷᠬᠠᠶ᠋ᠢᠯᠠᠨ᠎ᠠ᠃
5. ᠲᠣᠭ᠎ᠠ ᠪᠦᠷᠢᠳᠬᠡᠯ᠎ᠤᠨ ᠮᠡᠳᠡᠭᠡ ᠵᠠᠩᠭᠢᠴᠢᠯᠠᠯᠲᠠ᠎ᠶᠢᠨ ᠬᠢᠷᠢ ᠲᠥᠪᠰᠢᠨ᠎ᠢ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ᠎ᠤᠨ ᠮᠡᠳᠡᠭᠡ ᠵᠠᠩᠭᠢᠴᠢᠯᠠᠯᠲᠠ᠎ᠶᠢᠨ ᠪᠠᠶ᠋ᠢᠭᠤᠯᠤᠯᠲᠠ᠎ᠶᠢ ᠡᠯᠧᠺᠲᠷᠣᠨ ᠵᠠᠰᠠᠭ᠎ᠤᠨ ᠶᠠᠪᠤᠳᠠᠯ᠎ᠤᠨ ᠶᠡᠷᠦᠩᠬᠡᠶ ᠲᠥᠯᠥᠪᠵᠢᠭᠦᠯᠭᠡ᠎ᠳᠤ ᠣᠷᠣᠭᠤᠯᠵᠤ᠂ ᠳᠥᠷᠪᠡᠨ ᠱᠠᠲᠤᠨ᠎ᠤ ᠲᠤᠭ᠎ᠠ ᠪᠦᠷᠢᠳᠬᠡᠯ᠎ᠤᠨ ᠲᠤᠰᠬᠠᠶ ᠰᠦᠯᠵᠢᠶᠡᠨ᠎ᠤ ᠰᠠᠭ᠋ᠠᠳ ᠥᠬᠡᠶ ᠨᠡᠪᠲᠡᠷᠡᠬᠦ ᠵᠢ ᠪᠠᠲᠤᠯᠠᠵᠤ᠂ ᠲᠤᠭ᠎ᠠ ᠪᠦᠷᠢᠳᠬᠡᠯ᠎ᠤᠨ ᠮᠡᠳᠡᠭᠡ ᠵᠠᠩᠭᠢ᠎ᠶᠢᠨ ᠠᠮᠤᠷ ᠲᠦᠪᠰᠢᠨ᠎ᠤ ᠬᠠᠮᠢᠶᠠᠷᠤᠯᠲᠠ᠎ᠶᠢ ᠴᠢᠩᠭ᠋ᠠᠷᠠᠭᠤᠯᠤᠨ᠎ᠠ᠃
6. ᠬᠠᠤᠯᠢ ᠶᠣᠰᠣᠭ᠋ᠠᠷ ᠲᠣᠭ᠎ᠠ ᠪᠦᠷᠢᠳᠬᠡᠯ᠎ᠤᠨ ᠠᠵᠢᠯ᠎ᠤᠨ ᠡᠷᠴᠢᠮ᠎ᠢ ᠴᠢᠩᠭ᠋ᠠᠷᠠᠭᠤᠯᠤᠨ᠎ᠠ᠃ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠶᠢᠨ ᠬᠡᠷᠡᠭᠵᠢᠭᠦᠯᠬᠦ ᠴᠤᠪᠤᠷᠠᠯ᠎ᠢ ᠵᠢᠷᠤᠮᠵᠢᠭᠤᠯᠵᠤ᠂ ᠲᠤᠭ᠎ᠠ ᠪᠦᠷᠢᠳᠬᠡᠯ᠎ᠤᠨ ᠠᠵᠢᠯᠲᠠᠨ᠎ᠤ ᠬᠠᠤᠯᠢᠵᠢᠯ᠎ᠤᠨ ᠪᠣᠯᠪᠠᠰᠣᠷᠠᠯ᠎ᠳᠤ ᠣᠷᠣᠯᠴᠠᠬᠤ᠎ᠶᠢ ᠱᠠᠭ᠋ᠠᠷᠳᠠᠵᠤ᠂ ᠲᠤᠭ᠎ᠠ ᠪᠦᠷᠢᠳᠬᠡᠯ᠎ᠤᠨ ᠬᠠᠤᠯᠢᠵᠢᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠲᠤᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠶᠢᠨ ᠪᠠᠶ᠋ᠢᠴᠠᠭ᠋ᠠᠯᠲᠠ᠎ᠶᠢ ᠬᠠᠮᠵᠢᠨ ᠭᠦᠢ᠍ᠴᠡᠳᠭᠡᠨ᠎ᠡ᠃
7. ᠠᠵᠢᠯᠲᠠᠨ᠎ᠤ ᠪᠦᠬᠦᠯᠢ ᠴᠣᠭᠴᠠ᠎ᠶᠢᠨ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠪᠠᠢ᠌ᠩᠭᠤᠰᠢᠭᠰᠠᠨ ᠪᠤᠯᠪᠠᠰᠤᠷᠠᠯ᠎ᠤᠨ ᠲᠣᠭᠲᠠᠴᠠ᠎ᠶᠢ ᠪᠠᠶ᠋ᠢᠭᠤᠯᠵᠤ᠂ ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠪᠤᠯᠪᠠᠰᠤᠷᠠᠯ᠎ᠤᠨ ᠡᠭᠦᠷᠭᠡ ᠬᠠᠷᠢᠭᠤᠴᠠᠯᠭ᠎ᠠ ᠪᠠ ᠨᠡᠢ᠌ᠳᠡᠮ ᠬᠠᠮᠤᠷᠬᠤ ᠱᠠᠭ᠋ᠠᠷᠳᠠᠯᠭ᠎ᠠ᠎ᠶᠢ ᠲᠣᠳᠣᠷᠬᠠᠶ᠋ᠢᠯᠠᠨ᠎ᠠ᠃
(ᠭᠤᠷᠪᠠ) ᠪᠠᠳᠤᠯᠠᠭ᠎ᠠ᠎ᠶᠢᠨ ᠠᠷᠭ᠎ᠠ ᠬᠡᠮᠵᠢᠶ᠎ᠠ
ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠠᠵᠢᠯ᠎ᠤᠨ ᠵᠠᠷᠤᠳᠠᠯ᠎ᠢ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠬᠤ᠎ᠶᠢ ᠲᠣᠳᠣᠷᠬᠠᠶ᠋ᠢᠯᠠᠵᠤ᠂ ᠢᠯᠠᠩᠭᠤᠶ᠎ᠠ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ (ᠰᠠᠭᠤᠭ᠋ᠠᠯᠢ ᠠᠷᠠᠳ)᠎ᠤ ᠠᠷᠠᠳ᠎ᠤᠨ ᠵᠥᠪᠯᠡᠯ᠎ᠤᠨ ᠲᠤᠭ᠎ᠠ ᠪᠦᠷᠢᠳᠬᠡᠯ᠎ᠤᠨ ᠠᠵᠢᠯᠲᠠᠨ (ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠎ᠶᠢᠨ ᠣᠷᠣᠨ ᠲᠤᠭᠠᠳᠤ ᠪᠠᠶ᠋ᠢᠭ᠎ᠠ ᠬᠥᠮᠦᠰ) ᠵᠢᠴᠢ ᠤᠯᠤᠰ᠎ᠤᠨ ᠪᠠᠶ᠋ᠢᠳᠠᠯ ᠤᠯᠤᠰ᠎ᠤᠨ ᠴᠢᠬᠤᠯᠠ ᠶᠡᠭᠡ ᠬᠦᠴᠦᠨ᠎ᠤ ᠨᠡᠶ᠋ᠢᠳᠡᠮ ᠪᠠᠶ᠋ᠢᠴᠠᠭ᠋ᠠᠯᠲᠠ᠂ ᠪᠠᠶ᠋ᠢᠴᠠᠭ᠋ᠠᠯᠲᠠ᠎ᠶᠢᠨ ᠠᠵᠢᠯ᠎ᠤᠨ ᠳᠤᠮᠳᠠᠬᠢ ᠨᠡᠶ᠋ᠢᠳᠡᠮ ᠪᠠᠶ᠋ᠢᠴᠠᠭ᠋ᠠᠯᠲᠠ᠎ᠶᠢᠨ ᠵᠢᠭ᠋ᠠᠨ ᠵᠢᠯᠣᠭᠤᠳᠣᠭᠴᠢ ᠪᠠ ᠨᠡᠶ᠋ᠢᠳᠡᠮ ᠪᠠᠶ᠋ᠢᠴᠠᠭ᠋ᠠᠭᠴᠢ᠎ᠶᠢᠨ ᠬᠥᠳᠡᠯᠮᠦᠷᠢ᠎ᠶᠢᠨ ᠬᠥᠯᠥᠰᠥ ᠣᠯᠭᠤᠮᠵᠢ ᠪᠠ ᠨᠥᠬᠦᠪᠥᠷᠢ ᠵᠠᠷᠤᠳᠠᠯ᠎ᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
ᠬᠤᠶᠠᠷ᠂ ᠲᠥᠷᠥ᠎ᠶᠢᠨ ᠪᠣᠳᠣᠯᠭ᠎ᠠ᠎ᠶᠢᠨ ᠭᠢᠯᠠᠰ ᠴᠡᠭ
(ᠨᠢᠭᠡ) ᠲᠤᠭ᠎ᠠ ᠪᠦᠷᠢᠳᠬᠡᠯ᠎ᠤᠨ ᠠᠵᠢᠯ᠎ᠤᠨ ᠬᠠᠷᠠᠯᠲᠠ ᠨᠠᠩ ᠲᠣᠳᠣᠷᠬᠠᠶ ᠪᠣᠯᠪᠠ
ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠠᠵᠢᠯ᠎ᠳᠤ 《ᠨᠠᠢ᠍ᠮᠠ᠎ᠶᠢ ᠪᠦᠷᠢᠳᠦᠭᠦᠯᠵᠦ ᠨᠠᠢ᠍ᠮᠠ᠎ᠶᠢ ᠵᠢᠷᠣᠮᠵᠢᠭᠣᠯᠬᠣ》 ᠬᠠᠷᠠᠯᠲᠠ᠎ᠶᠢ ᠳᠤᠷᠠᠳᠪᠠ᠂ ᠠᠵᠢᠯ᠎ᠤᠨ ᠪᠠᠶ᠋ᠢᠷᠢ᠎ᠲᠠᠢ᠂ ᠠᠵᠢᠯᠲᠠᠨ᠎ᠲᠠᠢ᠂ ᠵᠠᠷᠤᠳᠠᠯ᠎ᠲᠠᠢ᠂ ᠲᠠᠯᠠᠪᠤᠷ ᠭᠠᠵᠠᠷ᠎ᠲᠠᠢ᠂ ᠲᠥᠬᠦᠭᠡᠷᠦᠮᠵᠢ᠎ᠲᠠᠢ᠂ ᠰᠦᠯᠵᠢᠶ᠎ᠡ᠎ᠲᠠᠢ᠂ ᠳᠦᠷᠢᠮ᠎ᠲᠠᠢ᠂ ᠪᠣᠯᠪᠠᠰᠣᠷᠠᠯ᠎ᠲᠠᠢ ᠪᠠᠢ᠌ᠵᠤ᠂ ᠲᠤᠭ᠎ᠠ ᠪᠦᠷᠢᠳᠬᠡᠯ᠎ᠤᠨ ᠬᠠᠮᠢᠶᠠᠷᠤᠯᠲᠠ᠎ᠶᠢ ᠳᠦᠷᠢᠮᠵᠢᠭᠦᠯᠬᠦ᠂ ᠲᠣᠭ᠎ᠠ ᠪᠦᠷᠢᠳᠭᠡᠯ᠎ᠦᠨ ᠠᠵᠢᠯᠲᠠᠨ᠎ᠢ ᠲᠣᠰᠬᠠᠢ᠌ᠵᠢᠭᠤᠯᠬᠤ᠂ ᠲᠤᠭ᠎ᠠ ᠪᠦᠷᠢᠳᠬᠡᠯ᠎ᠤᠨ ᠬᠦᠰᠦᠨᠦᠭᠲᠦ᠎ᠶᠢ ᠪᠠᠷᠢᠮᠵᠢᠶᠠᠵᠢᠭᠤᠯᠬᠤ᠂ ᠲᠤᠭ᠎ᠠ ᠪᠦᠷᠢᠳᠬᠡᠯ᠎ᠤᠨ ᠡᠬᠡ ᠲᠠᠩᠰᠠ᠎ᠶᠢ ᠡᠯᠧᠺᠲ᠋ᠷᠣᠨᠴᠢᠯᠠᠬᠤ᠂ ᠲᠣᠭ᠎ᠠ ᠪᠦᠷᠢᠳᠭᠡᠯ᠎ᠦᠨ ᠮᠠᠲᠸᠷᠢᠶᠠᠯ᠎ᠢ ᠳᠠᠩᠰᠠ ᠡᠪᠬᠡᠮᠡᠯᠵᠢᠭᠦᠯᠬᠦ᠂ ᠲᠤᠭ᠎ᠠ ᠪᠦᠷᠢᠳᠬᠡᠯ᠎ᠤᠨ ᠠᠵᠢᠯ᠎ᠢ ᠬᠠᠤᠯᠢᠵᠢᠭᠤᠯᠬᠤ᠂ ᠲᠤᠭ᠎ᠠ ᠪᠦᠷᠢᠳᠬᠡᠯ᠎ᠤᠨ ᠮᠡᠳᠡᠭᠡ ᠵᠠᠩᠭᠢ᠎ᠶᠢ ᠰᠦᠯᠵᠢᠶᠡᠵᠢᠭᠦᠯᠬᠦ᠂ ᠲᠤᠭ᠎ᠠ ᠪᠦᠷᠢᠳᠬᠡᠯ᠎ᠤᠨ ᠤᠬᠠᠭᠤᠯᠭ᠎ᠠ᠎ᠶᠢ ᠪᠠᠢ᠌ᠩᠭᠤᠰᠢᠭᠤᠯᠬᠤᠶᠢ ᠪᠡᠶᠡᠯᠡᠭᠦᠯᠵᠦ᠂ ᠦᠨᠳᠦᠰᠦᠨ ᠱᠠᠲᠤᠨ᠎ᠤ ᠲᠤᠭ᠎ᠠ ᠪᠦᠷᠢᠳᠬᠡᠯ᠎ᠤᠨ ᠠᠵᠢᠯ᠎ᠢ ᠥᠷᠨᠢᠭᠦᠯᠬᠦ᠎ᠳᠤ ᠲᠣᠳᠣᠷᠬᠠᠶ ᠵᠢᠯᠣᠭᠤᠳᠣᠯᠭ᠎ᠠ ᠪᠠ ᠪᠠᠷᠢᠮᠵᠢᠶ᠎ᠠ ᠬᠠᠩᠭ᠋ᠠᠭᠰᠠᠨ ᠪᠠᠶ᠋ᠢᠨ᠎ᠠ᠃
(ᠬᠤᠶᠠᠷ) ᠦᠨᠳᠦᠰᠦᠨ ᠱᠠᠲᠤᠨ᠎ᠤ ᠲᠤᠭ᠎ᠠ ᠪᠦᠷᠢᠳᠬᠡᠯ᠎ᠤᠨ ᠬᠦᠴᠦᠨ᠎ᠤ ᠪᠠᠲᠤᠯᠠᠭ᠎ᠠ ᠨᠠᠩ ᠬᠦᠴᠦᠲᠡᠶ ᠪᠣᠯᠪᠠ
ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠲᠤᠭ᠎ᠠ ᠪᠦᠷᠢᠳᠬᠡᠯ᠎ᠤᠨ ᠠᠵᠢᠯᠲᠠᠨ᠎ᠤ ᠲᠣᠭᠲᠠᠪᠤᠷᠢᠲᠤ ᠴᠢᠨᠠᠷ ᠵᠢᠴᠢ ᠭᠠᠴᠠᠭ᠎ᠠ ᠲᠣᠰᠬᠤᠨ (ᠨᠡᠶ᠋ᠢᠭᠡᠮ ᠲᠣᠭᠤᠷᠢᠭ)᠎ᠤ ᠲᠤᠭ᠎ᠠ ᠪᠦᠷᠢᠳᠬᠡᠯ᠎ᠤᠨ ᠠᠵᠢᠯᠲᠠᠨ (ᠠᠯᠪᠠᠨ ᠪᠠᠶ᠋ᠢᠭᠤᠯᠭ᠎ᠠ᠂ ᠠᠵᠢᠯ ᠦᠢ᠍ᠯᠡᠰ᠎ᠤᠨ ᠨᠢᠭᠡᠴᠢ᠎ᠶᠢᠨ ᠣᠷᠣᠨ ᠲᠤᠭᠠᠳᠤ ᠪᠠᠶ᠋ᠢᠭ᠎ᠠ ᠬᠥᠮᠦᠰ)᠎ᠤ ᠬᠥᠳᠡᠯᠮᠦᠷᠢ᠎ᠶᠢᠨ ᠬᠥᠯᠥᠰᠥ ᠣᠯᠭᠤᠮᠵᠢ ᠪᠠ ᠨᠥᠬᠦᠪᠥᠷᠢ ᠵᠠᠷᠤᠳᠠᠯ᠎ᠢ ᠪᠠᠲᠤᠯᠠᠵᠤ᠂ ᠠᠵᠢᠯᠲᠠᠨ᠎ᠤ ᠠᠵᠢᠯ᠎ᠤᠨ ᠰᠢᠨᠵᠢ ᠴᠢᠨᠠᠷ᠎ᠤᠨ ᠬᠤᠪᠢᠷᠠᠭᠤᠯᠤᠯᠲᠠ᠎ᠶᠢ ᠬᠤᠰᠢᠭᠤ ᠰᠢᠶᠠᠨ᠎ᠤ ᠱᠠᠲᠤᠨ᠎ᠤ ᠲᠤᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠢᠶᠠᠷ ᠵᠥᠪᠰᠢᠶᠡᠷᠡᠭᠦᠯᠬᠦ᠎ᠶᠢᠨ ᠬᠠᠮᠲᠣ ᠳᠠᠩᠰᠠᠯᠠᠭᠤᠯᠬᠤ ᠴᠢᠬᠤᠯᠠᠲᠠᠶ ᠪᠠᠶ᠋ᠢᠬᠤ᠎ᠶᠢ ᠲᠣᠳᠣᠷᠬᠠᠶ᠋ᠢᠯᠠᠬᠤ᠎ᠶᠢᠨ ᠵᠡᠷᠭᠡ᠎ᠪᠡᠷ ᠰᠠᠶ᠋ᠢᠨ ᠳᠤᠷ᠎ᠠ᠎ᠶᠢᠨ ᠠᠵᠢᠯᠯᠠᠭᠴᠢ ᠡᠯᠰᠡᠬᠦ ᠵᠡᠷᠭᠡ ᠠᠷᠭ᠎ᠠ ᠮᠠᠶᠢᠭ᠎ᠢᠶᠡᠷ ᠠᠵᠢᠯᠲᠠᠨ᠎ᠤ ᠬᠦᠴᠦᠨ ᠬᠦᠷᠦᠯᠴᠡᠬᠦ ᠥᠬᠡᠶ ᠪᠠᠶ᠋ᠢᠬᠤ ᠠᠰᠠᠭᠤᠳᠠᠯ᠎ᠢ ᠨᠠᠮᠳᠠᠭᠤᠯᠵᠤ᠂ ᠲᠤᠭ᠎ᠠ ᠪᠦᠷᠢᠳᠬᠡᠯ᠎ᠤᠨ ᠠᠵᠢᠯ᠎ᠤᠨ ᠦᠷᠭᠦᠯᠵᠢᠯᠡᠨ ᠲᠣᠭᠲᠠᠭᠤᠨ᠎ᠢᠶᠡᠷ ᠥᠷᠨᠢᠬᠦ᠎ᠶᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
(ᠭᠤᠷᠪᠠ) ᠬᠠᠤᠯᠢ ᠶᠣᠰᠣᠭ᠋ᠠᠷ ᠪᠦᠷᠢᠳᠭᠡᠬᠦ ᠬᠢᠭᠡᠳ ᠠᠵᠢᠯᠲᠠᠨ᠎ᠤ ᠬᠡᠪ ᠪᠤᠯᠪᠠᠰᠤᠷᠠᠯ᠎ᠢ ᠳᠡᠭᠡᠭᠰᠢᠯᠡᠭᠦᠯᠬᠦ᠎ᠶᠢ ᠠᠬᠢᠭᠤᠯᠪᠠ
ᠨᠢᠭᠡ ᠲᠠᠯ᠎ᠠ᠎ᠪᠠᠷ ᠬᠠᠤᠯᠢ ᠶᠣᠰᠣᠭ᠋ᠠᠷ ᠪᠦᠷᠢᠳᠭᠡᠬᠦ ᠱᠠᠭ᠋ᠠᠷᠳᠠᠯᠭ᠎ᠠ᠎ᠶᠢ ᠴᠢᠩᠭ᠋ᠠᠷᠠᠭᠤᠯᠵᠤ᠂ ᠲᠤᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠶᠢᠨ ᠴᠣᠪᠣᠷᠠᠯ᠎ᠢ ᠵᠢᠷᠤᠮᠵᠢᠭᠤᠯᠤᠨ᠂ ᠬᠠᠤᠯᠢ᠎ᠪᠠᠷ ᠵᠠᠰᠠᠬᠤ ᠪᠤᠯᠪᠠᠰᠤᠷᠠᠯ ᠪᠠ ᠤᠬᠠᠭᠤᠯᠭ᠎ᠠ᠎ᠶᠢ ᠴᠢᠩᠭ᠋ᠠᠳᠬᠠᠨ᠎ᠠ; ᠨᠥᠭᠦᠭᠡ ᠲᠠᠯ᠎ᠠ᠎ᠪᠠᠷ ᠪᠠᠢ᠌ᠩᠭᠤᠰᠢᠭᠰᠠᠨ ᠪᠤᠯᠪᠠᠰᠤᠷᠠᠯ᠎ᠤᠨ ᠲᠣᠭᠲᠠᠴᠠ᠎ᠶᠢ ᠪᠠᠶ᠋ᠢᠭᠤᠯᠵᠤ᠂ ᠰᠤᠮᠤ ᠰᠢᠶᠠᠩ ᠪᠠᠯᠭ᠋ᠠᠰᠤᠨ᠎ᠤ ᠲᠤᠭ᠎ᠠ ᠪᠦᠷᠢᠳᠬᠡᠯ᠎ᠤᠨ ᠠᠵᠢᠯᠲᠠᠨ᠎ᠤ ᠣᠨ᠎ᠤ ᠡᠭᠡᠯᠵᠢᠲᠦ ᠪᠤᠯᠪᠠᠰᠤᠷᠠᠯ᠎ᠢ ᠨᠡᠶ᠋ᠢᠳᠡᠮ ᠬᠠᠮᠤᠷᠤᠭᠤᠯᠬᠤ᠎ᠶᠢ ᠦᠨᠡᠨ ᠬᠦ᠌ ᠪᠠᠲᠤᠯᠠᠵᠤ᠂ ᠲᠤᠭ᠎ᠠ ᠪᠦᠷᠢᠳᠬᠡᠯ᠎ᠤᠨ ᠠᠵᠢᠯᠲᠠᠨ᠎ᠤ ᠬᠠᠤᠯᠢᠵᠢᠯ ᠦᠵᠡᠯ ᠤᠬᠠᠮᠰᠠᠷ ᠪᠠ ᠲᠤᠬᠠᠶ᠋ᠢᠯᠠᠭᠰᠠᠨ ᠠᠵᠢᠯ᠎ᠤᠨ ᠴᠢᠳᠠᠪᠤᠷᠢ᠎ᠶᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠎ᠡ᠃