ᠰᠢᠨᠬᠤᠸᠠ ᠬᠤᠷᠢᠶ᠎ᠠ᠎ᠶᠢᠨ ᠪᠡᠭᠡᠵᠢᠩ ᠤ᠋ᠨ 7 ᠰᠠᠷ᠎ᠠ᠎ᠶᠢᠨ 21 ᠦ ᠴᠠᠬᠢᠯᠭᠠᠨ ᠮᠡᠳᠡᠭᠡ
ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠬᠡᠷ 21 ᠦ ᠡᠳᠦᠷ 《 〈ᠠᠷᠪᠠᠨ ᠳᠥᠷᠪᠡᠳᠦᠭᠡᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌》 ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ ᠵᠡᠷᠭᠡ ᠬᠤᠯᠪᠤᠬᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ᠎ᠠᠴᠠ ᠮᠠᠨ᠎ᠤ ᠤᠯᠤᠰ᠎ᠤᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠦᠷ᠎ᠡ ᠪᠦᠲᠦᠮᠵᠢ ᠪᠠ ᠱᠢᠨ᠎ᠡ ᠠᠬᠢᠴᠠ᠎ᠶ᠋ᠢ ᠲᠠᠨᠢᠯᠴᠠᠭᠤᠯᠪᠠ᠃
ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠣᠷ ᠤ᠋ᠨ ᠭᠤᠤᠯ ᠴᠤᠬᠴᠠ ᠨᠢ ᠦᠨᠳᠦᠰᠦᠨ᠎ᠳᠡᠭᠡᠨ ᠨᠡᠪᠲᠡᠷᠡᠪᠠ
《ᠲᠡᠮᠦᠷ ᠵᠠᠮ᠎ᠤᠨ ᠡᠵᠡᠩᠨᠡᠯᠲᠡ᠎ᠶ᠋ᠢᠨ ᠵᠠᠮ᠎ᠤᠨ ᠣᠷᠳᠣ 16.2 ᠲᠦᠮᠡᠨ ᠺᠢᠯᠣᠮᠧᠲ᠋ᠷ᠎ᠲᠦ ᠬᠥᠷᠪᠡ》᠂ 《ᠵᠠᠰᠠᠮᠠᠯ ᠵᠠᠮ᠎ᠤᠨ ᠪᠥᠬᠥ᠌ ᠵᠠᠮ᠎ᠤᠨ ᠣᠷᠳᠣ 549 ᠲᠦᠮᠡᠨ ᠺᠢᠯᠣᠮᠧᠲ᠋ᠷ᠎ᠲᠦ ᠬᠥᠷᠪᠡ》᠂ 《ᠳᠡᠭᠡᠳᠦ ᠲᠠᠰ᠎ᠤᠨ ᠠᠶᠠᠯᠠᠯ᠎ᠤᠨ ᠵᠠᠮ᠎ᠤᠨ ᠠᠶᠠᠯᠠᠯ ᠨᠡᠪᠲᠡᠷᠡᠬᠦ᠌ ᠵᠠᠮ᠎ᠤᠨ ᠣᠷᠳᠣ 1.76 ᠲᠦᠮᠡᠨ ᠺᠢᠯᠣᠮᠧᠲ᠋ᠷ᠎ᠲᠦ ᠬᠥᠷᠪᠡ》᠂ 《ᠦᠨᠡᠮᠯᠡᠯ ᠣᠯᠭᠣᠭ᠍ᠰᠠᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ 263 ᠪᠣᠯᠪᠠ》 ᠁ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠰᠠᠢᠳ ᠯᠢᠦ ᠸᠧᠶ᠂ ᠮᠠᠨ᠎ᠤ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠥᠬᠥᠭᠡᠷᠦᠮᠵᠢ᠎ᠶ᠋ᠢᠨ ᠲᠤᠤᠷ ᠨᠠᠩ ᠲᠡᠭᠦᠯᠳᠡᠷᠵᠢᠵᠦ᠍᠂ ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠢ ᠲᠦᠷᠭᠡᠳᠭᠡᠨ ᠪᠠᠢᠭᠤᠯᠵᠠᠢ ᠭᠡᠵᠤ ᠬᠡᠯᠡᠪᠡ᠃
ᠯᠢᠦ ᠸᠧᠶ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠂ ᠴᠧᠩᠳᠦ᠋ ᠴᠦᠩᠴᠢᠩ ᠣᠷᠣᠨ ᠵᠡᠷᠭᠡ᠎ᠨᠢ ᠨᠢᠭᠡᠨᠲᠡ ᠪᠥᠬᠥ᠌ ᠤᠯᠤᠰ᠎ᠲᠤ ᠲᠡᠷᠢᠭᠦᠯᠡᠭ᠌ᠰᠡᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠢ ᠪᠠᠢᠭᠤᠯᠪᠠ; ᠪᠠᠷᠠᠭᠤᠨ ᠣᠷᠣᠨ᠎ᠤ ᠵᠠᠮ ᠬᠠᠷᠢᠯᠴᠠᠭ᠎ᠠ᠎ᠶᠢᠨ 《ᠬᠣᠭᠣᠰᠣᠨ》᠎ᠢ᠋ ᠲᠦᠷᠭᠡᠳᠭᠡᠨ ᠨᠥᠬᠥᠪᠥᠷᠢᠯᠡᠵᠦ᠍᠂ ᠵᠡᠭᠦᠨ ᠬᠣᠢᠲᠤ ᠣᠷᠣᠨ᠎ᠤ ᠵᠠᠮ ᠬᠠᠷᠢᠯᠴᠠᠭ᠎ᠠ᠎ᠶ᠋ᠢᠨ ᠲᠤᠤᠷ᠎ᠤᠨ ᠪᠦᠬᠦᠯᠢ ᠴᠣᠭ᠍ᠴᠠ᠎ᠶ᠋ᠢᠨ ᠬᠦᠴᠦᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠳᠤᠮᠳᠠ ᠣᠷᠣᠨ᠎ᠤ ᠲᠣᠮᠣ ᠨᠡᠪᠲᠡᠷᠡᠬᠦ᠌ ᠵᠠᠮ᠎ᠤᠨ ᠲᠣᠮᠣ ᠬᠦᠶ᠋ᠰᠦ᠎ᠶ᠋ᠢ ᠲᠦᠷᠭᠡᠳᠭᠡᠨ ᠪᠦᠳᠦᠭᠡᠨ ᠪᠠᠢᠭᠤᠯᠵᠤ᠂ ᠵᠡᠭᠦᠨ ᠣᠷᠣᠨ᠎ᠤ ᠵᠠᠮ ᠬᠠᠷᠢᠯᠴᠠᠭ᠎ᠠ᠎ᠶ᠋ᠢᠨ ᠳᠠᠭᠠᠭᠠᠴᠠ᠎ᠶ᠋ᠢ ᠲᠠᠰᠤᠷᠠᠯᠲᠠ ᠥᠬᠡᠶ ᠴᠢᠩᠭᠠᠷᠠᠭᠤᠯᠪᠠ; ᠬᠥᠳᠡᠭᠡ ᠲᠣᠰᠭᠣᠨ ᠪᠠ ᠬᠢᠯᠢ ᠬᠢᠵᠠᠭᠠᠷ ᠣᠷᠣᠨ᠎ᠤ ᠵᠠᠮ ᠬᠠᠷᠢᠯᠴᠠᠭᠠᠨ᠎ᠤ ᠨᠡᠪᠲᠡᠷᠡᠯᠲᠡ᠎ᠶ᠋ᠢᠨ ᠭᠦᠨᠴᠡ ᠢᠯᠡᠳᠲᠡ ᠳᠡᠭᠡᠭ᠌ᠰᠢᠯᠡᠵᠠᠢ ᠭᠡᠵᠤ ᠢᠯᠡᠳᠭᠡᠪᠡ᠃ 《ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠦ ᠲᠤᠯᠭᠠᠭᠤᠷᠢᠯᠠᠬᠤ ᠣᠷᠣᠨ ᠪᠦᠰᠡ᠎ᠶ᠋ᠢᠨ ᠬᠣᠲᠠ ᠬᠥᠳᠡᠭᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠦᠢᠯᠡᠳᠦᠯ ᠤᠯᠠᠮ ᠨᠢᠭᠡ ᠠᠯᠬᠤᠮ ᠲᠣᠪᠣᠢᠮ᠎ᠠ ᠪᠣᠯᠵᠠᠢ》 ᠭᠡᠵᠦ᠍ ᠯᠢᠦ ᠸᠧᠶ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠵᠢᠯ ᠲᠥᠷᠥᠯ ᠨᠢᠭᠡᠳᠦᠯᠲᠡᠶ ᠲᠥᠯᠥᠪᠵᠢᠭᠦᠯᠦᠨ ᠠᠭᠤᠰᠤᠯᠴᠠᠭᠤᠯᠬᠤ᠎ᠪᠠᠷ ᠤᠳᠤᠷᠢᠳᠤᠮᠵᠢ ᠪᠣᠯᠭᠠᠵᠤ᠂ ᠲᠡᠮᠦᠷ ᠵᠠᠮ᠎ᠢᠶᠠᠷ ᠭᠤᠤᠯ ᠪᠣᠯᠭᠠᠵᠤ᠂ ᠵᠠᠰᠠᠮᠠᠯ ᠵᠠᠮ᠎ᠢᠶᠠᠷ ᠰᠠᠭᠤᠷᠢ ᠪᠣᠯᠭᠠᠵᠤ᠂ ᠤᠰᠤᠨ ᠲᠡᠭᠡᠭᠡᠪᠦᠷᠢ᠂ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠬᠠᠷᠢᠴᠠᠭᠤᠯᠤᠭ᠍ᠰᠠᠨ ᠳᠠᠪᠠᠭᠤᠯᠢᠭ᠎ᠢ ᠭᠦᠶ᠋ᠴᠡᠳ ᠪᠠᠳᠠᠷᠠᠭᠤᠯᠤᠭ᠍ᠰᠠᠨ ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ᠎ᠢ ᠲᠦᠷᠭᠡᠳᠭᠡᠨ ᠪᠠᠢᠭᠤᠯᠪᠠ —
《ᠶᠡᠬᠡ ᠨᠡᠪᠳᠡᠷᠡᠬᠦ ᠵᠠᠮ》 ᠲᠦᠷᠭᠡᠨ ᠨᠡᠪᠲᠡᠷᠡᠪᠡ᠃ ᠮᠠᠨ᠎ᠤ ᠤᠯᠤᠰ ᠱᠢᠨᠵᠢᠶᠠᠩ᠎ᠡᠴᠡ ᠭᠠᠷᠴᠤ᠌ ᠲᠥᠪᠡᠳ᠎ᠲᠦ ᠣᠷᠣᠬᠤ᠂ ᠮᠥᠷᠡᠨ ᠳᠠᠭᠠᠤ ᠲᠠᠯᠠᠢ ᠳᠠᠭᠠᠤ ᠬᠢᠯᠢ ᠳᠠᠭᠠᠤ᠂ ᠪᠠᠷᠠᠭᠤᠨ ᠤᠷᠤᠨ᠎ᠤ ᠬᠠᠭᠤᠷᠠᠢ ᠲᠠᠯᠠᠢ᠎ᠶ᠋ᠢᠨ ᠱᠢᠨ᠎ᠡ ᠨᠡᠪᠳᠡᠷᠡᠬᠦ ᠵᠠᠮ ᠵᠡᠷᠭᠡ ᠪᠠᠢᠯᠳᠤᠬᠤ ᠪᠤᠳᠤᠯᠭ᠎ᠠ᠎ᠶ᠋ᠢᠨ ᠭᠣᠣᠯ ᠨᠡᠪᠳᠡᠷᠡᠬᠦ ᠵᠠᠮ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 《6 ᠲᠡᠩᠭᠡᠯᠢᠭ 7 ᠬᠤᠨᠭᠬᠢᠯ 8 ᠨᠡᠪᠳᠡᠷᠡᠬᠦ ᠵᠠᠮ》᠎ᠤ᠋ᠨ ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠣᠷ᠎ᠤᠨ ᠭᠣᠣᠯ ᠴᠤᠬᠴᠠ ᠵᠢ ᠨᠢᠭᠡᠨᠲᠡ ᠦᠨᠳᠦᠰᠦᠨ᠎ᠳᠡᠭᠡᠨ ᠨᠡᠪᠲᠡᠷᠡᠭᠦᠯᠵᠦ᠍᠂ ᠪᠦᠬᠦ᠌ ᠤᠯᠤᠰ᠎ᠤᠨ 80% ᠵᠢ ᠳᠠᠪᠠᠭ᠍ᠰᠠᠨ ᠱᠢᠶᠠᠨ᠎ᠤ ᠱᠠᠲᠤᠨ᠎ᠤ ᠵᠠᠰᠠᠭ ᠵᠠᠬᠢᠷᠭᠠᠨ᠎ᠤ ᠣᠷᠣᠨ᠎ᠢ ᠬᠣᠯᠪᠣᠵᠤ᠂ ᠪᠦᠬᠦ᠌ ᠤᠯᠤᠰ ᠤᠨ 90% ᠣᠷᠴᠢᠮ᠎ᠤᠨ ᠠᠵᠤ ᠠᠬᠤᠢ ᠪᠠ ᠬᠥᠮᠦᠨ ᠠᠮᠠ᠎ᠶ᠋ᠢᠨ ᠶᠡᠷᠦᠩᠬᠡᠢ ᠬᠡᠮᠵᠢᠶ᠎ᠡ᠎ᠳᠦ ᠦᠢᠯᠡᠴᠢᠯᠡᠵᠦ᠍ ᠪᠠᠢᠨ᠎ᠠ᠃
《ᠲᠤᠮᠤ ᠲᠣᠣᠷ》 ᠦᠨᠳᠦᠰᠦᠨ᠎ᠳᠡᠭᠡᠨ ᠪᠦᠷᠢᠯᠳᠦᠪᠡ᠃ 《ᠨᠠᠶ᠋ᠮᠠᠨ ᠭᠤᠯᠳᠤ ᠨᠠᠶ᠋ᠮᠠᠨ ᠬᠥᠨᠳᠡᠯᠡᠨ》 ᠲᠦᠷᠭᠡᠨ᠎ᠦ ᠲᠡᠮᠦᠷ ᠵᠠᠮ᠎ᠤᠨ ᠲᠤᠤᠷ᠎ᠢ ᠨᠢᠭᠡᠨᠲᠡ 81.5% ᠪᠠᠷ ᠪᠠᠢᠭᠤᠯᠵᠤ ᠲᠠᠭᠤᠰᠬᠠᠨ ᠠᠱᠢᠭ᠍ᠯᠠᠯᠲᠠ᠎ᠳᠤ ᠣᠷᠣᠭᠤᠯᠵᠤ᠂ ᠲᠦᠷᠭᠡᠨ᠎ᠦ ᠲᠡᠮᠦᠷ ᠵᠠᠮ᠎ᠤᠨ ᠡᠵᠡᠩᠨᠡᠯᠲᠡ᠎ᠶ᠋ᠢᠨ ᠵᠠᠮ᠎ᠤᠨ ᠣᠷᠳᠣᠨ᠎ᠢ 4.8 ᠲᠦᠮᠡᠨ ᠺᠢᠯᠣᠮᠧᠲ᠋ᠷ᠎ᠲᠦ ᠬᠦᠷᠴᠡᠶ; 33 ᠵᠤᠷᠪᠤᠰ ᠤᠯᠤᠰ᠎ᠤᠨ ᠲᠦᠷᠭᠡᠨ᠎ᠦ ᠵᠠᠮ᠎ᠤᠨ ᠭᠤᠤᠯ ᠱᠤᠭᠤᠮ ᠦᠨᠳᠦᠰᠦᠨ᠎ᠳᠡᠭᠡᠨ ᠨᠡᠪᠲᠡᠷᠡᠵᠦ᠍᠂ ᠲᠦᠷᠭᠡᠨ᠎ᠦ ᠵᠠᠮ᠎ᠤᠨ ᠣᠷᠳᠣ 19.1 ᠲᠦᠮᠡᠨ ᠺᠢᠯᠣᠮᠧᠲ᠋ᠷ᠎ᠲᠦ ᠬᠦᠷᠴᠡᠶ; 《ᠳᠥᠷᠪᠡᠨ ᠭᠤᠯᠳᠤ ᠳᠥᠷᠪᠡᠨ ᠬᠥᠨᠳᠡᠯᠡᠨ ᠬᠣᠶᠠᠷ ᠲᠤᠤᠷ》᠎ᠤ᠋ᠨ ᠤᠯᠤᠰ᠎ᠤᠨ ᠳᠡᠭᠡᠳᠦ ᠲᠠᠰ᠎ᠤᠨ ᠠᠶᠠᠯᠠᠯ᠎ᠤᠨ ᠵᠠᠮ ᠨᠢᠭᠡᠨᠲᠡ 70.4% ᠳ᠋ᠤ ᠬᠦᠷᠴᠦ᠍᠂ ᠭᠠᠷᠠᠮ᠎ᠤᠨ ᠬᠡᠪᠴᠢᠶ᠎ᠡ ᠴᠢᠳᠠᠪᠤᠷᠢ ᠣᠯᠠᠨ ᠵᠢᠯ᠎ᠳᠦ ᠳᠡᠯᠡᠬᠡᠶ᠎ᠶ᠋ᠢᠨ ᠨᠢᠭᠡᠳᠦᠭᠡᠷ᠎ᠲᠦ ᠪᠠᠢᠬᠤ᠎ᠶ᠋ᠢ ᠪᠠᠲᠤᠯᠠᠪᠠ; ᠠᠭᠠᠷ᠎ᠤᠨ ᠠᠶᠠᠯᠠᠯ᠎ᠤᠨ ᠦᠶ᠋ᠯᠡᠴᠢᠯᠡᠭᠡ ᠪᠥᠬᠥ᠌ ᠤᠯᠤᠰ᠎ᠤᠨ 92.6%᠎ᠶᠢᠨ ᠲᠤᠰᠭᠠᠶ ᠣᠷᠣᠨ᠎ᠤ ᠲᠠᠰ᠎ᠤᠨ ᠵᠠᠰᠠᠭ ᠵᠠᠬᠢᠷᠭᠠᠨ᠎ᠤ ᠨᠢᠭᠡᠴᠢ᠂ 91.2% ᠤ᠋ᠨ ᠬᠥᠮᠦᠨ ᠠᠮᠠ᠎ᠶ᠋ᠢ ᠬᠠᠮᠤᠷᠴᠠᠶ; ᠱᠢᠦᠳᠠᠨ᠎ᠤ ᠠᠵᠢᠯ ᠲᠦᠷᠦᠯ᠎ᠳᠦ 50 ᠭᠠᠷᠤᠢ ᠲᠦᠮᠡᠨ ᠡᠵᠡᠩᠨᠡᠯᠲᠡ᠎ᠶ᠋ᠢᠨ ᠲᠣᠣᠷ ᠴᠡᠭ᠎ᠢ ᠪᠠᠢᠭᠤᠯᠪᠠ᠃
ᠮᠡᠷᠭᠡᠵᠢᠯ ᠵᠢᠡᠨ ᠲᠠᠰᠤᠷᠠᠯᠳᠠ ᠦᠭᠡᠢ ᠰᠢᠪᠳᠤᠯᠤᠯᠳᠠ ᠭᠠᠷᠭᠠᠵᠤ ᠲᠣᠨᠣᠭᠯᠠᠯ ᠵᠢᠡᠨ ᠲᠠᠰᠤᠷᠠᠯᠲᠠ ᠦᠭᠡᠢ ᠱᠢᠨᠡᠳᠭᠡᠪᠠ
ᠪᠡᠭᠡᠵᠢᠩ᠎ᠦᠨ ᠢ ᠵᠤᠸᠠᠩ ᠳᠡᠭᠡᠳᠦ ᠲᠠᠰ᠎ᠤᠨ ᠠᠦ᠋ᠲ᠋ᠣ᠋ ᠵᠢᠯᠣᠭᠣᠳᠣᠯᠭ᠎ᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠳᠤ᠂ ᠨᠢᠭᠡᠨ ᠵᠢᠯᠤᠭᠤᠴᠢ ᠦᠭᠡᠢ ᠮᠠᠱᠢᠨ ᠲᠡᠷᠭᠡ ᠶᠠᠭ ᠵᠠᠮ ᠳᠡᠭᠡᠷ᠎ᠡ ᠵᠠᠮ᠎ᠢᠶᠠᠨ ᠬᠤᠪᠢᠷᠠᠭᠤᠯᠬᠤ᠂ ᠳᠠᠪᠠᠵᠤ ᠲᠦᠷᠦᠬᠦᠯᠡᠬᠦ᠂ ᠰᠠᠭᠠᠳ᠎ᠡᠴᠡ ᠵᠠᠢᠯᠠᠬᠤ ᠵᠡᠷᠭᠡ ᠬᠥᠳᠡᠯᠦᠯ᠎ᠢ ᠲᠣᠭ᠍ᠲᠠᠭᠤᠨ᠎ᠢᠶᠠᠷ ᠪᠡᠶᠡᠯᠡᠭᠦᠯᠵᠦ᠍ ᠪᠣᠶ᠃ ᠡᠨᠡ ᠬᠦ᠌ ᠮᠠᠱᠢᠨ ᠲᠡᠷᠭᠡᠨ᠎ᠳᠦ ᠠᠦ᠋ᠲ᠋ᠣ᠋ ᠵᠢᠯᠣᠭᠣᠳᠭᠤ ᠮᠡᠷᠭᠡᠵᠢᠯᠬᠠᠨᠭᠭᠠᠬᠰᠡᠨ《ᠯᠦᠸᠸ ᠪᠦᠸᠸ ᠺᠤᠸᠠᠢ ᠫᠦ》 ᠲᠠᠪᠴᠠᠩ᠂ ᠨᠢᠭᠡᠨᠲᠡ ᠪᠥᠬᠥ᠌ ᠳᠡᠯᠡᠬᠡᠶ᠎ᠶ᠋ᠢᠨ 15 ᠬᠣᠲᠠ᠎ᠳᠤ ᠨᠤᠳᠤᠬᠰᠢᠵᠤ᠂ ᠬᠥᠮᠦᠨ ᠥᠬᠡᠶ ᠠᠦ᠋ᠲ᠋ᠣ᠋ ᠵᠢᠯᠣᠭᠣᠳᠭᠤ ᠲᠡᠷᠭᠡᠨ ᠠᠩᠭᠢ ᠨᠢᠭᠡᠨᠲᠡ ᠪᠡᠭᠡᠵᠢᠩ᠂ ᠱᠧᠨᠵᠧᠨ᠂ ᠦᠬᠠᠨ᠂ ᠴᠦᠩᠴᠢᠩ ᠵᠡᠷᠭᠡ ᠣᠯᠠᠨ ᠬᠣᠲᠠ᠎ᠳᠤ ᠣᠷᠣᠪᠠ᠃
ᠤᠯᠤᠰ᠎ᠤᠨ ᠱᠢᠤᠳᠠᠨ᠎ᠤ ᠲᠣᠪᠴᠢᠶ᠎ᠠ᠎ᠶ᠋ᠢᠨ ᠳᠠᠷᠤᠭ᠎ᠠ ᠵᠣᠣ ᠴᠥᠩ ᠵᠢᠦ᠂ 《ᠬᠥᠮᠦᠨ ᠥᠬᠡᠶ》 ᠮᠡᠷᠭᠡᠵᠢᠯ ᠨᠢ ᠬᠥᠮᠥᠷᠭᠡᠯᠡᠨ ᠬᠠᠳᠠᠭᠠᠯᠠᠬᠤ᠂ ᠲᠡᠭᠡᠭᠡᠪᠦᠷᠢᠯᠡᠬᠦ᠌ ᠪᠠ ᠲᠣᠮᠢᠯᠠᠨ ᠬᠦᠷᠭᠡᠬᠦ᠌ ᠭᠣᠭ᠍ᠴᠣᠭ᠎ᠠ᠎ᠳᠤ ᠠᠪᠢᠶᠠᠰ ᠴᠢᠳᠠᠪᠤᠷᠢ᠎ᠪᠠᠨ ᠶᠡᠬᠡᠪᠡᠷ ᠪᠠᠳᠠᠷᠠᠭᠤᠯᠵᠤ᠂ ᠠᠦ᠋ᠲ᠋ᠣᠴᠢᠯᠠᠯᠳᠠ ᠪᠠ ᠤᠶᠤᠨᠴᠢᠯᠠᠯᠳᠠ᠎ᠪᠠᠷ ᠳᠠᠮᠵᠢᠭᠤᠯᠤᠨ᠂ ᠲᠦᠷᠭᠡᠨ ᠬᠦᠷᠭᠡᠯᠲᠡ᠎ᠶ᠋ᠢᠨ ᠦᠶ᠋ᠯᠡᠴᠢᠯᠡᠭᠡᠨ᠎ᠦ ᠦᠷ᠎ᠡ ᠪᠦᠲᠦᠮᠵᠢ ᠪᠠ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠲᠦᠷᠭᠡᠨ ᠬᠦᠷᠭᠡᠯᠲᠡ᠎ᠶ᠋ᠢᠨ ᠡᠳᠦᠷ᠎ᠦᠨ ᠬᠠᠮᠤᠭ᠎ᠤᠨ ᠥᠨᠳᠥᠷ ᠬᠣᠷᠢᠶᠠᠨ ᠠᠪᠬᠤ ᠬᠡᠮᠵᠢᠶ᠎ᠡ᠎ᠶ᠋ᠢ 7.29 ᠳ᠋ᠦᠩᠱᠢᠭᠤᠷ ᠬᠤᠪᠢ ᠪᠡᠶᠡᠯᠡᠭᠦᠯᠵᠠᠢ ᠭᠡᠵᠤ ᠢᠯᠡᠳᠭᠡᠪᠡ᠃ 《ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠤᠤᠷ ᠪᠠ ᠤᠯᠤᠰ᠎ᠤᠨ ᠪᠠᠷᠠᠭᠠᠨ᠎ᠤ ᠭᠦᠶ᠋ᠯᠭᠡᠭᠡᠨ᠎ᠦ ᠬᠦᠶ᠋ᠰᠦ ᠪᠠᠷᠢᠯᠭ᠎ᠠ᠎ᠲᠡᠶ ᠭᠦᠨᠵᠡᠭᠡᠶ ᠵᠣᠯᠭᠠᠭᠤᠯᠵᠤ᠂ 〈ᠬᠦᠶ᠋ᠰᠦ ᠪᠠᠷᠢᠯᠭ᠎ᠠ + ᠨᠡᠪᠲᠡᠷᠡᠯ ᠵᠠᠮ + ᠲᠤᠤᠷ ᠰᠦᠯᠵᠢᠶ᠎ᠡ〉᠎ᠶ᠋ᠢᠨ ᠣᠲᠣ ᠦᠶ᠎ᠡ᠎ᠶ᠋ᠢᠨ ᠪᠠᠷᠠᠭᠠᠨ᠎ᠤ ᠭᠦᠶ᠋ᠯᠭᠡᠭᠡᠨ᠎ᠦ ᠠᠵᠢᠯᠯᠠᠭᠠᠨ᠎ᠤ ᠱᠢᠰᠲ᠋ᠧᠮ᠎ᠢ ᠢᠳᠡᠪᠬᠢᠲᠡᠶ ᠪᠠᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠲᠦᠷᠭᠡᠨ ᠬᠦᠷᠭᠡᠯᠲᠡ ᠶ᠋ᠢᠨ ᠦᠶ᠋ᠯᠡᠴᠢᠯᠡᠭᠡᠨ᠎ᠦ ᠴᠠᠭᠴᠢ ᠴᠢᠨᠠᠷ᠂ ᠦᠶ᠋ᠯᠡᠴᠢᠯᠡᠭᠡᠨ᠎ᠦ ᠶᠠᠰᠤ ᠴᠢᠨᠠᠷ᠂ ᠴᠢᠨᠠᠷ ᠦᠨ᠎ᠡ᠎ᠶ᠋ᠢᠨ ᠬᠠᠷᠢᠴᠠᠯ᠎ᠨᠢ ᠴᠥᠮ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠡᠶ》 ᠭᠡᠵᠦ᠍ ᠵᠤᠤ ᠴᠥᠩ ᠵᠢᠦ ᠬᠡᠯᠡᠪᠡ᠃
ᠱᠢᠨ᠎ᠡ ᠮᠡᠷᠭᠡᠵᠢᠯ᠎ᠦᠨ ᠬᠡᠷᠡᠭ᠌ᠯᠡᠯᠲᠡ᠂ ᠱᠢᠨ᠎ᠡ ᠲᠣᠨᠣᠭ᠍ᠯᠠᠯ ᠰᠤᠳᠤᠯᠤᠨ ᠨᠡᠭᠡᠭᠡᠬᠦ᠌᠂ ᠱᠢᠨ᠎ᠡ ᠡᠵᠡᠩᠨᠡᠯᠲᠡ᠎ᠶ᠋ᠢᠨ ᠬᠡᠯᠪᠡᠷᠢ᠎ᠶ᠋ᠢᠨ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠲᠠᠯᠠᠪᠤᠷ᠎ᠤᠨ ᠬᠡᠷᠡᠭ᠌ᠯᠡᠯᠲᠡ ᠪᠠ ᠭᠣᠣᠯᠯᠠᠬᠤ ᠮᠡᠷᠭᠡᠵᠢᠯ᠎ᠦᠨ ᠪᠡᠷᠬᠡ ᠰᠡᠳᠦᠪ᠎ᠢ ᠱᠢᠢᠳᠪᠦᠷᠢᠯᠡᠬᠦ᠌ ᠠᠵᠢᠯ ᠨᠤᠭᠤᠳ᠎ᠢ ᠥᠷᠨᠢᠭᠦᠯᠪᠡ᠃ 《ᠵᠢᠱ᠌ᠢᠶᠡᠯᠡᠪᠡᠯ᠂ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ ᠶ᠋ᠢᠨ ᠲᠣᠭᠠᠴᠢᠯᠠᠭ᠍ᠰᠠᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠲᠤᠷᠱᠢᠯᠲᠠ᠎ᠶᠢᠨ ᠴᠡᠭ᠎ᠢᠶᠡᠷ ᠳᠠᠮᠵᠢᠭᠤᠯᠤᠨ᠂ 20 ᠣᠷᠣᠨ ᠪᠦᠰᠡ᠂ 6 ᠲᠦᠮᠡᠨ ᠺᠢᠯᠣᠮᠧᠲ᠋ᠷ᠎ᠢ ᠳᠠᠪᠠᠭ᠍ᠰᠠᠨ ᠵᠠᠮ᠎ᠢ ᠥᠭᠡᠷᠡᠴᠢᠯᠡᠨ ᠲᠠᠰ ᠳᠡᠪᠱᠢᠭᠦᠯᠬᠦ᠌᠂ ᠨᠡᠪᠲᠡᠷᠡᠬᠦ᠌ ᠦᠷ᠎ᠡ ᠪᠦᠲᠦᠮᠵᠢ᠂ ᠭᠡᠨᠡᠳᠲᠡ᠎ᠶ᠋ᠢᠨ ᠬᠡᠷᠡᠭ᠎ᠦᠨ ᠪᠠᠴᠢᠮ ᠪᠠᠢᠳᠠᠯ᠎ᠢ ᠠᠷᠭᠠᠴᠠᠭᠠᠬᠤ ᠠᠵᠢᠯ᠎ᠤᠨ ᠦᠷ᠎ᠡ ᠪᠦᠲᠦᠮᠵᠢ᠎ᠶ᠋ᠢ ᠲᠣᠰ ᠲᠣᠰ 20%᠂ 30% ᠣᠷᠴᠢᠮ ᠳᠡᠭᠡᠭ᠌ᠰᠢᠯᠡᠭᠦᠯᠵᠠᠢ》 ᠭᠡᠵᠦ᠍ ᠯᠢᠦ ᠸᠧᠶ ᠬᠡᠯᠡᠪᠡ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠱᠧᠨᠵᠧᠨ᠎ᠡᠴᠡ ᠵᠦᠩᠱᠠᠨ ᠬᠦᠷᠬᠦ ᠨᠠᠪᠲᠠᠷᠡᠯ ᠵᠠᠮ ᠣᠯᠠᠨ ᠵᠦᠶ᠋ᠯ᠎ᠦᠨ ᠳᠡᠯᠡᠬᠡᠶ᠎ᠶ᠋ᠢᠨ ᠲᠡᠮᠳᠡᠭ᠌ᠯᠡᠯ᠎ᠢ ᠡᠭᠦᠳᠴᠦ᠍᠂ ᠫᠢᠩ ᠲᠠᠩ ᠵᠢᠶᠠᠩ ᠺᠸᠦ᠎ᠡᠴᠡ ᠯᠦ᠍ ᠡᠦ ᠪᠠᠯᠭᠠᠰᠤ ᠬᠦᠷᠬᠦ ᠲᠠᠲᠠᠮᠠᠯ ᠭᠤᠤᠯ᠂ ᠱᠢᠶᠤᠤ ᠶᠠᠩ ᠱᠠᠨᠪᠸᠢ ᠴᠢᠩᠭᠡᠯᠢᠭ᠎ᠦᠨ ᠭᠠᠷᠠᠮ ᠵᠡᠷᠭᠡ ᠴᠢᠬᠤᠯᠠ ᠶᠡᠬᠡ ᠢᠨᠵᠧᠨᠧᠷᠢᠩ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ ᠴᠣᠯᠭᠣᠷᠠᠨ ᠭᠠᠷᠪᠠ; CR450 ᠬᠥᠳᠡᠯᠭᠡᠭᠦ ᠬᠦᠴᠦᠨᠲᠦ ᠭᠠᠯᠲᠦ ᠲᠡᠷᠭᠡ᠎ᠶ᠋ᠢ ᠨᠡᠢᠲᠡᠯᠡᠵᠦ᠍᠂ ᠤᠯᠤᠰ ᠲᠠᠭᠠᠨ ᠦᠶ᠋ᠯᠡᠳᠪᠦᠷᠢᠯᠡᠭ᠌ᠰᠡᠨ ᠠᠩᠬᠠᠳᠠᠭ᠍ᠴᠢ ᠲᠣᠮᠣ ᠬᠡᠯᠪᠡᠷᠢ᠎ᠶ᠋ᠢᠨ ᠱᠢᠤᠳᠠᠨ᠎ᠤ ᠣᠩᠭᠣᠴᠠ᠎ᠶ᠋ᠢ ᠵᠢᠩᠬᠢᠨᠢ᠎ᠪᠡᠷ ᠠᠵᠢᠯᠯᠠᠭᠤᠯᠵᠤ᠂ C919 ᠲᠣᠮᠣ ᠬᠡᠯᠪᠡᠷᠢ᠎ᠶ᠋ᠢᠨ ᠠᠶᠠᠨᠴᠢᠨ᠎ᠤ ᠨᠢᠰᠭᠡᠯ᠎ᠢ ᠪᠠᠢᠨᠭᠭᠤᠵᠢᠭᠤᠯᠤᠭᠰᠠᠨ ᠬᠤᠳᠠᠯᠳᠤᠭᠠᠨ᠎ᠤ ᠡᠵᠡᠩᠨᠡᠯᠲᠡ ᠬᠢᠪᠠ; 4000 ᠭᠠᠷᠤᠢ ᠺᠢᠯᠤᠮᠸᠲᠷ᠎ᠤᠨ ᠵᠠᠰᠠᠮᠠᠯ ᠵᠠᠮ᠎ᠢ ᠤᠶᠤᠨᠴᠢᠯᠠᠨ ᠲᠡᠰ ᠳᠡᠪᠱᠢᠭᠦᠯᠬᠦ᠌ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠡᠯᠧᠺᠲ᠋ᠷᠣᠨ ᠠᠶᠠᠯᠠᠯ᠎ᠤᠨ ᠵᠠᠮ᠎ᠤᠨ ᠵᠢᠷᠤᠭ᠎ᠢ ᠨᠡᠢᠲᠡᠯᠡᠭ᠌ᠰᠡᠨ ᠵᠠᠮ᠎ᠤᠨ ᠤᠷᠳᠤ 9950 ᠺᠢᠯᠤᠮᠸᠲᠷ᠎ᠲᠦ ᠬᠦᠷᠴᠦ᠍᠂ ᠠᠦ᠋ᠲ᠋ᠣᠴᠢᠯᠠᠭ᠍ᠰᠠᠨ ᠭᠠᠷᠠᠮ᠎ᠤᠨ ᠪᠦᠳᠦᠭᠡᠨ ᠪᠠᠢᠭᠤᠯᠤᠯᠲᠠ᠎ᠶ᠋ᠢᠨ ᠬᠡᠪᠴᠢᠶ᠎ᠡ᠂ ᠠᠵᠢᠯ᠎ᠤᠨ ᠦᠷ᠎ᠡ ᠪᠦᠲᠦᠮᠵᠢ᠂ ᠮᠡᠷᠭᠡᠵᠢᠯ᠎ᠦᠨ ᠲᠦᠪᠱᠢᠨ᠎ᠦ ᠲᠠᠯ᠎ᠠ᠎ᠪᠠᠷ ᠳᠡᠯᠡᠬᠡᠢ᠎ᠶ᠋ᠢᠨ ᠡᠮᠦᠨ᠎ᠡ ᠡᠩᠨᠡᠭᠡᠨ᠎ᠳᠦ ᠪᠠᠲᠤᠲᠠᠢ ᠣᠷᠣᠪᠠ᠃
《ᠮᠡᠷᠭᠡᠵᠢᠯ ᠲᠣᠨᠣᠭ᠍ᠯᠠᠯ ᠨᠡᠩ ᠲᠡᠷᠢᠭᠦᠨ᠎ᠦ ᠪᠣᠯᠪᠠ᠃ ᠳᠤᠮᠳᠠᠳᠤ ᠤᠯᠤᠰ᠎ᠤᠨ ᠲᠦᠷᠭᠡᠨ᠎ᠦ ᠲᠡᠮᠦᠷ ᠵᠠᠮ᠂ ᠳᠤᠮᠳᠠᠳᠤ ᠤᠯᠤᠰ᠎ᠤᠨ ᠵᠠᠮ᠂ ᠳᠤᠮᠳᠠᠳᠤ ᠤᠯᠤᠰ᠎ᠤᠨ ᠬᠥᠭᠥᠷᠭᠡ᠂ ᠳᠤᠮᠳᠠᠳᠤ ᠤᠯᠤᠰ᠎ᠤᠨ ᠭᠠᠷᠠᠮ᠂ ᠳᠤᠮᠳᠠᠳᠤ ᠤᠯᠤᠰ᠎ᠤᠨ ᠲᠦᠷᠭᠡᠨ ᠬᠦᠷᠭᠡᠯᠲᠡ ᠵᠡᠷᠭᠡ 〈ᠳᠤᠮᠳᠠᠳᠤ ᠤᠯᠤᠰ᠎ᠤᠨ ᠨᠡᠷ᠎ᠡ᠎ᠶ᠋ᠢᠨ ᠬᠠᠭᠤᠳᠠᠰᠤ〉 ᠨᠡᠩ ᠦᠵᠡᠰᠭᠦᠯᠡᠩᠲᠦ ᠰᠠᠢᠬᠠᠨ ᠪᠣᠯᠵᠠᠢ》 ᠭᠡᠵᠦ᠍ ᠯᠢᠦ ᠸᠧᠶ ᠬᠡᠯᠡᠪᠡ᠃
ᠣᠯᠠᠨ ᠲᠦᠮᠡᠨ᠎ᠢ 《ᠶᠠᠪᠤᠵᠤ ᠰᠠᠭᠤᠵᠤ ᠳᠠᠢᠯᠬᠦ》 ᠪᠠᠢᠭᠰᠠᠨ᠎ᠠᠴᠠ 《ᠲᠠᠭᠠᠯᠠᠮᠵᠢᠲᠠᠢ ᠶᠠᠪᠤᠵᠤ ᠰᠠᠭᠤᠬᠤ》 ᠲᠡᠢᠰᠢ ᠬᠤᠪᠢᠷᠠᠭᠤᠯᠪᠠ
ᠲᠦᠮᠡᠨ ᠬᠥᠮᠦᠨ ᠭᠠᠯ ᠪᠠᠮᠪᠠᠷ ᠠᠳᠬᠤᠨ ᠳᠠᠭᠤᠤ ᠬᠠᠨᠭᠭᠢᠨᠠᠭᠤᠯᠤᠨ ᠠᠶᠠᠯᠠᠵᠤ᠂ ᠣᠢᠷ᠎ᠠ᠎ᠳᠤ ᠰᠸᠴᠤᠸᠠᠨ᠎ᠤ ᠯᠢᠶᠠᠩᠱᠠᠨᠤ ᠢ ᠦᠨᠳᠦᠰᠦᠲᠡᠨ᠎ᠦ ᠭᠠᠯ ᠪᠠᠮᠪᠠᠷ᠎ᠤᠨ ᠨᠠᠢᠷ ᠴᠥᠭᠡᠨ ᠪᠤᠰᠤ ᠵᠢᠭᠤᠯᠴᠢᠯᠠᠭᠰᠠᠳ᠎ᠢ ᠲᠠᠲᠠᠵᠠᠶ᠃ ᠴᠧᠩᠳᠦ᠋ ᠡᠴᠡ ᠺᠦᠨᠮᠢᠩ ᠬᠦᠷᠬᠦ ᠰᠢᠨ᠎ᠡ ᠲᠡᠮᠦᠷ ᠵᠠᠮ᠎ᠤᠨ ᠯᠢᠶᠠᠩᠱᠠᠨᠤ ᠬᠡᠰᠡᠭ᠎ᠤᠨ ᠠᠶᠠᠨᠴᠢᠳ᠎ᠤᠨ ᠬᠡᠷᠡᠭ᠌ᠴᠡᠭᠡ ᠶᠡᠬᠡᠪᠡᠷ ᠨᠡᠮᠡᠭ᠌ᠳᠡᠭ᠌ᠰᠡᠨ ᠪᠠᠢᠳᠠᠯ᠎ᠤᠨ ᠡᠮᠦᠨ᠎ᠡ᠂ 7 ᠰᠠᠷ᠎ᠠ᠎ᠶ᠋ᠢᠨ 18᠎ᠠᠴᠠ 24 ᠤ᠋ ᠡᠳᠦᠷ ᠪᠣᠯᠲᠠᠯ᠎ᠠ ᠤᠯᠤᠰ᠎ᠤᠨ ᠲᠡᠮᠦᠷ ᠵᠠᠮ᠎ᠤᠨ ᠴᠧᠩᠳᠥ᠋᠎ᠶᠢᠨ ᠲᠣᠪᠴᠢᠶ᠎ᠠ ᠲᠡᠭᠡᠭᠡᠪᠦᠷᠢ᠎ᠶ᠋ᠢᠨ ᠬᠦᠴᠦᠨ᠎ᠢᠶᠡᠨ ᠬᠥᠳᠡᠯᠦᠩᠭᠦᠶ᠎ᠪᠡᠷ ᠲᠣᠬᠢᠷᠠᠭᠤᠯᠵᠤ᠂ 20 ᠴᠤᠪᠤᠭ᠎ᠠ ᠭᠠᠯᠲᠤ ᠲᠡᠷᠭᠡ ᠨᠡᠮᠡᠵᠦ᠍᠂ ᠡᠳᠦᠷ ᠪᠦᠷᠢ ᠳᠤᠮᠳᠠᠴᠢ᠎ᠪᠠᠷ 60 ᠭᠠᠷᠤᠶ ᠴᠤᠪᠤᠭ᠎ᠠ ᠠᠶᠠᠨᠴᠢᠳ᠎ᠤᠨ ᠭᠠᠯᠲᠤ ᠲᠡᠷᠭᠡ ᠠᠶᠠᠯᠠᠵᠤ ᠪᠠᠢᠨ᠎ᠠ᠃
《ᠣᠳᠣᠬᠠᠨ᠎ᠳᠤ ᠳᠤᠮᠳᠠᠳᠤ ᠤᠯᠤᠰ᠎ᠤᠨ ᠠᠵᠤ ᠠᠬᠤᠶ ᠦᠷᠭᠦᠯᠵᠢᠯᠡᠨ ᠲᠣᠭ᠍ᠲᠠᠭᠤᠨ᠎ᠢᠶᠠᠷ ᠰᠠᠢᠵᠢᠷᠠᠵᠤ᠂ ᠬᠣᠲᠠ᠎ᠶ᠋ᠢᠨ ᠬᠣᠭᠣᠷᠣᠨᠳᠣᠬᠢ ᠬᠥᠮᠦᠰ᠎ᠦᠨ ᠱᠢᠯᠵᠢᠯᠲᠡ ᠪᠠ ᠬᠠᠷᠢᠯᠴᠠᠭ᠎ᠠ ᠨᠠᠩ ᠣᠯᠠᠱᠢᠷᠠᠵᠤ᠂ ᠠᠷᠠᠳ ᠣᠯᠠᠨ᠎ᠤ ᠬᠤᠳᠠᠯᠳᠤᠭᠠᠨ᠎ᠤ ᠶᠠᠪᠤᠳᠠᠯ᠂ ᠠᠵᠢᠯ᠎ᠳᠤ ᠭᠠᠷᠬᠤ᠂ ᠵᠢᠭᠤᠯᠴᠢᠯᠠᠬᠤ ᠪᠠ ᠲᠥᠷᠥᠯ ᠰᠠᠳᠤᠨ᠎ᠢᠶᠠᠨ ᠡᠷᠭᠢᠵᠦ᠍ ᠦᠵᠡᠬᠦ᠌ ᠵᠡᠷᠭᠡ ᠲᠠᠯ᠎ᠠ᠎ᠪᠠᠷ ᠬᠢ ᠬᠡᠷᠡᠭ᠌ᠴᠡᠭᠡ ᠶᠠᠪᠤᠬᠤ ᠲᠤᠲᠤᠮ ᠣᠯᠠᠱᠢᠷᠠᠵᠤ ᠪᠠᠢᠨ᠎ᠠ》᠃ ᠤᠯᠤᠰ᠎ᠤᠨ ᠲᠡᠮᠦᠷ ᠵᠠᠮ᠎ᠤᠨ ᠲᠣᠪᠴᠢᠶᠠᠨ᠎ᠤ ᠳᠡᠳ᠋ ᠳᠠᠷᠤᠭ᠎ᠠ ᠠᠨ ᠯᠦ᠍ ᠱᠧᠩ᠂ ᠣᠲᠣ ᠲᠡᠮᠦᠷ ᠵᠠᠮ᠎ᠤᠨ ᠶᠠᠪᠤᠵᠤ ᠰᠠᠭᠤᠬᠤ ᠦᠶ᠋ᠯᠡᠴᠢᠯᠡᠭᠡᠨ᠎ᠦ ᠶᠠᠰᠤ ᠴᠢᠨᠠᠷ ᠨᠠᠩ ᠱᠢᠯᠢᠳᠡᠭ ᠪᠣᠯᠵᠣ᠂ ᠲᠦᠷᠭᠡᠨ᠎ᠤ ᠲᠡᠮᠦᠷ ᠵᠠᠮ᠎ᠤᠨ ᠲᠤᠤᠷᠵᠢᠬᠤ ᠪᠠ ᠣᠯᠠᠨ ᠨᠡᠢᠲᠡ᠎ᠶ᠋ᠢᠨ ᠮᠠᠱᠢᠨ ᠲᠡᠷᠭᠡ ᠨᠡᠪᠲᠡᠷᠡᠬᠦ᠌ ᠨᠢ ᠠᠷᠠᠳ ᠲᠦᠮᠡᠨ᠎ᠢ ᠶᠠᠪᠤᠵᠤ ᠰᠠᠭᠤᠬᠤ᠎ᠳᠤ ᠨᠠᠩ ᠲᠦᠷᠭᠡᠨ ᠪᠣᠯᠭᠠᠵᠤ᠂ 《ᠲᠦᠷᠭᠡᠨ᠎ᠤ ᠲᠡᠮᠦᠷ ᠵᠠᠮ᠎ᠳᠤ ᠰᠠᠭᠤᠵᠤ ᠳᠤᠮᠳᠠᠳᠤ ᠤᠯᠤᠰ᠎ᠢ ᠬᠠᠷᠠᠬᠤ》 ᠨᠢ ᠨᠢᠭᠡᠨᠲᠡ ᠠᠷᠠᠳ ᠣᠯᠠᠨ᠎ᠤ ᠵᠤᠯ ᠵᠢᠷᠭᠠᠯᠲᠦ ᠠᠮᠢᠳᠤᠷᠠᠯ᠎ᠤᠨ ᠠᠮᠢᠳᠤᠯᠢᠭ ᠵᠢᠷᠤᠭ᠍ᠯᠠᠯ ᠪᠣᠯᠤᠭ᠍ᠰᠠᠨ ᠪᠠᠢᠨ᠎ᠠ ᠭᠡᠵᠤ ᠢᠯᠡᠳᠭᠡᠪᠡ᠃
ᠠᠭᠠᠷ᠎ᠤᠨ ᠠᠶᠠᠯᠠᠯ᠎ᠤᠨ ᠦᠢᠯᠡᠴᠢᠯᠡᠭᠡ ᠨᠢ ᠠᠶᠠᠨᠴᠢᠳ᠎ᠤᠨ ᠶᠠᠪᠤᠵᠤ ᠰᠠᠭᠤᠬᠤ ᠪᠡᠶᠡᠴᠢᠯᠡᠨ ᠤᠢᠯᠠᠭᠠᠯᠲᠠ ᠲᠡᠶ ᠨᠢᠭ᠍ᠲᠠ ᠬᠣᠯᠪᠣᠭ᠎ᠠ᠎ᠲᠠᠶ ᠪᠠᠢᠳᠠᠭ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠪᠠᠷᠤᠭ 3.5 ᠳ᠋ᠦᠩᠱᠢᠭᠤᠷ ᠬᠥᠮᠦᠨ ᠨᠢᠰᠭᠡᠯ᠎ᠢᠶᠡᠷ ᠶᠠᠪᠤᠵᠤ ᠰᠠᠭᠤᠵᠤ᠌᠂ ᠣᠳᠣᠬᠠᠨ᠎ᠳᠤ ᠠᠭᠠᠷ᠎ᠤᠨ ᠠᠶᠠᠯᠠᠯ᠎ᠤᠨ ᠬᠥᠮᠦᠨ ᠠᠮᠠ᠎ᠶ᠋ᠢᠨ ᠲᠣᠭ᠎ᠠ ᠨᠢᠭᠡᠨᠲᠡ 4.7 ᠳ᠋ᠦᠩᠱᠢᠭᠤᠷ᠎ᠲᠤ ᠬᠦᠷᠴᠦ᠍᠂ ᠪᠥᠬᠥ᠌ ᠪᠥᠮᠪᠥᠷᠴᠡᠭ᠎ᠦᠨ ᠠᠭᠠᠷ᠎ᠤᠨ ᠠᠶᠠᠯᠠᠯ᠎ᠤᠨ ᠬᠥᠮᠦᠨ ᠠᠮᠠ᠎ᠪᠠᠷ ᠬᠠᠮᠤᠭ᠎ᠤᠨ ᠣᠯᠠᠨ ᠤᠯᠤᠰ ᠪᠣᠯᠵᠠᠶ᠃
ᠳᠤᠮᠳᠠᠳᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ ᠲᠣᠪᠴᠢᠶ᠎ᠠ᠎ᠶ᠋ᠢᠨ ᠳᠠᠷᠤᠭ᠎ᠠ ᠰᠥᠩ ᡁᠢ ᠶᠦᠩ ᠲᠠᠨᠢᠯᠴᠠᠭᠤᠯᠬᠤ᠎ᠳᠠᠭᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠦᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ᠎ᠬᠢᠨ ᠠᠵᠢᠯᠯᠠᠭᠠᠨ᠎ᠤ ᠦᠷ᠎ᠡ ᠪᠦᠲᠦᠮᠵᠢ᠎ᠪᠡᠨ ᠶᠡᠬᠡᠪᠡᠷ ᠳᠡᠭᠡᠭ᠌ᠰᠢᠯᠡᠭᠦᠯᠵᠦ᠍᠂ ᠡᠭᠡᠯᠵᠢ᠎ᠶ᠋ᠢᠨ ᠨᠢᠰᠭᠡᠯ᠎ᠦᠨ ᠬᠡᠪ᠎ᠦᠨ ᠪᠠᠢᠳᠠᠯ᠎ᠢ ᠨᠡᠯᠢᠶᠡᠳ ᠰᠠᠢᠨ ᠲᠦᠪᠱᠢᠨ᠎ᠳᠦ ᠪᠠᠢᠯᠭᠠᠪᠠ; ᠮᠢᠩᠭ᠎ᠠ ᠲᠦᠮᠡᠨ ᠲᠠᠰ᠎ᠤᠨ ᠨᠢᠰᠭᠡᠯ᠎ᠦᠨ ᠪᠠᠭᠤᠳᠠᠯ᠎ᠤᠨ ᠡᠭᠡᠯᠵᠢ᠎ᠶ᠋ᠢᠨ ᠨᠢᠰᠭᠡᠯ᠎ᠦᠨ ᠮᠠᠰᠢᠨ᠎ᠤ ᠪᠠᠢᠷᠢᠯᠠᠯ ᠬᠥᠭᠥᠷᠭᠡ᠎ᠶ᠋ᠢᠨ ᠣᠢᠷᠠᠯᠴᠠᠭ᠎ᠠ ᠪᠠᠢᠬᠤ ᠨᠣᠷᠮ᠎ᠠ 83.8% ᠪᠣᠯᠤᠨ ᠳᠡᠭᠡᠭ᠌ᠰᠢᠯᠡᠵᠦ᠍᠂ ᠨᠢᠰᠭᠡᠯ᠎ᠡᠴᠡ ᠪᠠᠭᠤᠵᠦ ᠰᠠᠭᠤᠬᠤ᠎ᠳᠤ ᠨᠠᠩ ᠲᠥᠬᠥᠮ ᠪᠣᠯᠪᠠ᠃ ᠡᠭᠦᠨ᠎ᠦ ᠬᠠᠮᠲᠤ᠂ ᠮᠠᠨ᠎ᠤ ᠤᠯᠤᠰ ᠪᠠᠰᠠ ᠣᠶᠤᠨᠴᠢᠯᠠᠭ᠍ᠰᠠᠨ ᠦᠶ᠋ᠯᠡᠴᠢᠯᠡᠭᠡ᠎ᠶ᠋ᠢ ᠶᠡᠬᠡᠪᠡᠷ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠠᠶᠠᠨᠴᠢᠳ᠎ᠤᠨ ᠥᠪᠡᠰᠦᠪᠡᠨ ᠨᠢᠰᠭᠡᠯ᠎ᠳᠤ ᠭᠠᠷᠬᠤ ᠭᠠᠷᠳᠠᠮ ᠭᠦᠢᠴᠡᠳᠭᠡᠬᠦ᠌ ᠡᠵᠡᠯᠡᠬᠦ᠌ ᠬᠠᠷᠢᠴᠠᠯ ᠲᠤᠯᠤᠭᠠᠨ ᠬᠤᠪᠢ᠎ᠶ᠋ᠢ ᠳᠠᠪᠠᠵᠤ᠂ ᠴᠠᠭᠠᠰᠤ ᠬᠡᠷᠡᠭ᠌ᠯᠡᠬᠦ᠌ ᠥᠬᠡᠶ ᠳᠥᠭᠥᠮ ᠳᠥᠲᠡ ᠶᠠᠪᠤᠵᠤ ᠰᠠᠭᠤᠬᠤ ᠴᠢᠳᠠᠪᠤᠷᠢ᠎ᠲᠠᠶ ᠲᠡᠭᠡᠭᠡᠪᠦᠷᠢ᠎ᠶ᠋ᠢᠨ ᠨᠢᠰᠭᠡᠯ᠎ᠦᠨ ᠪᠠᠭᠤᠳᠠᠯ 260 ᠶ᠋ᠢ ᠳᠠᠪᠠᠵᠤ᠂ ᠨᠢᠰᠭᠡᠯ ᠳᠡᠭᠡᠷᠡᠬᠢ WIFI᠎ᠶ᠋ᠢᠨ ᠬᠡᠷᠡᠭ᠌ᠯᠡᠯᠲᠡ ᠶᠠᠪᠤᠬᠤ ᠲᠤᠲᠤᠮ ᠥᠷᠭᠡᠨ ᠳᠡᠯᠭᠡᠷ ᠪᠣᠯᠵᠣ᠂ ᠠᠶᠠᠨᠴᠢᠳ᠎ᠤᠨ ᠡᠭᠦᠯᠡᠨ ᠳᠡᠭᠡᠷᠡᠬᠢ ᠠᠮᠢᠳᠤᠷᠠᠯ ᠶᠠᠪᠤᠬᠤ ᠲᠤᠲᠤᠮ ᠪᠠᠶᠠᠯᠢᠭ᠍ᠵᠢᠵᠤ ᠪᠠᠢᠨ᠎ᠠ ᠭᠡᠵᠡᠢ᠃
《ᠪᠢᠳᠡ ᠢᠮᠠᠭ᠍ᠲᠠ 〈ᠠᠷᠠᠳ᠎ᠤᠨ ᠵᠠᠮ ᠬᠠᠷᠢᠯᠴᠠᠭ᠎ᠠ ᠠᠷᠠᠳ ᠲᠦᠮᠡᠨ᠎ᠦ ᠲᠥᠯᠥᠭᠡ〉 ᠪᠠᠢᠬᠤ᠎ᠶ᠋ᠢ ᠪᠠᠷᠢᠮᠲᠠᠯᠠᠵᠤ᠂ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠣᠯᠠᠨ ᠲᠦᠮᠡᠨ᠎ᠢ 〈ᠶᠠᠪᠤᠵᠤ ᠰᠠᠭᠤᠵᠤ ᠳᠡᠢᠯᠬᠦ᠌〉 ᠪᠠᠢᠭ᠍ᠰᠠᠨ᠎ᠡᠴᠡ 〈ᠲᠠᠭᠠᠯᠠᠮᠵᠢᠲᠠᠢ ᠶᠠᠪᠤᠵᠤ ᠰᠠᠭᠤᠬᠤ〉 ᠲᠡᠢᠰᠢ ᠬᠤᠪᠢᠷᠠᠭᠤᠯᠬᠤ᠎ᠶ᠋ᠢ ᠠᠬᠢᠭᠤᠯᠵᠠᠢ》᠃ ᠯᠢᠦ ᠸᠧᠶ᠂ ᠶᠡᠷᠦᠩᠬᠡᠶᠳᠦᠨᠢ ᠠᠪᠴᠤ᠌ ᠦᠵᠡᠪᠡᠯ᠂ ᠮᠠᠨ᠎ᠤ ᠤᠯᠤᠰ᠎ᠤᠨ ᠵᠠᠮ ᠲᠡᠭᠡᠭᠡᠪᠦᠷᠢ᠎ᠶ᠋ᠢᠨ ᠶᠡᠷᠦᠩᠬᠡᠢᠯᠡᠭ᠌ᠰᠡᠨ ᠴᠢᠳᠠᠪᠤᠷᠢ᠂ ᠦᠶ᠋ᠯᠡᠴᠢᠯᠡᠭᠡᠨ᠎ᠦ ᠶᠠᠰᠤ ᠴᠢᠨᠠᠷ᠂ ᠠᠵᠢᠯᠯᠠᠭᠠᠨ᠎ᠤ ᠦᠷ᠎ᠡ ᠪᠦᠲᠦᠮᠵᠢ ᠶᠡᠬᠡᠪᠡᠷ ᠳᠡᠭᠡᠭ᠌ᠰᠢᠯᠡᠵᠦ᠍᠂ 《ᠠᠷᠠᠳ ᠲᠦᠮᠡᠨ ᠶᠠᠪᠤᠵᠤ ᠰᠠᠭᠤᠬᠤ᠎ᠳᠤ ᠳᠦᠭᠦᠮ ᠲᠠᠭᠠᠯᠠᠮᠵᠢᠲᠠᠢ᠂ ᠪᠠᠷᠠᠭ᠎ᠠ᠎ᠶᠢᠨ ᠲᠡᠭᠡᠭᠡᠪᠦᠷᠢ ᠰᠠᠭᠠᠳ ᠦᠭᠡᠢ ᠪᠦᠭᠡᠳ ᠦᠨᠳᠦᠷ ᠪᠦᠲᠦᠮᠵᠢᠲᠡᠢ ᠪᠤᠯᠬᠤ》ᠰᠠᠢᠨ ᠰᠠᠢᠬᠠᠨ ᠬᠦᠰᠡᠯ ᠡᠷᠡᠮᠡᠯᠵᠡᠯ ᠶᠠᠭ ᠲᠦᠷᠭᠡᠨ ᠪᠡᠶᠡᠯᠡᠭ᠌ᠳᠡᠵᠦ᠍ ᠪᠠᠢᠨ᠎ᠠ ᠭᠡᠵᠦ ᠢᠯᠡᠳᠭᠡᠪᠡ᠃