12 ᠰᠠᠷ᠎ᠠ᠎ᠶᠢᠨ 25 ᠤ ᠡᠳᠦᠷ᠂ ᠦᠪᠦᠷ ᠮᠤᠡᠭᠭᠤᠯ᠎ᠦᠨ ᠦᠪᠡᠷᠲᠡᠭᠡᠨ ᠵᠠᠰᠠᠬᠤ ᠤᠷᠤᠨ᠎ᠤ ᠠᠷᠠᠳ᠎ᠦᠨ ᠵᠠᠰᠠᠭ᠎ᠦᠨ ᠤᠷᠳᠤᠨ᠎ᠤ ᠰᠤᠨᠢᠨ ᠮᠡᠳᠡᠭᠡᠨ᠎ᠤ ᠠᠯᠪᠠᠨ ᠭᠡᠷ 《 〈ᠠᠷᠪᠠᠨ ᠳᠦᠷᠪᠡᠳᠦᠭᠡᠷ ᠲᠠᠪᠤᠨ ᠵᠢᠯ〉᠎ᠦᠨ ᠲᠦᠯᠦᠪᠵᠢᠭᠦᠯᠭᠡ᠎ᠶᠢ ᠪᠡᠶᠡᠯᠡᠭᠦᠯᠵᠦ ᠴᠢᠨᠠᠷ ᠰᠠᠢᠲᠠᠢ ᠬᠦᠭᠵᠢᠯᠲᠡ᠎ᠶᠢ ᠠᠬᠢᠭᠤᠯᠬᠤ》 ᠰᠢᠷᠢᠰ ᠭᠤᠤᠯ ᠰᠡᠳᠦᠪᠲᠦ ᠰᠤᠨᠢᠨ ᠮᠡᠳᠡᠭᠡ ᠨᠡᠢᠲᠡᠯᠡᠬᠦ ᠬᠤᠷᠠᠯ᠎ᠦᠨ 《ᠨᠠᠡᠭ ᠦᠨᠳᠦᠷ ᠲᠦᠪᠰᠢᠨ ᠪᠦᠬᠦᠢ ᠠᠮᠤᠭᠤᠯᠠᠡᠭ᠎ᠳᠤ ᠦᠪᠦᠷ ᠮᠤᠡᠭᠭᠤᠯᠢ ᠪᠦᠳᠦᠭᠡᠨ ᠪᠠᠢᠭᠤᠯᠵᠤ ᠡᠭᠡ ᠤᠯᠤᠰ᠎ᠦᠨ ᠤᠮᠠᠷᠠᠳᠤ ᠬᠢᠯᠢ᠎ᠶᠢᠨ ᠠᠮᠤᠷ ᠲᠦᠪᠰᠢᠨ ᠲᠤᠬᠳᠠᠭᠤᠨ᠎ᠤ ᠬᠠᠯᠬᠠᠪᠴᠢ᠎ᠶᠢ ᠪᠠᠳᠤ ᠴᠤᠬᠴᠠᠯᠠᠬᠤ》 ᠲᠤᠰᠬᠠᠢ ᠲᠠᠯᠠᠪᠠᠢ ᠰᠤᠨᠢᠨ ᠮᠡᠳᠡᠭᠡ ᠨᠡᠢᠲᠡᠯᠡᠬᠦ ᠬᠤᠷᠠᠯ ᠬᠢᠵᠤ᠂ ᠦᠪᠡᠷᠳᠡᠭᠡᠨ ᠵᠠᠰᠠᠬᠤ ᠤᠷᠤᠨ᠎ᠤ ᠨᠠᠮ᠎ᠦᠨ ᠬᠤᠷᠢᠶ᠎ᠠ᠎ᠶᠢᠨ ᠤᠯᠤᠰ ᠲᠦᠷᠦ ᠬᠠᠤᠯᠢ ᠴᠠᠭᠠᠵᠠ᠎ᠶᠢᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠳᠠ᠎ᠶᠢᠨ ᠲᠢᠡᠭᠭᠢᠮ᠂ ᠦᠪᠡᠷᠳᠡᠭᠡᠨ ᠵᠠᠰᠠᠬᠤ ᠤᠷᠤᠨ᠎ᠤ ᠵᠠᠬ᠎ᠠ ᠲᠡᠯᠭᠡᠭᠦᠷ᠎ᠦᠨ ᠬᠢᠨᠠᠯᠳᠠ ᠬᠠᠮᠢᠶᠠᠷᠤᠯᠳᠠ᠎ᠶᠢᠨ ᠲᠤᠪᠴᠢᠶ᠎ᠠ᠂ ᠦᠪᠡᠷᠲᠡᠭᠡᠨ ᠵᠠᠰᠠᠬᠤ ᠤᠷᠤᠨ᠎ᠤ ᠲᠤᠳᠤᠭᠠᠳᠤ᠎ᠶᠢ ᠬᠠᠮᠠᠭᠠᠯᠠᠬᠤ ᠲᠢᠡᠭᠬᠢᠮ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠢ ᠤᠷᠢᠵᠤ᠂ 《ᠠᠷᠪᠠᠨ ᠳᠦᠷᠪᠡᠳᠦᠭᠡᠷ ᠲᠠᠪᠤᠨ ᠵᠢᠯ》᠎ᠤᠨ ᠲᠦᠯᠦᠪᠵᠢᠭᠦᠯᠭᠡ᠎ᠳᠡᠬᠢ ᠦᠪᠦᠷ ᠮᠤᠡᠭᠭᠤᠯ᠎ᠦᠨ ᠠᠮᠤᠷ ᠲᠦᠪᠰᠢᠨ᠎ᠤ ᠭᠦᠭᠵᠢᠯᠳᠠ᠎ᠶᠢᠨ ᠬᠤᠷᠢᠭ᠎ᠠ ᠱᠤᠭᠤᠮ᠎ᠢ ᠪᠠᠳᠤ ᠰᠠᠬᠢᠵᠤ᠂ ᠨᠡᠢᠭᠡᠮ᠎ᠦᠨ ᠠᠮᠤᠷ ᠲᠤᠬᠳᠠᠭᠤᠨ᠎ᠢ ᠬᠠᠮᠠᠭᠠᠯᠠᠵᠤ᠂ ᠬᠢᠯᠢ ᠬᠢᠵᠠᠭᠠᠷ᠎ᠢ ᠪᠡᠬᠢᠵᠢᠬᠦᠯᠦᠭᠰᠡᠨ ᠬᠠᠮᠢᠶ᠎ᠠ ᠪᠦᠬᠦᠢ ᠠᠷᠭ᠎ᠠ ᠬᠡᠮᠵᠢᠶ᠎ᠠ ᠪᠠ ᠠᠮᠵᠢᠯᠳᠠ ᠪᠦᠳᠦᠮᠵᠢ᠎ᠶᠢ ᠲᠠᠨᠢᠯᠴᠠᠭᠤᠯᠪᠠ᠃
ᠤᠯᠤᠰ᠎ᠤ᠋ᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠢ ᠪᠦᠳᠦᠮᠵᠢᠳᠡᠢ ᠬᠠᠮᠠᠭᠠᠯᠠᠪᠠ
《 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠥᠪᠥᠷ ᠮᠣᠩᠭᠣᠯ ᠤᠯᠤᠰ᠎ᠤᠨ ᠶᠡᠷᠦᠩᠬᠡᠶ ᠠᠮᠤᠷ ᠲᠦᠪᠱᠢᠨ᠎ᠦ ᠦᠵᠡᠯᠲᠡ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ᠎ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠂ ᠬᠢᠯᠢ ᠬᠢᠵᠠᠭᠠᠷ᠎ᠤᠨ ᠲᠤᠬᠳᠠᠭᠤᠨ ᠪᠠᠢᠳᠠᠯ᠎ᠢ ᠦᠷᠭᠦᠯᠵᠢᠯᠡᠨ ᠪᠡᠬᠢᠵᠢᠭᠦᠯᠪᠡ》 ᠭᠡᠵᠦ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶ᠎ᠠ᠎ᠶᠢᠨ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶ᠎ᠠ᠎ᠶᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠎ᠤᠨ ᠡᠷᠬᠢᠯᠡᠭ᠌ᠴᠢ ᠭᠤᠤ ᠬᠤᠸᠠᠢ ᠯᠠᠢ ᠲᠠᠨᠢᠯᠴᠠᠭᠤᠯᠪᠠ᠃
ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠡᠷᠡᠰ ᠬᠠᠮᠠᠭᠠᠯᠠᠪᠠ᠃ ᠥᠪᠥᠷ ᠮᠣᠩᠭᠣᠯ ᠢᠮᠠᠭ᠍ᠲᠠ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠲᠡᠷᠢᠭᠦᠨ ᠪᠠᠢᠷᠢᠨ᠎ᠳᠤ ᠲᠠᠯᠪᠢᠵᠤ᠂ ᠤᠬᠠᠮᠰᠠᠷ᠎ᠠᠴᠠ᠎ᠪᠠᠨ ᠵᠠᠰᠠᠭ ᠤᠨ ᠡᠷᠬᠡ᠎ᠶ᠋ᠢᠨ ᠠᠮᠤᠷ ᠲᠦᠪᠱᠢᠨ᠂ ᠪᠠᠢᠭᠤᠯᠤᠯ᠎ᠤᠨ ᠠᠮᠤᠷ ᠲᠦᠪᠱᠢᠨ᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠮᠤᠷ ᠲᠦᠪᠱᠢᠨ᠎ᠢ ᠬᠠᠮᠠᠭᠠᠯᠠᠵᠤ᠂ ᠤᠯᠤᠰ᠎ᠤᠨ ᠠᠮᠤᠷ ᠲᠦᠪᠱᠢᠨ ᠪᠠ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠪᠠᠳᠤᠯᠠᠪᠠ᠃ ᠤᠯᠤᠰ᠎ᠤᠨ ᠠᠮᠤᠷ ᠲᠦᠪᠱᠢᠨ᠎ᠦ ᠬᠥᠮᠦᠵᠢᠯ᠎ᠢ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠱᠢᠰᠲ᠋ᠧᠮ᠎ᠳᠦ ᠣᠷᠣᠭᠤᠯᠵᠤ᠂ ᠬᠠᠮᠢᠶ᠎ᠠ ᠪᠥᠬᠥᠶ ᠭᠤᠤᠯ ᠰᠡᠳᠦᠪᠲᠦ ᠴᠡᠴᠡᠷᠯᠢᠭ᠂ ᠰᠤᠷᠭᠠᠨ ᠬᠥᠮᠦᠵᠢᠯ᠎ᠦᠨ ᠪᠣᠯᠪᠠᠰᠤᠷᠠᠯ᠎ᠤᠨ ᠰᠠᠭᠤᠷᠢᠨ᠎ᠢ 98 ᠪᠠᠢᠭᠤᠯᠵᠤ᠂ ᠤᠯᠤᠰ᠎ᠤᠨ ᠠᠮᠤᠷ ᠲᠦᠪᠱᠢᠨ᠎ᠦ ᠤᠬᠠᠭᠤᠯᠭ᠎ᠠ ᠬᠥᠮᠦᠵᠢᠯ᠎ᠢ 《ᠳᠣᠯᠣᠭ᠎ᠠ᠎ᠳᠤ ᠣᠷᠣᠭᠤᠯᠬᠤ》᠎ᠶᠢ ᠪᠦᠷᠢᠨ ᠪᠦᠷᠬᠦᠭᠦᠯᠪᠡ᠃
ᠨᠡᠢᠭᠡᠮ᠎ᠦᠨ ᠶᠡᠬᠡ ᠲᠠᠯ᠎ᠠ ᠦᠷᠭᠦᠯᠵᠢᠯᠡᠨ ᠲᠣᠭ᠍ᠲᠠᠭᠤᠨ ᠪᠠᠢᠬᠤ᠎ᠶᠢ ᠪᠠᠳᠤᠯᠠᠪᠠ᠃ 《ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠵᠤ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ》 ᠲᠤᠰᠭᠠᠶ ᠵᠠᠰᠠᠯᠲᠠ᠎ᠪᠠᠷ ᠭᠠᠷᠳᠠᠴᠠ ᠪᠣᠯᠭᠠᠵᠤ᠂ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠬᠡᠮ ᠰᠣᠭᠣᠭ᠎ᠢ ᠪᠦᠲᠦᠮᠵᠢᠲᠡᠶ ᠰᠡᠷᠭᠡᠢᠯᠡᠵᠦ᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠴᠦ ᠴᠡᠭ᠌ᠴᠡᠯᠡᠨ ᠵᠠᠰᠠᠬᠤ 《1+6》 ᠠᠵᠢᠯᠯᠠᠭ᠎ᠠ᠎ᠶ᠋ᠢ ᠥᠷᠨᠢᠭᠦᠯᠪᠡ᠃ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ᠎ᠶ᠋ᠢᠨ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠵᠦ᠍᠂ ᠱᠢᠶᠠᠨ ᠱᠢᠶᠠᠩ ᠬᠣᠶᠠᠷ ᠱᠠᠲᠤᠨ᠎ᠤ ᠶᠡᠷᠦᠩᠬᠡᠢᠯᠡᠨ ᠵᠠᠰᠠᠬᠤ ᠲᠥᠪ᠎ᠦᠨ 《ᠲᠠᠪᠤ᠎ᠶ᠋ᠢ ᠪᠠᠢᠯᠭᠠᠬᠤ ᠨᠣᠷᠮ᠎ᠠ》᠎ᠶᠢ 100% ᠳ᠋ᠤ ᠬᠦᠷᠦᠭᠦᠯᠬᠦ᠌ᠶ᠋ᠢ ᠠᠬᠢᠭᠤᠯᠪᠠ᠃ 《ᠲᠤᠤᠷᠵᠢᠯ᠎ᠦᠨ ᠨᠠᠮ᠎ᠤᠨ ᠳᠤᠭᠤᠢᠯᠠᠩ + ᠲᠤᠤᠷᠵᠢᠯ᠎ᠦᠨ ᠬᠠᠮᠢᠶᠠᠷᠤᠯᠲᠠ᠎ᠶ᠋ᠢᠨ ᠠᠵᠢᠯᠲᠠᠨ + ᠠᠰᠠᠷ (ᠨᠢᠭᠡᠴᠢ᠂ ᠬᠣᠯᠪᠣᠭᠠᠲᠤ ᠡᠷᠦᠬᠡ)᠎ᠤ᠋ᠨ ᠳᠠᠷᠤᠭ᠎ᠠ》᠎ᠶ᠋ᠢᠨ ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠦᠴᠦᠨ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
ᠬᠢᠯᠢ ᠬᠢᠵᠠᠭᠠᠷ ᠣᠷᠣᠨ᠎ᠤ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠡᠭᠭᠠᠳᠬᠠᠪᠠ᠃ 《ᠤᠰᠤ ᠴᠠᠬᠢᠯᠭᠠᠨ ᠵᠠᠮ ᠴᠢᠮᠡᠭᠡ ᠬᠣᠯᠪᠣᠭ᠎ᠠ》᠎ᠶᠢᠨ ᠰᠠᠭᠤᠷᠢ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠳᠦ᠂ 2287 ᠰᠠᠭᠤᠷᠢ ᠬᠤᠳᠳᠤᠭ ᠪᠠᠢᠭᠤᠯᠵᠤ᠂ 2.15 ᠲᠦᠮᠡᠨ ᠮᠠᠯᠴᠢᠨ ᠲᠠᠷᠢᠶᠠᠴᠢᠨ ᠡᠷᠦᠬᠡ᠎ᠳᠦ ᠰᠠᠯᠬᠢ ᠬᠡᠷᠡᠯ ᠬᠠᠷᠢᠯᠴᠠᠨ ᠨᠥᠬᠥᠪᠥᠷᠢᠯᠡᠬᠦ᠌ ᠲᠥᠬᠥᠭᠡᠷᠦᠮᠵᠢ ᠤᠭ᠍ᠰᠠᠷᠠᠨ ᠥᠭ᠌ᠴᠦ᠂ ᠡᠯ᠎ᠡ ᠲᠠᠰ᠎ᠤᠨ ᠵᠠᠰᠠᠮᠠᠯ ᠵᠠᠮ᠎ᠢ 1705 ᠺᠢᠯᠣᠮᠧᠲ᠋ᠷ᠎ᠢ ᠨᠡᠪᠲᠡᠷᠡᠭᠦᠯᠵᠦ᠍᠂ 331 ᠤᠯᠤᠰ᠎ᠤᠨ ᠵᠠᠮ᠎ᠤᠨ 4G ᠳᠣᠬᠢᠶᠠᠨ᠎ᠤ ᠪᠦᠷᠬᠦᠴᠡ᠎ᠶ᠋ᠢᠨ ᠨᠣᠷᠮ᠎ᠠ᠎ᠶ᠋ᠢ 82% ᠪᠣᠯᠭᠠᠨ ᠳᠡᠭᠡᠭ᠌ᠰᠢᠯᠡᠭᠦᠯᠵᠦ᠍᠂ ᠬᠢᠯᠢ ᠬᠢᠵᠠᠭᠠᠷ ᠣᠷᠣᠨ᠎ᠤ ᠮᠠᠯᠴᠢᠨ ᠲᠠᠷᠢᠶᠠᠴᠢᠨ᠎ᠤ 《ᠤᠰᠤ ᠴᠠᠬᠢᠯᠭᠠᠨ ᠵᠠᠮ ᠴᠢᠮᠡᠭᠡ ᠬᠤᠯᠪᠤᠭ᠎ᠠ》᠎ᠶᠢᠨ ᠠᠰᠠᠭᠤᠳᠠᠯ᠎ᠢ ᠦᠨᠳᠦᠰᠦᠨ᠎ᠳᠡᠭᠡᠨ ᠱᠢᠶ᠋ᠳᠪᠦᠷᠢᠯᠡᠪᠡ᠃ 《ᠬᠦᠮᠦᠨ᠎ᠤ ᠰᠡᠷᠭᠡᠢᠯᠡᠯᠳᠡ+ ᠮᠡᠷᠭᠡᠵᠢᠯ᠎ᠦᠨ ᠰᠡᠷᠭᠡᠢᠯᠡᠯᠲᠡ》᠎ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠯ᠎ᠠ ᠨᠤᠲᠤᠭ᠎ᠤᠨ 110᠂ 《ᠬᠤᠪᠢᠰᠭᠠᠯᠲᠤ ᠪᠡᠬᠢᠯᠡᠯᠲᠡ ᠡᠷᠦᠬᠡ》 ᠵᠡᠷᠭᠡ ᠠᠷᠭ᠎ᠠ ᠬᠢᠳᠡᠯ᠎ᠢ ᠲᠡᠯᠭᠡᠷᠡᠬᠦᠯᠵᠦ᠂ ᠬᠢᠯᠢ ᠬᠠᠮᠠᠭᠠᠯᠠᠬᠴᠢ᠎ᠶᠢᠨ ᠡᠡᠭᠨᠡᠭᠡ᠎ᠶᠢ ᠪᠤᠵᠠᠭᠠᠢᠷᠠᠭᠤᠯᠵᠤ᠂ 《ᠣᠶᠤᠨᠴᠢ ᠬᠢᠯᠢ᠎ᠶ᠋ᠢᠨ ᠬᠠᠮᠠᠭᠠᠯᠠᠯᠲᠠ》᠎ᠶ᠋ᠢᠨ ᠪᠠᠢᠭᠤᠯᠤᠯᠲᠠ ᠪᠠ ᠪᠣᠳᠠᠲᠤ ᠪᠠᠢᠯᠳᠤᠭᠠᠨ᠎ᠦ ᠬᠡᠷᠡᠭ᠌ᠯᠡᠯᠲᠡ᠎ᠶ᠋ᠢ ᠲᠦᠷᠭᠡᠳᠭᠡᠨ ᠠᠬᠢᠭᠤᠯᠵᠤ᠂ ᠬᠢᠯᠢ᠎ᠬᠢᠵᠠᠭᠠᠷ᠎ᠢ ᠬᠠᠮᠢᠶᠠᠷᠤᠨ ᠡᠵᠡᠮᠳᠡᠬᠦ᠌ ᠮᠡᠳᠡᠭᠡ ᠵᠠᠩᠭᠢᠵᠢᠯᠲᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃
ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠠᠳᠤᠯᠠᠪᠠ
《ᠪᠥᠬᠥ᠌ ᠣᠷᠣᠨ᠎ᠤ ᠡᠯ᠎ᠡ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ᠎ᠬᠢᠨ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠬᠦᠨᠳᠦ ᠶᠡᠬᠡ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠨᠠᠮᠳᠠᠭᠤᠯᠬᠤ᠎ᠶ᠋ᠢ ᠲᠡᠷᠢᠭᠦᠨ ᠴᠢᠬᠤᠯᠠ ᠡᠭᠦᠷᠭᠡᠪᠣᠯᠭᠠᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ ᠢ ᠪᠥᠬᠥ᠌ ᠬᠦᠴᠦᠨ᠎ᠢᠶᠡᠷ ᠬᠠᠮᠠᠭᠠᠯᠠᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠱᠢᠩ ᠭᠦᠸᠧ ᠱᠢᠶᠠᠨ ᠲᠠᠨᠢᠯᠴᠠᠭᠤᠯᠪᠠ᠃
ᠦᠪᠦᠷ ᠮᠤᠡᠭᠭᠤᠯ ᠨᠠᠮ ᠵᠠᠰᠠᠭ᠎ᠤᠨ ᠤᠳᠤᠷᠢᠳᠭᠤ ᠺᠠᠳ᠋ᠷᠴᠤᠳ᠎ᠤᠨ ᠠᠶᠤᠯᠭᠦᠢ ᠦᠢᠯᠡᠳᠪᠦᠷᠢᠯᠡᠯ᠎ᠦᠨ ᠲᠤᠱᠢᠶᠠᠯ ᠬᠠᠷᠢᠭᠤᠴᠠᠯᠭ᠎ᠠ ᠪᠠ ᠣᠨ᠎ᠤ ᠭᠣᠣᠯᠳᠠᠯᠭ᠎ᠠ᠎ᠲᠠᠶ ᠡᠭᠦᠷᠭᠡ᠎ᠶ᠋ᠢᠨ 《ᠬᠣᠣᠰ ᠨᠠᠷᠢᠨ ᠲᠠᠡᠭᠰᠠ》᠎ᠶᠢ ᠬᠡᠷᠡᠭ᠌ᠵᠢᠭᠦᠯᠵᠦ᠍᠂ ᠠᠶᠤᠯᠭᠦᠢ ᠦᠢᠯᠡᠳᠪᠦᠷᠢᠯᠡᠯ᠎ᠦᠨ 《ᠭᠤᠷᠪᠠ᠎ᠶ᠋ᠢ ᠬᠠᠮᠢᠶᠠᠷᠬᠤ ᠭᠤᠷᠪᠠᠨ ᠡᠷᠬᠡᠪᠰᠢ》᠎ᠶᠢᠨ ᠲᠣᠭ᠍ᠲᠠᠭᠠᠯ᠎ᠢ ᠨᠡᠢᠲᠡᠯᠡᠵᠦ᠍᠂ ᠡᠯ᠎ᠡ ᠬᠦᠷᠢᠶ᠎ᠠ ᠴᠠᠷᠠᠭᠠᠨ᠎ᠤ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢ ᠬᠢᠨᠠᠨ ᠬᠠᠮᠢᠶᠠᠷᠬᠤ ᠲᠤᠱᠢᠶᠠᠯ ᠬᠠᠷᠢᠭᠤᠴᠠᠯᠭ᠎ᠠ ᠪᠠ ᠪᠠᠢᠭᠠᠯᠢ᠎ᠶ᠋ᠢᠨ ᠭᠠᠮᠱᠢᠭ᠎ᠢ 《ᠰᠡᠷᠭᠡᠢᠯᠡᠬᠦ᠌》᠂ 《ᠠᠪᠤᠷᠠᠬᠤ》 ᠲᠤᠱᠢᠶᠠᠯ ᠬᠠᠷᠢᠭᠤᠴᠠᠯᠭ᠎ᠠ᠎ᠶ᠋ᠢ ᠲᠣᠳᠣᠷᠬᠠᠢᠯᠠᠪᠡ᠃ ᠠᠮᠤᠷ ᠲᠦᠪᠱᠢᠨ᠎ᠦ ᠠᠶᠤᠯ ᠲᠦᠭ᠌ᠰᠢᠭᠦᠷᠢ᠎ᠶ᠋ᠢᠨ ᠭᠡᠮ ᠰᠤᠭᠤᠭ᠎ᠢ ᠵᠢᠬᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ ᠠᠵᠢᠯ᠎ᠢ ᠨᠠᠷᠢᠯᠢᠭ ᠣᠨᠣᠴᠠᠲᠠᠢ ᠬᠢᠵᠦ᠍᠂ ᠤᠯᠠᠨ ᠵᠦᠢᠯ᠎ᠦᠨ ᠲᠤᠰᠭᠠᠢ ᠠᠵᠢᠯᠯᠠᠭ᠎ᠠ ᠥᠷᠨᠢᠭᠦᠯᠦᠨ᠂ 1.5 ᠲᠦᠮᠡ ᠭᠠᠷᠤᠢ ᠬᠦᠨᠳᠦ ᠶᠡᠬᠡ ᠡᠨᠳᠡᠯ᠎ᠦᠨ ᠳᠠᠯᠳᠠ ᠭᠡᠮ᠎ᠢ ᠴᠡᠭ᠌ᠴᠡᠯᠡᠨ ᠵᠠᠰᠠᠪᠠ᠃
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠦᠪᠦᠷ ᠮᠤᠡᠭᠭᠤᠯ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠵᠢᠴᠢ ᠪᠠᠲᠤᠯᠠᠬᠤ ᠴᠢᠳᠠᠪᠤᠷᠢ᠎ᠵᠢ ᠱᠢᠰᠲ᠋ᠧᠮ᠎ᠲᠡᠶ ᠳᠡᠭᠡᠭ᠌ᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠬᠠᠸ᠋ ᠵᠥᠪᠯᠡᠯ ᠪᠠᠢᠭᠤᠯᠵᠤ᠂ ᠦᠶᠡᠷ᠎ᠢ ᠰᠡᠷᠭᠡᠢᠯᠡᠵᠦ᠍ ᠭᠠᠩ ᠬᠠᠭ᠍ᠰᠠᠷᠠᠭᠠᠨ᠎ᠲᠠᠶ ᠲᠡᠮᠡᠴᠡᠬᠦ᠌ ᠠᠵᠢᠯ᠎ᠤᠨ ᠵᠢᠯᠣᠭᠣᠳᠭᠤ ᠭᠠᠵᠠᠷ᠂ ᠣᠶ ᠱᠢᠭᠤᠶ ᠨᠤᠲᠤᠭ ᠪᠡᠯᠴᠢᠭᠡᠷ᠎ᠦᠨ ᠭᠠᠯ ᠰᠡᠷᠭᠡᠢᠯᠡᠵᠦ᠍ ᠭᠠᠯ ᠤᠨᠲᠠᠷᠠᠭᠠᠬᠤ ᠠᠵᠢᠯ᠎ᠤᠨ ᠵᠢᠯᠣᠭᠣᠳᠭᠤ ᠭᠠᠵᠠᠷ᠂ ᠭᠠᠵᠠᠷ ᠬᠥᠳᠡᠯᠦᠯᠲᠡ ᠲᠡᠶ ᠲᠡᠮᠡᠴᠡᠵᠦ᠍ ᠭᠠᠮᠱᠢᠭ᠎ᠠᠴᠠ ᠠᠪᠤᠷᠬᠠᠸ᠋ ᠠᠵᠢᠯ᠎ᠤᠨ ᠵᠢᠯᠣᠭᠣᠳᠭᠤ ᠭᠠᠵᠠᠷ᠎ᠤᠨ ᠬᠤᠪᠢᠶᠠᠷᠢ ᠱᠤᠭᠤᠮ᠎ᠢ ᠨᠠᠢᠳᠠᠪᠤᠷᠢᠵᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌᠂ ᠮᠡᠳᠡᠭᠡ ᠵᠠᠩᠭᠢ᠎ᠶ᠋ᠢ ᠬᠠᠮᠲᠤ᠎ᠪᠠᠷ ᠭᠥᠷᠳᠡᠬᠦ᠌᠂ ᠡᠬᠢ ᠪᠠᠶᠠᠯᠢᠭ᠎ᠢ ᠬᠠᠮᠲᠤ᠎ᠪᠠᠷ ᠬᠡᠷᠡᠭ᠌ᠯᠡᠬᠦ᠌᠂ ᠳᠠᠯᠳᠠ ᠬᠡᠮ᠎ᠢ ᠬᠠᠮᠲᠤ᠎ᠪᠠᠷ ᠪᠠᠢᠴᠠᠭᠠᠬᠤ᠂ ᠠᠪᠤᠷᠠᠨ ᠲᠤᠰᠠᠯᠠᠵᠤ ᠬᠣᠯᠪᠣᠭᠠᠯᠠᠨ ᠬᠥᠳᠡᠯᠦᠯᠴᠡᠬᠦ᠌ ᠵᠡᠷᠭᠡ ᠲᠣᠭ᠍ᠲᠠᠴᠠ᠎ᠶ᠋ᠢ ᠪᠠᠢᠭᠤᠯᠪᠠ᠃
ᠦᠨᠳᠦᠰᠦᠨ ᠱᠠᠳᠤ ᠪᠣᠯ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠭᠠᠮᠱᠢᠭ᠎ᠠᠴᠠ ᠠᠪᠤᠷᠠᠬᠤ ᠡᠮᠦᠨ᠎ᠡ ᠹᠷᠣᠨᠲ᠎ᠤᠨ ᠪᠡᠬᠢᠯᠡᠯᠲᠡ ᠮᠥᠨ᠃ 《ᠦᠨᠳᠦᠰᠦᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠴᠢᠳᠠᠪᠤᠷᠢ᠎ᠶ᠋ᠢ ᠴᠢᠨᠠᠭ᠍ᠰᠢᠳᠠ ᠳᠡᠭᠡᠭ᠌ᠰᠢᠯᠡᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》᠎ᠢ ᠳᠠᠷᠤᠮᠠᠯᠯᠠᠨ ᠲᠠᠷᠬᠠᠭᠠᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠠᠵᠢᠯ᠎ᠤᠨ ᠬᠦᠴᠦᠨ᠎ᠢ ᠳᠣᠷᠣᠭ᠍ᠰᠢ ᠪᠠᠭᠤᠯᠭᠠᠬᠤ᠂ ᠪᠠᠲᠤᠯᠠᠭ᠎ᠠ᠎ᠶ᠋ᠢ ᠳᠣᠷᠣᠭ᠍ᠰᠢ ᠬᠡᠯᠪᠡᠢᠯᠭᠡᠵᠦ᠂ ᠪᠣᠭᠣᠮᠲᠠ᠎ᠶ᠋ᠢ ᠤᠷᠤᠭ᠍ᠰᠢ ᠱᠢᠯᠵᠢᠭᠦᠯᠬᠦ᠌᠎ᠶ᠋ᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠪᠠᠴᠢᠮ ᠪᠠᠢᠳᠠᠯ᠎ᠢ ᠠᠷᠭᠠᠴᠠᠭᠠᠵᠤ ᠭᠠᠮᠱᠢᠭ᠎ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ᠌ ᠪᠠᠲᠤᠯᠠᠭ᠎ᠠ᠎ᠶ᠋ᠢᠨ ᠱᠢᠰᠲ᠋ᠧᠮ᠎ᠢ ᠦᠨᠳᠦᠰᠦᠨ᠎ᠳᠡᠭᠡᠨ ᠪᠠᠢᠭᠤᠯᠵᠤ᠂ ᠲᠠᠪᠤᠨ ᠵᠢᠯ᠎ᠦᠨ ᠲᠤᠷᠰᠢ ᠭᠠᠮᠱᠢᠭ᠍ᠳᠠᠭ᠍ᠰᠠᠨ ᠬᠦᠴᠢᠷᠳᠡᠯᠲᠡᠶ ᠣᠯᠠᠨ ᠲᠦᠮᠡᠨ᠎ᠢ 600 ᠭᠠᠷᠤᠶ ᠲᠦᠮᠡᠨ ᠬᠥᠮᠦᠨ ᠤᠳᠠᠭ᠎ᠠ ᠠᠪᠤᠷᠠᠨ ᠲᠤᠰᠠᠯᠠᠪᠠ᠃
ᠢᠳᠡᠭᠡᠨ᠎ᠦ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠡᠬᠢᠵᠢᠭᠦᠯᠪᠡ
《 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ᠌ ᠣᠷᠣᠨ᠎ᠤ ᠢᠳᠡᠭᠡᠨ᠎ᠦ ᠰᠤᠭᠤᠴᠢᠨ ᠪᠠᠢᠴᠠᠭᠠᠯᠲᠠ᠎ᠶ᠋ᠢᠨ ᠬᠢᠷᠢ ᠲᠡᠩᠴᠡᠭ᠌ᠰᠡᠨ ᠨᠣᠷᠮ᠎ᠠ᠎ᠨᠢ 96.8% ᠡᠴᠠ ᠳᠡᠭᠡᠭ᠌ᠰᠢ ᠪᠠᠢᠬᠤ᠎ᠶ᠋ᠢ ᠪᠠᠲᠤᠯᠠᠵᠦ᠂ ᠢᠯᠠᠩᠭᠤᠶ᠎ᠠ ᠴᠠᠭᠠᠨ ᠢᠳᠡᠭᠡᠨ᠂ ᠦᠬᠡᠷ ᠬᠣᠨᠢᠨ ᠮᠢᠬ᠎ᠠ ᠵᠡᠷᠭᠡ ᠶ᠋ᠢᠨ ᠬᠢᠷᠢ ᠲᠡᠩᠴᠡᠭ᠌ᠰᠡᠨ ᠨᠣᠷᠮ᠎ᠠ᠎ᠨᠢ 99% ᠡᠴᠠ ᠳᠡᠭᠡᠭ᠌ᠰᠢᠪᠠᠢᠵᠤ᠂ ᠥᠪᠥᠷ ᠮᠣᠩᠭᠣᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠴᠢᠨᠠᠷ ᠴᠢᠨᠰᠠᠭ᠎ᠠ᠎ᠶ᠋ᠢ ᠢᠯᠡᠷᠡᠭᠦᠯᠪᠡ》 ᠭᠡᠵᠦ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠡᠳ᠋ ᠳᠠᠷᠤᠭ᠎ᠠ ᠨᠢᠩ ᠶᠦᠨ ᠹᠸᠢ ᠲᠠᠨᠢᠯᠴᠠᠭᠤᠯᠪᠠ᠃
ᠦᠪᠦᠷ ᠮᠤᠡᠭᠭᠤᠯ 《ᠲᠠᠷᠢᠶᠠᠨ ᠭᠠᠵᠠᠷ᠎ᠠᠴᠠ ᠬᠣᠭᠣᠯᠠᠨ ᠱᠢᠷᠡᠭᠡ》 ᠬᠦᠷᠲᠡᠯᠡᠬᠢ ᠬᠢᠨᠠᠯᠲᠠ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠢᠳᠡᠭᠡᠨ ᠤᠮᠳᠠᠭᠠᠨᠦ ᠵᠢᠵᠢᠭ ᠦᠶ᠋ᠯᠡᠳᠭᠡᠯ᠎ᠦᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ᠎ᠦ ᠳᠡᠯᠭᠡᠭᠦᠷ ᠪᠠ ᠢᠳᠡᠭᠡᠨ᠎ᠦ ᠫᠠᠨᠽᠠᠴᠢᠨᠦ ᠬᠠᠮᠢᠶᠠᠷᠤᠯᠲᠠ᠎ᠶ᠋ᠢᠨ ᠲᠦᠷᠢᠮ》᠎ᠤ᠋ᠨ ᠢᠵᠢ ᠪᠦᠷᠢᠳᠦᠭᠰᠡᠨ ᠬᠠᠮᠢᠶᠠᠷᠤᠯᠲᠠ᠎ᠶ᠋ᠢᠨ ᠠᠷᠭ᠎ᠠ᠎ᠳᠤ ᠵᠠᠰᠠᠪᠤᠷᠢ ᠣᠷᠣᠭᠤᠯᠵᠤ᠂ ᠢᠳᠡᠭᠡᠨ᠎ᠦ ᠠᠮᠤᠷ ᠲᠦᠪᠱᠢᠨ᠎ᠦ ᠪᠥᠬᠥ᠌ ᠬᠡᠯᠬᠢᠶ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠬᠠᠷᠢᠭᠤᠴᠠᠯᠭ᠎ᠠ᠎ᠶ᠋ᠢᠨ ᠨᠠᠷᠢᠨ ᠳᠠᠩᠰᠠ᠎ᠶ᠋ᠢ ᠲᠣᠭ᠍ᠲᠠᠭᠠᠵᠦ᠂ ᠮᠡᠳᠡᠭᠡ ᠵᠠᠩᠭᠢ᠎ᠶ᠋ᠢ ᠬᠠᠮᠲᠤ ᠪᠠᠷ ᠡᠳ᠋ᠯᠡᠬᠦ ᠵᠡᠷᠭᠡ 13 ᠵᠦᠶ᠋ᠯ᠎ᠦᠨ ᠬᠠᠮᠳᠤᠷᠠᠯᠴᠠᠭᠠᠨ᠎ᠤ ᠲᠣᠭ᠍ᠲᠠᠴᠠ᠎ᠶ᠋ᠢ ᠪᠠᠢᠭᠤᠯᠤᠨ᠂ ᠠᠵᠢᠯ᠎ᠤᠨ ᠬᠠᠮᠳᠤᠷᠠᠯ ᠬᠦᠴᠦᠨ᠎ᠢ ᠪᠦᠷᠢᠯᠳᠦᠭᠦᠯᠪᠡ᠃
ᠭᠣᠣᠯᠳᠠᠯᠭ᠎ᠠ᠎ᠲᠠᠶ ᠢᠳᠡᠭᠡᠨ ᠦᠢᠯᠡᠳᠪᠤᠷᠢᠯᠡᠬᠦ ᠠᠵᠤ ᠠᠬᠤᠢᠯᠠᠯ᠎ᠳᠤ ᠴᠢᠩᠭ᠎ᠠ ᠱᠢᠰᠲ᠋ᠧᠮ᠎ᠦᠨ ᠪᠠᠢᠴᠠᠭᠠᠯᠲᠠ᠎ᠶ᠋ᠢ ᠬᠡᠷᠡᠭ᠌ᠵᠢᠭᠦᠯᠵᠦ᠍᠂ ᠰᠤᠷᠭᠠᠭᠤᠯᠢ᠎ᠶ᠋ᠢᠨ ᠬᠣᠭᠣᠯᠠᠨ ᠭᠡᠷ᠎ᠲᠦ ᠪᠦᠬᠦᠨ᠎ᠢ ᠪᠦᠷᠬᠦᠭᠦᠯᠦᠭᠰᠡᠨ ᠬᠢᠨᠠᠯᠲᠠ ᠪᠠᠢᠴᠠᠭᠠᠯᠲᠠᠬᠢᠵᠤ᠂ 《ᠢᠨᠲ᠋ᠧᠷ ᠰᠦᠯᠵᠢᠶ᠎ᠡ + ᠠᠷᠢᠭᠤᠨ ᠴᠡᠪᠡᠷ ᠲᠣᠭᠣᠭᠠᠨ ᠭᠡᠷ》᠎ᠢ᠋ ᠳᠡᠯᠭᠡᠷᠡᠭᠦᠯᠦᠨ᠂ ᠪᠦᠬᠦ᠌ ᠣᠷᠣᠨ᠎ᠤ ᠰᠤᠷᠭᠠᠭᠤᠯᠢ᠎ᠶ᠋ᠢᠨ ᠬᠣᠭᠣᠯᠠᠨ ᠭᠡᠷ᠂ ᠲᠣᠮᠣ ᠬᠡᠯᠪᠡᠷᠢ᠎ᠶ᠋ᠢᠨ ᠢᠳᠡᠭᠡᠨ ᠤᠮᠳᠠᠭᠠᠨ᠎ᠤ ᠨᠢᠭᠡᠴᠢ᠎ᠶ᠋ᠢᠨ ᠬᠠᠮᠤᠷᠤᠬᠰᠠᠨ ᠨᠣᠷᠮ᠎ᠠ᠎ᠶ᠋ᠢ 98% ᠳ᠋ᠸ᠋ ᠬᠦᠷᠦᠭᠦᠯᠪᠡ᠃
ᠥᠪᠡᠷᠲᠡᠭᠡᠨ ᠵᠠᠰᠠᠬᠤ ᠣᠷᠣᠨ᠎ᠤ ᠢᠳᠡᠭᠡᠨ᠎ᠦ ᠠᠮᠤᠷ ᠲᠦᠪᠱᠢᠨ᠎ᠦ ᠮᠡᠳᠡᠭᠡ ᠵᠠᠩᠭᠢ᠎ᠶ᠋ᠢᠨ ᠮᠥᠷᠳᠡᠬᠦ ᠱᠢᠰᠲ᠋ᠧᠮ᠎ᠦᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ᠎ᠲᠠᠶ ᠢᠳᠡᠭᠡᠨ᠎ᠦ ᠮᠥᠷᠳᠡᠬᠦ ᠭᠠᠷᠴᠠᠭ᠎ᠢ ᠨᠡᠢᠲᠡᠯᠡᠨ᠂ ᠰᠦ᠂ ᠮᠢᠬ᠎ᠠ᠂ ᠠᠮᠤ ᠪᠤᠳᠠᠭ᠎ᠠ ᠲᠣᠰᠣ ᠵᠡᠷᠭᠡ 39 ᠵᠦᠶ᠋ᠯ᠎ᠦᠨ ᠢᠳᠡᠭᠡᠨ᠎ᠢ ᠮᠥᠷᠳᠡᠬᠦ ᠬᠦᠷᠢᠶ᠎ᠡ ᠬᠡᠪᠴᠢᠶ᠎ᠡ᠎ᠳᠦ ᠣᠷᠣᠭᠤᠯᠪᠠ᠃ ᠢᠳᠡᠭᠡᠨ᠎ᠦ ᠠᠮᠤᠷ ᠲᠦᠪᠱᠢᠨ᠎ᠦ 《ᠢᠨᠲ᠋ᠧᠷ ᠰᠦᠯᠵᠢᠶ᠎ᠡ + AI ᠬᠢᠨᠠᠯᠲᠠ ᠬᠠᠮᠢᠶᠠᠷᠤᠯᠲᠠ》᠎ᠶ᠋ᠢ ᠠᠬᠢᠭᠤᠯᠵᠤ᠂ ᠣᠶᠤᠨᠴᠢ ᠬᠢᠨᠠᠯᠲᠠ ᠬᠠᠮᠢᠶᠠᠷᠤᠯᠲᠠ᠎ᠶ᠋ᠢᠨ ᠱᠢᠨ᠎ᠡ ᠪᠠᠢᠷᠢᠱᠢᠯ᠎ᠢ ᠠᠩᠬ᠎ᠠ ᠠᠯᠬᠤᠮ ᠪᠠᠢᠭᠤᠯᠪᠠ᠃ ᠣᠯᠠᠨ ᠲᠦᠮᠡᠨ᠎ᠤ ᠢᠳᠡᠭᠡᠨ᠎ᠦ ᠠᠮᠤᠷ ᠲᠦᠪᠱᠢᠨ᠎ᠦ ᠬᠡᠪ ᠪᠣᠯᠪᠠᠰᠤᠷᠠᠯ ᠪᠠ ᠡᠷᠬᠡ᠎ᠪᠡᠨ ᠬᠠᠮᠠᠭᠠᠯᠠᠬᠤ ᠤᠬᠠᠮᠰᠠᠷ᠎ᠢ ᠳᠡᠭᠡᠭ᠌ᠰᠢᠯᠡᠭᠦᠯᠵᠦ᠂ 12345᠂ 12315 ᠬᠠᠯᠠᠮᠱᠢᠯ ᠤᠲᠠᠰᠤ᠎ᠪᠠᠷ ᠳᠠᠮᠵᠢᠨ ᠢᠳᠡᠭᠡᠨ᠎ᠦ ᠲᠥᠷᠥᠯ᠎ᠦᠨ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠦᠭ᠌ᠰᠡᠨ ᠬᠡᠷᠡᠭ᠎ᠢ 6.98 ᠲᠦᠮᠡᠨ ᠬᠤᠪᠢ ᠱᠢᠶ᠋ᠳᠪᠦᠷᠢᠯᠡᠵᠦ᠍ ᠳᠠᠭᠤᠰᠭᠠᠪᠠ᠃
ᠨᠡᠢᠭᠡᠮ᠎ᠦᠨ ᠠᠮᠤᠷ᠎ᠢ ᠬᠠᠮᠠᠭᠠᠯᠠᠬᠤ ᠲᠤᠤᠷ᠎ᠢ ᠨᠢᠬᠳᠠ ᠰᠦᠯᠵᠢᠪᠡ
《ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ 〈ᠠᠮᠤᠭᠤᠯᠠᠩᠳᠤ ᠥᠪᠥᠷ ᠮᠣᠩᠭᠣᠯ〉᠎ᠤᠨ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠶ᠋ᠢᠨ ᠲᠣᠭᠣᠷᠢᠨ᠎ᠳᠤ ᠠᠮᠤᠷ᠎ᠢ ᠬᠠᠮᠠᠭᠠᠯᠠᠬᠤ ᠠᠵᠢᠯ᠎ᠤᠨ ᠣᠳᠣᠬᠢᠴᠢᠯᠠᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ 〈ᠴᠣᠬᠢᠯᠲᠠ ᠥᠭ᠌ᠬᠦ ᠰᠡᠷᠭᠡᠢᠯᠡᠬᠦ᠌ ᠬᠠᠮᠢᠶᠠᠷᠬᠤ ᠡᠵᠡᠮᠳᠡᠬᠦ᠌ ᠵᠠᠰᠠᠬᠤ ᠦᠶ᠋ᠯᠡᠴᠢᠯᠡᠬᠦ᠌〉᠎ᠶᠢ ᠪᠥᠬᠥ᠌ ᠲᠠᠯ᠎ᠠ᠎ᠪᠠᠷ ᠴᠢᠩᠭᠠᠳᠭᠠᠵᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ᠎ᠢ ᠪᠥᠲᠥᠭᠡᠨ ᠪᠠᠢᠭᠤᠯᠬᠤ᠎ᠳᠤ ᠬᠦᠴᠦᠨ ᠨᠡᠮᠡᠷᠢᠯᠡᠪᠡ》 ᠭᠡᠵᠦ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠬᠣᠶᠠᠳᠤᠭᠠᠷ ᠳᠡᠰ᠎ᠤᠨ ᠲᠣᠭᠣᠷᠢᠨ ᠪᠠᠢᠴᠠᠭᠠᠭ᠍ᠴᠢ ᠯᠢ ᡁᠢ ᠭᠠᠩ ᠬᠡᠯᠡᠨ᠎ᠠ᠃
ᠠᠮᠤᠷ᠎ᠢ ᠬᠠᠮᠠᠭᠠᠯᠠᠬᠤ ᠬᠦᠷᠢᠶ᠎ᠠ ᠴᠠᠷᠠᠭᠠᠨ᠎ᠳᠡᠬᠢ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠬᠦ ᠥᠨᠳᠥᠷ ᠳᠠᠷᠤᠯᠲᠠᠲᠤ ᠪᠠᠢᠳᠠᠯ᠎ᠢ ᠢᠮᠠᠭ᠍ᠲᠠ ᠪᠠᠲᠤᠯᠠᠵᠤ᠂ ᠠᠷᠠᠳ ᠣᠯᠠᠨ᠎ᠤ ᠲᠤᠰᠭᠠᠯ ᠴᠢᠩᠭ᠎ᠠ ᠪᠠᠢᠭ᠎ᠠ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠪᠠᠢᠩᠭᠤ᠎ᠶ᠋ᠢᠨ ᠴᠢᠨᠠᠷᠲᠠᠶ ᠴᠣᠬᠢᠯᠲᠠ ᠥᠭ᠌ᠴᠦ᠂ 《ᠵᠠᠭᠤᠨ ᠡᠳᠦᠷ᠎ᠦᠨ ᠠᠵᠢᠯᠯᠠᠭ᠎ᠠ》᠂ 《ᠵᠣᠨ᠎ᠤ ᠤᠯᠠᠷᠢᠯ᠎ᠤᠨ ᠠᠵᠢᠯᠯᠠᠭ᠎ᠠ》 ᠵᠡᠷᠭᠡ᠎ᠶᠢ ᠴᠢᠭ᠌ᠯᠡᠭᠦᠯᠦᠯᠳᠦ ᠴᠢᠨᠠᠷᠲᠠᠶ᠎ᠪᠠᠷ ᠵᠣᠬᠢᠶᠠᠨ ᠪᠠᠢᠭᠤᠯᠵᠤ᠂ ᠪᠥᠬᠥ᠌ ᠣᠷᠣᠨ᠎ᠤ ᠠᠮᠤᠷ᠎ᠢ ᠬᠠᠮᠠᠭᠠᠯᠠᠬᠤ ᠬᠡᠷᠡᠭ ᠪᠠ ᠠᠮᠤᠷ᠎ᠢ ᠬᠠᠮᠠᠭᠠᠯᠠᠬᠤ ᠴᠠᠭ᠍ᠳᠠᠭᠠᠨ᠎ᠤ ᠪᠠᠢᠳᠠᠯ᠎ᠤᠨ 《ᠬᠣᠤᠰ ᠪᠠᠭᠤᠷᠠᠯᠳᠠ》᠎ᠶᠢ ᠪᠡᠶᠡᠯᠡᠬᠦᠯᠵᠦ᠂ ᠠᠮᠤᠷ ᠲᠦᠪᠱᠢᠨ ᠲᠣᠭ᠍ᠲᠠᠭᠤᠨ ᠨᠡᠢᠭᠡᠮ᠎ᠦᠨ ᠠᠮᠤᠷ᠎ᠢ ᠬᠠᠮᠠᠭᠠᠯᠠᠬᠤ ᠣᠷᠴᠢᠨ ᠲᠣᠭᠣᠷᠢᠨ᠎ᠢ ᠪᠦᠷᠢᠯᠳᠦᠭᠦᠯᠪᠡ᠃
ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》᠎ᠶᠢ ᠪᠠᠷᠢᠮᠲᠠᠯᠠᠨ ᠬᠥᠭ᠌ᠵᠢᠭᠦᠯᠵᠦ᠍᠂ 《ᠵᠠᠭᠤ ᠲᠦᠮᠡᠨ ᠴᠠᠭ᠍ᠳᠠᠭ᠎ᠠ᠎ᠶ᠋ᠢ ᠲᠦᠭ ᠲᠦᠮᠡᠨ ᠡᠷᠦᠬᠡ᠎ᠪᠡᠷ ᠬᠦᠨᠵᠡᠭᠡᠢᠷᠡᠬᠦᠯᠬᠦ》 ᠠᠵᠢᠯᠯᠠᠭ᠎ᠠ᠎ᠶ᠋ᠢ ᠥᠷᠨᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠨᠠᠮᠳᠠᠭᠤᠯᠬᠤ ᠠᠵᠢᠯ᠎ᠢ ᠭᠦᠨᠵᠡᠭᠡᠢᠷᠡᠭᠦᠯᠵᠦ᠍᠂ ᠠᠮᠤᠷ ᠲᠦᠪᠱᠢᠨ᠎ᠦ ᠬᠡᠮ ᠰᠣᠭᠣᠭ᠎ᠢ ᠴᠠᠭ ᠲᠤᠬᠠᠶ᠎ᠳᠤᠨᠢ ᠢᠯᠡᠷᠡᠭᠦᠯᠦᠨ ᠰᠢᠢᠳᠪᠤᠷᠢᠯᠡᠪᠡ᠃《ᠦᠨᠳᠦᠰᠦᠨ ᠱᠠᠲᠤ᠎ᠶ᠋ᠢ ᠶᠡᠬᠡᠪᠡᠷ ᠠᠳᠭᠤᠬᠤ᠂ ᠰᠠᠭᠤᠷᠢ᠎ᠶ᠋ᠢ ᠶᠡᠬᠡᠪᠡᠷ ᠠᠳᠭᠤᠬᠤ》᠎ᠪᠠᠷ ᠤᠳᠤᠷᠢᠳᠤᠮᠵᠢ ᠪᠣᠯᠭᠠᠵᠤ᠂ ᠭᠤᠤᠯᠳᠠᠯᠭ᠎ᠠ᠎ᠶ᠋ᠢ ᠳᠣᠷᠣᠭ᠍ᠰᠢ ᠱᠢᠯᠵᠢᠭᠦᠯᠬᠦ᠌᠂ ᠴᠠᠭ᠍ᠳᠠᠭᠠᠨ᠎ᠤ ᠬᠦᠴᠦᠨ᠎ᠢ ᠳᠣᠷᠣᠭ᠍ᠰᠢ ᠪᠠᠭᠤᠯᠭᠠᠬᠤ᠂ ᠪᠠᠲᠤᠯᠠᠭ᠎ᠠ᠎ᠶ᠋ᠢ ᠳᠣᠷᠣᠭ᠍ᠰᠢ ᠬᠡᠯᠪᠡᠢᠯᠭᠡᠬᠦ᠌᠎ᠶ᠋ᠢ ᠦᠷᠭᠦᠯᠵᠢᠯᠡᠨ ᠠᠬᠢᠭᠤᠯᠪᠡ᠃
ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠰᠲ᠋ᠧᠮ ᠦᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠂ 《ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ》᠎ᠶᠢᠨ ᠱᠢᠨ᠎ᠡ ᠬᠡᠯᠪᠡᠷᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭ᠍ᠪᠤᠷ᠎ᠢ ᠲᠦᠷᠭᠡᠳᠭᠡᠨ ᠪᠠᠢᠭᠤᠯᠵᠤ᠂ ᠣᠶᠤᠨᠴᠢ ᠠᠮᠤᠷ᠎ᠢ ᠬᠠᠮᠠᠭᠠᠯᠠᠬᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠲᠠᠰ ᠳᠡᠪᠱᠢᠭᠦᠯᠵᠦ᠍᠂ ᠲᠣᠮᠣ ᠳ᠋ᠠᠢᠲ᠋ᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠮᠡᠷᠭᠡᠵᠢᠯ᠎ᠢ ᠶᠡᠷᠦᠩᠬᠡᠢᠯᠡᠨ ᠬᠡᠷᠡᠭ᠌ᠯᠡᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠤᠷ ᠲᠦᠪᠱᠢᠨ᠎ᠦ ᠰᠠᠭᠤᠷᠢ᠎ᠶ᠋ᠢ ᠴᠢᠨᠠᠬᠰᠢᠳᠠ ᠪᠡᠬᠢᠵᠢᠭᠦᠯᠪᠡ᠃ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶᠭᠦᠶ᠋ᠴᠡᠳᠭᠡᠬᠦ》᠂ 《ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌》᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠵᠤ᠂ ᠬᠣᠲᠠ ᠪᠠᠯᠭᠠᠰᠤᠨ᠎ᠤ ᠡᠷᠦᠬᠡ ᠠᠮᠠ᠎ᠶᠢᠨ ᠳᠠᠩᠰᠠ᠎ᠶ᠋ᠢ ᠱᠢᠯᠵᠢᠭᠦᠯᠬᠦ᠌᠎ᠳᠦ ᠰᠠᠭᠠᠳ ᠥᠬᠡᠶ ᠪᠥᠭᠡᠳ ᠳᠥᠭᠥᠮ ᠳᠥᠲᠡ 《ᠮᠤᠵᠢ ᠠᠯᠤᠰᠯᠠᠨ ᠨᠡᠢᠳᠡᠮ ᠭᠦᠶ᠋ᠴᠡᠳᠭᠡᠬᠦ᠌》᠂ 《ᠪᠥᠬᠥ᠌ ᠣᠷᠣᠨ᠎ᠳᠤ ᠨᠡᠢᠳᠡᠮ ᠭᠦᠶ᠋ᠴᠡᠳᠭᠡᠬᠦ᠌》 ᠵᠡᠷᠭᠡ ᠠᠷᠠᠳ᠎ᠲᠤ ᠲᠥᠬᠥᠮ ᠦᠵᠡᠭᠦᠯᠬᠦ᠌ ᠠᠷᠭ᠎ᠠ ᠬᠡᠮᠵᠢᠶ᠎ᠡ᠎ᠶ᠋ᠢ ᠵᠢᠷᠤᠮᠵᠢᠭᠤᠯᠤᠨ ᠬᠡᠷᠡᠭᠵᠢᠬᠦᠯᠵᠦ᠂ ᠠᠷᠠᠳ ᠣᠯᠠᠨ᠎ᠤ ᠬᠠᠨᠤᠮᠵᠢ᠎ᠶᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃