12 ᠳ᠋ᠤᠭᠠᠷ ᠰᠠᠷ᠎ᠠ᠎ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ 《 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠶ᠎ᠠ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ᠎ᠢᠶᠠᠷ 《ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠴᠡᠴᠡᠭᠯᠡᠭᠦᠯᠦᠨ ᠬᠥᠭᠵᠢᠭᠦᠯᠵᠦ ᠠᠷᠠᠳ ᠲᠦᠮᠡᠨ᠎ᠦ ᠰᠣᠶᠣᠯ᠎ᠤᠨ ᠬᠡᠷᠡᠭᠴᠡᠭᠡ᠎ᠶᠢ ᠬᠠᠩᠭᠠᠶ᠎ᠠ》 ᠭᠡᠬᠦ ᠲᠤᠰᠬᠠᠢ ᠲᠠᠯᠠᠪᠤᠷ᠎ᠤᠨ ᠰᠣᠨᠢᠨ ᠮᠡᠳᠡᠭᠡ ᠨᠡᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ ᠪᠠ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠠᠨ᠎ᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠠᠬᠢ ᠰᠣᠶᠣᠯ᠎ᠤᠨ ᠦᠢᠯᠡᠰ ᠪᠠ ᠰᠣᠶᠣᠯ᠎ᠤᠨ ᠠᠵᠤ ᠦᠢᠯᠡᠰ᠎ᠢ ᠴᠡᠴᠡᠭᠯᠡᠭᠦᠯᠦᠨ ᠬᠥᠭᠵᠢᠭᠦᠯᠦᠭᠰᠡᠨ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠪᠠ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ᠂ ᠪᠥᠬᠥ ᠣᠷᠣᠨ᠎ᠳᠤ ᠭᠣᠣᠯᠳᠠᠯᠭ᠎ᠠ ᠪᠣᠯᠬᠤ ᠰᠣᠶᠣᠯ᠎ᠤᠨ ᠠᠵᠤ ᠦᠢᠯᠡᠰ᠎ᠦᠨ ᠲᠥᠷᠥᠯ ᠵᠦᠢᠯ᠎ᠢ ᠨᠡᠢᠲᠡ 136 ᠬᠡᠷᠡᠭᠵᠢᠭᠦᠯᠵᠦ᠂ ᠨᠡᠶ᠋ᠢᠲᠡ 451.9 ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠬᠢᠭᠡᠳ ᠠᠵᠤ ᠦᠢᠯᠡᠰ᠎ᠦᠨ ᠬᠥᠭᠵᠢᠯᠲᠡ᠎ᠶᠢᠨ ᠰᠠᠢᠨ ᠣᠷᠴᠢᠯ᠎ᠢ ᠪᠣᠶ ᠪᠣᠯᠭᠠᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ ᠴᠢᠨ ᠬᠤᠸᠠ ᠵᠧᠨ ᠪᠥᠬᠥ ᠣᠷᠣᠨ᠎ᠤ ᠰᠣᠶᠣᠯ᠎ᠤᠨ ᠠᠵᠤ ᠦᠢᠯᠡᠰ᠎ᠦᠨ ᠬᠠᠤᠯᠢ᠎ᠶᠢᠨ ᠡᠷᠬᠡᠲᠡᠨ᠎ᠦ ᠨᠢᠭᠡᠴᠢ ᠬᠥᠷᠥᠩᠭᠡ ᠨᠢ 2020 ᠣᠨ᠎ᠳᠤ ᠨᠡᠢᠲᠡ 1155 ᠳ᠋ᠦᠩᠰᠢᠭᠤᠷ ᠲᠥᠭᠥᠷᠢᠭ ᠪᠠᠢᠭᠰᠠᠨ᠎ᠠᠴᠠ ᠨᠡᠮᠡᠭᠳᠡᠭᠡᠳ 1470 ᠭᠠᠷᠤᠢ ᠳ᠋ᠦᠩᠰᠢᠭᠤᠷ ᠲᠥᠭᠥᠷᠢᠭ ᠪᠣᠯᠵᠤ᠂ ᠡᠵᠡᠩᠨᠡᠯᠲᠡ᠎ᠶᠢᠨ ᠣᠷᠣᠯᠭ᠎ᠠ ᠨᠢ 236 ᠳ᠋ᠦᠩᠰᠢᠭᠤᠷ ᠲᠥᠭᠥᠷᠢᠭ ᠪᠠᠢᠭᠰᠠᠨ᠎ᠠᠴᠠ ᠨᠡᠮᠡᠭᠳᠡᠭᠡᠳ 344 ᠳ᠋ᠦᠩᠰᠢᠭᠤᠷ ᠲᠥᠭᠥᠷᠢᠭ ᠪᠣᠯᠵᠠᠢ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠰᠢᠰᠲᠧᠮ᠎ᠦᠨ ᠬᠢᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭᠵᠢᠭᠦᠯᠬᠦ ᠪᠠᠢᠯᠳᠤᠬᠤ ᠪᠣᠳᠣᠯᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠳᠤ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶᠢᠨ ᠣᠷᠣᠨ ᠪᠠᠢᠬᠤ ᠦᠭᠡᠢ ᠪᠠᠢᠭᠰᠠᠨ᠎ᠠᠴᠠ ᠪᠠᠢᠬᠤ ᠪᠣᠯᠣᠭᠰᠠᠨ᠎ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠵᠢᠭᠤᠯᠴᠢᠯᠠᠯ ᠠᠮᠠᠷᠠᠯᠲᠠ᠎ᠶᠢᠨ ᠣᠷᠣᠨ 17 ᠳᠤ ᠬᠦᠷᠴᠦ᠂ ᠪᠥᠬᠥ ᠣᠷᠣᠨ᠎ᠤ ᠵᠢᠭᠤᠯᠴᠢᠯᠠᠯ᠎ᠤᠨ ᠦᠵᠡᠮᠵᠢ᠎ᠶᠢᠨ ᠣᠷᠣᠨ᠎ᠤ ᠠᠵᠢᠯᠲᠠᠨ 2.7 ᠲᠦᠮᠡ᠎ᠳᠦ ᠬᠦᠷᠴᠦ᠂ 10.4 ᠲᠦᠮᠡᠨ ᠬᠥᠮᠥᠨ᠎ᠦ ᠠᠵᠢᠯ ᠣᠯᠭᠣᠯᠲᠠ᠎ᠶᠢ ᠨᠥᠯᠥᠭᠡᠯᠡᠨ ᠳᠠᠶ᠋ᠢᠴᠢᠯᠠᠪᠠ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠬᠦᠨ ᠲᠢᠩᠬᠢᠮ᠎ᠦᠨ ᠳᠡᠳ᠋ ᠳᠠᠷᠤᠭ᠎ᠠ ᠵᠠᠩ ᠸᠧᠨ ᠵᠢᠶᠦ᠋ᠨ ᠮᠦᠽᠧᠢ᠎ᠶᠢᠨ ᠵᠢᠭᠤᠯᠴᠢᠯᠠᠯ᠎ᠤᠨ ᠰᠢᠨ᠎ᠡ ᠡᠭᠦᠳᠦᠯᠲᠡ ᠲᠡᠢ ᠬᠥᠭᠵᠢᠯᠲᠡ᠎ᠶᠢ ᠠᠬᠢᠭᠤᠯᠵᠤ᠂ ᠰᠣᠳᠣᠨ ᠪᠦᠲᠦᠭᠡᠯ᠎ᠦᠨ ᠦᠵᠡᠰᠬᠦᠯᠡᠩ᠎ᠢ ᠵᠠᠯᠭᠠᠭ᠎ᠠ᠎ᠪᠠᠷ 600 ᠭᠠᠷᠤᠢ ᠭᠠᠷᠭᠠᠵᠤ᠂ ᠵᠢᠭᠤᠯᠴᠢᠯᠠᠭᠴᠢᠳ᠎ᠢ ᠵᠢᠯ᠎ᠳᠦ ᠲᠦᠮᠡ ᠭᠠᠷᠤᠢ ᠬᠥᠮᠥᠨ ᠤᠳᠠᠭ᠎ᠠ᠎ᠪᠠᠷ ᠲᠠᠲᠠᠭᠰᠠᠨ ᠰᠣᠶᠣᠯ ᠵᠢᠭᠤᠯᠴᠢᠯᠠᠯ ᠠᠭᠤᠰᠤᠯᠴᠠᠭᠰᠠᠨ ᠲᠦᠷᠦᠯ ᠵᠦᠢᠯ 100 ᠠᠴᠠ ᠳᠡᠭᠡᠭᠰᠢ᠎ᠳᠦ ᠬᠦᠷᠴᠦ᠂ ᠰᠣᠶᠣᠯ᠎ᠤᠨ ᠦᠷᠳᠡᠭ ᠬᠢᠭᠡᠳ ᠵᠢᠭᠤᠯᠴᠢᠯᠠᠯ᠎ᠤᠨ ᠠᠵᠤ ᠠᠬᠤᠢ᠎ᠪᠠᠨ ᠬᠣᠣᠰ ᠴᠢᠭᠯᠡᠯ᠎ᠢᠶᠡᠷ ᠡᠷᠴᠢᠮᠯᠡᠬᠦ᠎ᠶᠢ ᠪᠡᠶᠡᠯᠡᠭᠦᠯᠵᠡᠢ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠷᠠᠯᠢᠭ᠋᠎ᠤᠨ ᠲᠥᠷᠥᠯ᠎ᠦᠨ ᠭᠣᠣᠯᠳᠠᠯᠭ᠎ᠠ ᠪᠣᠯᠬᠤ ᠵᠣᠬᠢᠶᠠᠨ ᠪᠦᠲᠦᠭᠡᠯᠭᠡ᠎ᠶᠢᠨ ᠡᠯ᠎ᠡ ᠲᠥᠷᠥᠯ ᠵᠦᠢᠯ᠎ᠢ ᠨᠡᠶ᠋ᠢᠲᠡ 86 ᠨᠥᠭᠡᠴᠡᠯᠡᠵᠦ᠂ ᠣᠯᠠᠨ ᠪᠦᠲᠦᠭᠡᠯ ᠨᠢ ᠤᠯᠤᠰ᠎ᠤᠨ ᠲᠠᠰ᠎ᠤᠨ ᠵᠢᠷᠤᠮᠵᠢᠯ᠎ᠤᠨ ᠴᠢᠨᠠᠷᠲᠠᠢ ᠱᠠᠩᠨᠠᠯ᠎ᠢ ᠭᠠᠷᠳᠠᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠰᠠᠨᠠᠭᠠᠴᠢᠯᠠᠭᠠᠲᠤ ᠴᠢᠨᠠᠷᠲᠠᠢ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠲᠥᠷᠥᠯ ᠵᠦᠢᠯ᠎ᠢ ᠨᠡᠢ᠍ᠢᠳᠡ 51 ᠵᠦᠢᠯ (ᠤᠳᠠᠭ᠎ᠠ) ᠬᠡᠷᠡᠭᠵᠢᠭᠦᠯᠪᠡ᠃ ᠳᠥᠷᠪᠡᠳᠦᠭᠡᠷ ᠤᠳᠠᠭᠠᠨ᠎ᠤ ᠪᠥᠬᠥ ᠤᠯᠤᠰ᠎ᠤᠨ ᠲᠡᠦᠬᠡ᠎ᠶᠢᠨ ᠳᠤᠷᠠᠰᠬᠠᠯᠲᠤ ᠵᠦᠢᠯ᠎ᠦᠨ ᠨᠡᠢᠳᠡᠮ ᠪᠠᠢᠴᠠᠭᠠᠯᠲᠠ᠎ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠭᠡᠯ ᠣᠯᠵᠤ᠂ 21099 ᠭᠠᠵᠠᠷ᠎ᠲᠤ 《ᠭᠤᠷᠪᠠᠳᠤᠭᠠᠷ ᠪᠠᠢᠴᠠᠭᠠᠯᠲᠠ》᠎ᠳᠠᠬᠢ ᠳᠠᠩᠰᠠᠯᠠᠭᠤᠯᠤᠭᠰᠠᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠴᠥᠮ ᠳᠠᠬᠢᠨᠲᠠ ᠪᠠᠢᠴᠠᠭᠠᠵᠤ ᠳᠠᠭᠤᠰᠬᠠᠭᠠᠳ᠂ ᠰᠢᠯᠵᠢᠭᠦᠯᠵᠦ ᠪᠣᠯᠣᠰᠢ ᠦᠭᠡᠢ ᠲᠡᠦᠬᠡ᠎ᠶᠢᠨ ᠳᠤᠷᠠᠰᠬᠠᠯᠲᠤ ᠵᠦᠢᠯ᠎ᠢ ᠰᠢᠨ᠎ᠡ᠎ᠪᠡᠷ 2015 ᠢᠯᠡᠷᠡᠭᠦᠯᠪᠡ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠲᠣᠪᠴᠢᠶ᠎ᠠ᠎ᠶᠢᠨ ᠲᠣᠪᠴᠢᠶᠠᠨ ᠳᠠᠷᠤᠭ᠎ᠠ ᠼᠤᠤ ᠵᠢᠶᠠᠨ ᠧᠨ ᠤᠯᠤᠰ᠎ᠤᠨ ᠬᠠᠭᠤᠴᠢ ᠰᠤᠳᠤᠯᠤᠯ᠎ᠤᠨ ᠪᠠᠭᠤᠷᠢ᠎ᠶᠢᠨ ᠴᠡᠴᠡᠷᠯᠢᠭ ᠪᠠᠢᠬᠤ ᠦᠭᠡᠢ ᠪᠠᠢᠭᠰᠠᠨ᠎ᠠᠴᠠ ᠪᠠᠢᠬᠤ ᠪᠣᠯᠣᠭᠰᠠᠨ᠎ᠢ ᠪᠡᠶᠡᠯᠡᠭᠦᠯᠵᠦ᠂ ᠪᠦᠬᠦ ᠣᠷᠣᠨ᠎ᠤ ᠳᠠᠩᠰᠠᠯᠠᠭᠤᠯᠤᠭᠰᠠᠨ ᠮᠦᠽᠧᠢ 158 ᠳᠤ ᠬᠦᠷᠴᠦ᠂ 《ᠲᠡᠦᠬᠡ᠎ᠶᠢᠨ ᠳᠤᠷᠠᠰᠬᠠᠯᠲᠤ ᠵᠦᠢᠯᠡᠰᠲᠡᠬᠢ ᠥᠪᠥᠷ ᠮᠣᠩᠭᠣᠯ》 ᠵᠡᠷᠭᠡ ᠤᠯᠠᠨ ᠰᠢᠷᠢᠰ ᠤᠬᠠᠭᠤᠯᠭ᠎ᠠ᠎ᠶᠢᠨ ᠪᠦᠲᠦᠭᠡᠯ ᠭᠠᠷᠭᠠᠵᠤ᠂ 《ᠦᠨᠳᠦᠰᠦ》 ᠭᠡᠬᠦ ᠪᠦᠲᠦᠭᠡᠯ ᠨᠢ ᠳᠤᠮᠳᠠᠳᠤ᠎ᠶᠢᠨ ᠲᠡᠦᠬᠡ᠎ᠶᠢᠨ ᠳᠤᠷᠠᠰᠬᠠᠯᠲᠤ ᠵᠦᠢᠯᠡᠰ᠎ᠢ ᠤᠯᠠᠮᠵᠢᠯᠠᠨ ᠲᠠᠷᠬᠠᠭᠠᠬᠤ ᠰᠣᠳᠣᠨ ᠪᠦᠲᠦᠭᠡᠯ᠎ᠢᠶᠡᠷ ᠰᠣᠩᠭᠣᠭᠳᠠᠵᠤ᠂ ᠥᠪᠥᠷ ᠮᠣᠩᠭᠣᠯ᠎ᠤᠨ ᠰᠣᠶᠣᠯ᠎ᠤᠨ ᠨᠥᠯᠥᠭᠡᠯᠡᠬᠦ ᠬᠦᠴᠦᠨ᠎ᠢ ᠪᠦᠲᠦᠮᠵᠢᠲᠡᠢ ᠥᠷᠭᠡᠳᠬᠡᠵᠡᠢ᠃

《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ᠎ᠶᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ ᠨᠢᠭᠡ ᠪᠦᠯᠦᠭ ᠨᠡᠷ᠎ᠡ ᠴᠤᠤ ᠲᠠᠢ᠂ ᠨᠥᠯᠥᠭᠡ᠎ᠲᠠᠢ ᠪᠠᠢᠩᠭᠤᠰᠢᠭᠰᠠᠨ ᠰᠣᠶᠣᠯ᠎ᠤᠨ ᠠᠵᠢᠯᠯᠠᠭᠠᠨ᠎ᠤ ᠨᠠᠷᠠᠲᠤ ᠲᠡᠮᠳᠡᠭ᠎ᠢ ᠪᠦᠲᠦᠭᠡᠵᠦ᠂ ᠠᠷᠠᠳ᠎ᠲᠤ ᠠᠰᠢᠭ᠋ ᠬᠦᠷᠲᠡᠭᠡᠬᠦ ᠠᠵᠢᠯᠯᠠᠭ᠎ᠠ᠎ᠶᠢ ᠨᠡᠶ᠋ᠢᠲᠡ 20 ᠲᠦᠮᠡ ᠭᠠᠷᠤᠢ ᠤᠳᠠᠭ᠎ᠠ ᠥᠷᠨᠢᠭᠦᠯᠪᠡ᠃

ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ ᠲᠢᠩᠬᠢᠮ᠎ᠦᠨ ᠳᠡᠳ᠋ ᠳᠠᠷᠤᠭ᠎ᠠ ᠯᠢᠦ ᠫᠧᠩ ᠹᠧᠢ ᠪᠦᠬᠦ ᠣᠷᠣᠨ᠎ᠤ ᠤᠯᠠᠨ ᠨᠡᠶ᠋ᠢᠲᠡ᠎ᠶᠢᠨ ᠰᠣᠶᠣᠯ᠎ᠤᠨ ᠪᠡᠯᠡᠳᠬᠡᠮᠵᠢ᠎ᠶᠢᠨ ᠣᠯᠠᠨ ᠲᠦᠮᠡᠨ᠎ᠳᠦ ᠦᠢᠯᠡᠴᠢᠯᠡᠭᠰᠡᠨ ᠬᠡᠮᠵᠢᠶ᠎ᠡ ᠨᠢ ᠵᠢᠯ᠎ᠳᠦ 1 ᠳ᠋ᠦᠩᠰᠢᠭᠤᠷ ᠭᠠᠷᠤᠢ ᠬᠥᠮᠥᠨ ᠤᠳᠠᠭ᠎ᠠ᠎ᠳᠤ ᠬᠦᠷᠴᠦ᠂ ᠤᠯᠠᠨ ᠲᠦᠮᠡᠨ᠎ᠦ ᠰᠣᠶᠣᠯ᠎ᠤᠨ ᠠᠮᠢᠳᠤᠷᠠᠯ᠎ᠤᠨ ᠬᠦᠷᠲᠡᠮᠵᠢ᠎ᠶᠢᠨ ᠲᠥᠷᠥᠭᠳᠡᠯ ᠢᠯᠡᠳᠲᠡ ᠨᠡᠮᠡᠭᠳᠡᠵᠡᠢ᠃