ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠲᠡᠦᠬᠡᠨ᠎ᠳᠡᠬᠢ ᠥᠨᠳᠥᠷ ᠤᠨᠠᠯᠲᠠ ᠲᠠᠢ ᠪᠣᠯᠣᠭ᠍ᠰᠠᠨ ᠬᠣᠶᠠᠲᠠᠬᠢ ᠵᠢᠯ!
ᠨᠡᠶ᠋ᠢᠲᠡᠯᠡᠭᠰᠡᠨ ᠴᠠᠭ᠄ 2025-07-18

ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠰᠣᠨᠢᠨ ᠮᠡᠳᠡᠭᠡᠨ᠎ᠦ ᠠᠯᠪᠠᠨ ᠭᠡᠷ 7 ᠳ᠋ᠤᠭᠠᠷ ᠰᠠᠷ᠎ᠠ᠎ᠶᠢᠨ 17᠎ᠤ ᠡᠳᠦᠷ᠎ᠦᠨ ᠦᠳᠡ᠎ᠶᠢᠨ ᠬᠣᠢᠨ᠎ᠠ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠳᠡᠭᠡᠷ᠎ᠡ ᠬᠠᠭᠠᠰ ᠵᠢᠯ᠎ᠦᠨ ᠲᠠᠷᠢᠶᠠᠯᠠᠩ ᠬᠥᠳᠡᠭᠡ ᠲᠣᠰᠭᠤᠨ᠎ᠤ ᠠᠵᠤ ᠠᠬᠣᠢ᠎ᠶ᠋ᠢᠨ ᠠᠵᠢᠯᠯᠠᠭᠠᠨ᠎ᠤ ᠪᠠᠢᠳᠠᠯ᠎ᠢ ᠲᠠᠨᠢᠯᠴᠠᠭᠤᠯᠤᠭ᠍ᠰᠠᠨ ᠪᠠᠢᠨ᠎ᠠ᠃

ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ ᠪᠥᠬᠥ ᠵᠢᠯ᠎ᠦᠨ ᠠᠮᠤ ᠪᠤᠳᠠᠭᠠᠨ᠎ᠤ ᠤᠨᠠᠯᠲᠠ᠎ᠶ᠋ᠢᠨ ᠰᠠᠭᠤᠷᠢ ᠨᠡᠯᠢᠶᠡᠳ ᠰᠠᠢᠨ᠃ ᠵᠣᠨ᠎ᠤ ᠠᠮᠤ ᠪᠤᠳᠠᠭᠠᠨ᠎ᠤ ᠦᠢᠯᠡᠳᠪᠦᠷᠢᠯᠡᠯ ᠨᠢ ᠬᠡᠰᠡᠭ ᠭᠠᠵᠠᠷ᠎ᠲᠤ ᠡᠭᠦᠰᠦᠭᠰᠡᠨ ᠨᠡᠯᠢᠶᠡᠳ ᠬᠦᠨᠳᠦ ᠭᠠᠩ ᠬᠠᠭᠰᠠᠷᠠᠭᠠᠨ᠎ᠤ ᠨᠥᠯᠥᠭᠡ᠎ᠶᠢ ᠢᠯᠠᠨ ᠳᠠᠪᠠᠵᠤ᠂ ᠤᠨᠠᠯᠲᠠ᠎ᠪᠠᠨ ᠲᠣᠭᠲᠠᠪᠤᠷᠢᠵᠢᠭᠤᠯᠤᠨ ᠡᠯᠪᠡᠭ ᠬᠤᠷᠢᠶᠠᠯᠲᠠ ᠣᠯᠵᠤ᠂ ᠪᠦᠬᠦ᠌ ᠵᠢᠯ᠎ᠦᠨ ᠠᠮᠤ ᠪᠤᠳᠠᠭᠠᠨ᠎ᠤ ᠦᠢᠯᠡᠳᠪᠦᠷᠢᠯᠡᠯ᠎ᠢ ᠲᠣᠭᠲᠠᠪᠤᠷᠢᠵᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭ᠌ᠴᠡᠢ᠃ ᠤᠯᠤᠰ᠎ᠤᠨ ᠲᠣᠭ᠎ᠠ ᠪᠦᠷᠢᠳᠬᠡᠯ᠎ᠦᠨ ᠲᠣᠪᠴᠢᠶ᠎ᠠ᠎ᠶᠢᠨ ᠳ᠋ᠠᠢᠲ᠋ᠠ᠎ᠶᠢ ᠦᠨᠳᠦᠰᠦᠯᠡᠪᠡᠯ᠂ ᠪᠥᠬᠥ ᠤᠯᠤᠰ᠎ᠤᠨ ᠵᠣᠨ᠎ᠤ ᠠᠮᠤ ᠪᠤᠳᠠᠭᠠᠨ᠎ᠤ ᠤᠨᠠᠯᠲᠠ 2994.8 ᠳ᠋ᠦᠩᠰᠢᠭᠤᠷ ᠵᠢᠩ᠎ᠳᠦ ᠬᠦᠷᠴᠦ᠂ ᠨᠢᠳᠤᠨᠤᠨ᠎ᠤ ᠳᠠᠷᠠᠭᠠᠬᠢ ᠲᠡᠦᠬᠡᠨ᠎ᠳᠡᠬᠢ ᠥᠨᠳᠥᠷ ᠤᠨᠠᠯᠲᠠ ᠲᠠᠢ ᠪᠣᠯᠣᠭ᠍ᠰᠠᠨ ᠬᠣᠶᠠᠲᠠᠬᠢ ᠵᠢᠯ ᠪᠣᠯᠪᠠ᠃

ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠄ 

ᠡᠨᠡ ᠵᠢᠯ᠎ᠦᠨ ᠵᠣᠨ᠎ᠤ ᠠᠮᠤ ᠪᠤᠳᠠᠭᠠᠨ᠎ᠤ ᠤᠨᠠᠯᠲᠠ ᠨᠢ ᠬᠡᠰᠡᠭ ᠭᠠᠵᠠᠷ᠎ᠲᠤ ᠡᠭᠦᠰᠦᠭᠰᠡᠨ ᠨᠡᠯᠢᠶᠡᠳ ᠬᠦᠨᠳᠦ ᠭᠠᠩ ᠬᠠᠭᠰᠠᠷᠠᠭᠠᠨ᠎ᠤ ᠨᠥᠯᠥᠭᠡ᠎ᠶᠢ ᠢᠯᠠᠨ ᠳᠠᠪᠠᠵᠤ ᠬᠢᠯᠪᠠᠷ ᠪᠤᠰᠤ᠎ᠪᠠᠷ ᠤᠯᠤᠭ᠍ᠰᠠᠨ ᠶᠤᠮ᠃ ᠡᠭᠦᠨ᠎ᠦ ᠡᠴᠦᠰ᠎ᠲᠦ᠂ ᠨᠡᠯᠢᠶᠡᠳ ᠬᠦᠨᠳᠦ ᠭᠠᠩᠳᠠᠭᠰᠠᠨ᠎ᠠᠴᠠ ᠪᠣᠯᠵᠣ ᠾᠧᠨᠠᠨ ᠮᠤᠵᠢ᠎ᠳᠠᠬᠢ ᠠᠮᠤ ᠪᠤᠳᠠᠭᠠᠨ᠎ᠤ ᠤᠨᠠᠯᠲᠠ 7.1 ᠳ᠋ᠦᠩᠰᠢᠭᠤᠷ ᠵᠢᠩ ᠬᠠᠰᠤᠭᠳᠠᠵᠤ᠂ ᠱᠠᠨᠰᠢ ᠮᠤᠵᠢ᠎ᠳᠠᠬᠢ ᠠᠮᠤ ᠪᠤᠳᠠᠭᠠᠨ᠎ᠤ ᠤᠨᠠᠯᠲᠠ 2.9 ᠳ᠋ᠦᠩᠰᠢᠭᠤᠷ ᠵᠢᠩ ᠬᠠᠰᠤᠭᠳᠠᠵᠠᠢ᠃ 

ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠳ ᠲᠠᠷᠢᠶᠠᠯᠠᠩ᠎ᠤᠨ ᠭᠠᠮᠰᠢᠭ᠋᠎ᠲᠠᠢ ᠲᠡᠮᠡᠴᠡᠵᠦ ᠭᠠᠮᠰᠢᠭ᠋᠎ᠠᠴᠠ ᠠᠪᠤᠷᠠᠬᠤ ᠠᠵᠢᠯ᠎ᠢ ᠶᠡᠬᠡ᠎ᠪᠠᠷ ᠴᠢᠬᠤᠯᠠᠴᠢᠯᠠᠪᠠ᠃ ᠲᠥᠪ᠎ᠦᠨ ᠡᠳ᠋᠎ᠦᠨ ᠵᠠᠰᠠᠭ 16 ᠳ᠋ᠦᠩᠱᠢᠭᠤᠷ ᠲᠥᠭᠥᠷᠢᠭ ᠤᠷᠢᠳᠴᠢᠯᠠᠨ ᠪᠠᠭᠤᠯᠭᠠᠵᠤ ᠪᠠᠢᠭᠠᠳ ᠪᠤᠭᠤᠳᠠᠢ᠎ᠶᠢᠨ 《ᠨᠢᠭᠡ ᠰᠦᠷᠴᠢᠵᠦ ᠭᠤᠷᠪᠠ᠎ᠶ᠋ᠢ ᠰᠡᠷᠭᠡᠢᠯᠡᠬᠦ᠌》 ᠠᠵᠢᠯ᠎ᠢ ᠲᠠᠮᠵᠢᠵᠤ᠂ 3.76  ᠳ᠋ᠦᠩᠰᠢᠭᠤᠷ ᠲᠥᠭᠥᠷᠢᠭ᠎ᠢ ᠴᠠᠭ ᠲᠤᠬᠠᠢ᠎ᠳᠤ ᠨᠢ ᠪᠠᠭᠤᠯᠭᠠᠭᠠᠳ ᠭᠠᠩ ᠬᠠᠭᠰᠠᠷᠠᠭᠠᠨ᠎ᠢ ᠡᠰᠡᠷᠭᠦᠴᠡᠨ ᠪᠤᠭᠤᠳᠠᠢ ᠤᠰᠤᠯᠠᠬᠤ ᠠᠵᠢᠯ᠎ᠢ ᠲᠠᠮᠵᠢᠪᠠ᠃ ᠪᠥᠬᠥ ᠤᠯᠤᠰ᠎ᠲᠤ ᠨᠡᠢᠲᠡ 3.3 ᠳ᠋ᠦᠩᠰᠢᠭᠤᠷ ᠮᠦ᠍ ᠤᠳᠠᠭ᠎ᠠ᠎ᠪᠠᠷ ᠭᠠᠩ ᠬᠠᠭᠰᠠᠷᠠᠭᠠᠨ ᠲᠠᠢ ᠲᠡᠮᠡᠴᠡᠨ ᠪᠤᠭᠤᠳᠠᠢ ᠤᠰᠤᠯᠠᠵᠤ᠂ ᠪᠤᠭᠤᠳᠠᠢ᠎ᠶᠢᠨ 《ᠨᠢᠭᠡ ᠰᠦᠷᠴᠢᠵᠦ ᠭᠤᠷᠪᠠ᠎ᠶ᠋ᠢ ᠰᠡᠷᠭᠡᠢᠯᠡᠬᠦ᠌》 ᠠᠵᠢᠯ᠎ᠢ 1-2 ᠤᠳᠠᠭ᠎ᠠ ᠬᠢᠵᠦ᠂ ᠭᠠᠮᠰᠢᠭ᠋᠎ᠤᠨ ᠬᠣᠬᠢᠷᠠᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠵᠠᠢ᠃ ᠭᠣᠣᠯ ᠤᠨᠠᠯᠲᠠ᠎ᠶᠢᠨ ᠣᠷᠣᠨ᠎ᠤ ᠳᠣᠲᠣᠷ᠎ᠠ᠂ ᠱᠠᠨᠳᠦ᠋ᠩ᠂ ᠾᠧᠪᠧᠢ᠂ ᠰᠸᠴᠣᠸᠡᠨ ᠮᠤᠵᠢ᠎ᠳᠠᠬᠢ ᠠᠮᠦ᠍ ᠪᠣᠳᠠᠭᠠᠨ᠎ᠤ ᠤᠨᠠᠯᠲᠠ ᠲᠤᠰ ᠲᠤᠰ 4.1 ᠳ᠋ᠦᠩᠰᠢᠭᠤᠷ ᠵᠢᠩ᠂ 3.6 ᠳ᠋ᠦᠩᠰᠢᠭᠤᠷ ᠵᠢᠩ ᠪᠠ 2.2 ᠳ᠋ᠦᠩᠰᠢᠭᠤᠷ ᠵᠢᠩ ᠨᠡᠮᠡᠭᠳᠡᠪᠡ᠃ 

ᠲᠠᠷᠢᠶᠠᠯᠠᠩ᠎ᠤᠨ ᠭᠠᠮᠰᠢᠭ᠋᠎ᠢ ᠡᠰᠡᠷᠭᠦᠴᠡᠬᠦ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠤᠶᠠᠨ ᠬᠠᠳᠠᠨ ᠴᠢᠨᠠᠷ᠎ᠢᠶᠠᠨ ᠴᠢᠩᠭᠠᠳᠬᠠᠪᠠ᠃ ᠪᠥᠬᠥ ᠤᠯᠤᠰ᠎ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠶ᠋ᠢᠲᠡ 10 ᠳ᠋ᠦᠩᠰᠢᠭᠤᠷ ᠮᠦ᠍᠎ᠡᠴᠡ ᠳᠡᠭᠡᠭᠰᠢ ᠪᠠᠢᠭᠤᠯᠵᠤ᠂ ᠲᠠᠷᠢᠶᠠᠨ ᠭᠠᠵᠠᠷ᠎ᠤᠨ ᠤᠰᠤᠨ ᠠᠰᠢᠭ᠍ᠯᠠᠯᠲᠠ᠎ᠶᠢᠨ ᠰᠠᠭᠤᠷᠢ ᠪᠡᠯᠡᠳᠭᠡᠮᠵᠢ᠎ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠥ ᠤᠯᠤᠰ᠎ᠤᠨ 3.4 ᠳ᠋ᠦᠩᠰᠢᠭᠤᠷ ᠮᠦ᠍ ᠡᠪᠦᠯ᠎ᠦᠨ ᠪᠤᠭᠤᠳᠠᠢ᠎ᠳᠤ᠂ ᠠᠭᠤᠷ ᠠᠮᠢᠰᠭᠤᠯ᠎ᠢ ᠪᠦᠷᠢᠮᠦᠰᠦᠨ ᠲᠦᠰᠢᠭᠯᠡᠳᠡᠭ ᠬᠠᠭᠤᠷᠠᠢ ᠲᠠᠷᠢᠶᠠᠨ᠎ᠤ ᠪᠤᠭᠤᠳᠠᠢ ᠨᠢ ᠠᠷᠪᠠᠨ᠎ᠤ ᠬᠣᠶᠠᠷ ᠬᠤᠪᠢ ᠣᠷᠴᠢᠮ᠎ᠢ ᠯᠠ ᠡᠵᠡᠯᠡᠵᠦ᠂ ᠠᠷᠪᠠᠨ᠎ᠤ ᠨᠠᠢ᠍ᠮᠠᠨ ᠬᠤᠪᠢ᠎ᠠᠴᠠ ᠳᠡᠭᠡᠭ᠌ᠰᠢᠬᠢ ᠨᠢ ᠤᠰᠤ᠎ᠪᠠᠷ ᠤᠰᠤᠯᠠᠬᠤ ᠨᠥᠬᠥᠴᠡᠯ᠎ᠲᠠᠢ ᠪᠣᠯᠪᠠ᠃ 5 ᠳ᠋ᠤᠭᠠᠷ ᠰᠠᠷ᠎ᠠ᠎ᠶᠢᠨ ᠰᠡᠭᠦᠯᠴᠢ᠎ᠪᠡᠷ᠂ ᠾᠧᠨᠠᠨ ᠬᠤᠪᠧᠢ ᠠᠨᠾᠦ᠋ᠢ ᠮᠤᠵᠢ᠎ᠳᠤ ᠡᠭᠦᠰᠦᠭ᠌ᠰᠡᠨ ᠶᠡᠬᠡ ᠬᠡᠪᠴᠢᠶᠡᠨ᠎ᠦ ᠰᠢᠷᠦᠭᠦᠨ ᠪᠣᠷᠣᠭᠠᠨ᠎ᠳᠤ ᠴᠢᠭᠯᠡᠭᠦᠯᠦᠨ᠂ ᠭᠤᠷᠪᠠᠨ ᠮᠤᠵᠢ᠎ᠶᠢᠨ ᠬᠢᠨ ᠮᠠᠰᠢᠨ ᠪᠠᠭᠠᠵᠢ᠎ᠪᠠᠨ ᠲᠣᠬᠢᠷᠠᠭᠤᠯᠤᠨ ᠡᠳᠦᠷ ᠰᠥᠨᠢ ᠦᠭᠡᠢ ᠠᠵᠢᠯᠯᠠᠵᠤ᠂ ᠠᠵᠢᠯ ᠲᠦᠷᠦᠯ᠎ᠦᠨ ᠰᠢᠰᠲᠧᠮ᠎ᠢᠶᠡᠷ᠎ᠢᠶᠡᠨ ᠲᠤᠰᠠᠯᠠᠯᠴᠠᠬᠤ᠎ᠶᠢ ᠵᠣᠬᠢᠴᠠᠭᠤᠯᠵᠤ᠂ 5 ᠡᠳᠦᠷ᠎ᠲᠦ 1 ᠳ᠋ᠦᠩᠰᠢᠭᠤᠷ ᠮᠦ᠍ ᠪᠤᠭᠤᠳᠠᠢ᠎ᠶᠢ ᠵᠠᠪᠳᠤᠨ ᠬᠤᠷᠢᠶᠠᠪᠠ᠃

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ