2025 ᠣᠨ᠎ᠤ 6 ᠳ᠋ᠤᠭᠠᠷ᠎ᠤᠨ ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠪᠦᠬᠦ᠌ ᠣᠷᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠠᠵᠤ ᠦᠢᠯᠡᠰ᠎ᠦᠨ ᠵᠢᠭᠡᠯᠡᠯᠭᠡ᠎ᠶ᠋ᠢᠨ ᠦᠯᠡᠳᠡᠪᠦᠷᠢ ᠲᠣᠭ᠎ᠠ ᠠᠳᠠᠯᠢ ᠬᠤᠭᠤᠴᠠᠭᠠᠨ᠎ᠤ ᠬᠢ᠎ᠡᠴᠡ 54.2%᠎ᠢᠶᠡᠷ ᠨᠡᠮᠡᠭ᠌ᠳᠡᠪᠡ᠂ ᠪᠦᠬᠦ᠌ ᠣᠷᠣᠨ᠎ᠤ ᠭᠠᠳᠠᠭᠠᠳᠤ᠎ᠳᠤ ᠬᠣᠯᠪᠣᠭ᠍ᠳᠠᠭ᠍ᠰᠠᠨ ᠣᠷᠣᠯᠭ᠎ᠠ ᠵᠠᠷᠤᠯᠭ᠎ᠠ᠎ᠶᠢᠨ ᠶᠡᠷᠦᠩᠬᠡᠶ ᠲᠣᠭ᠎ᠠ 241.42 ᠳ᠋ᠦᠩᠰᠢᠭᠤᠷ ᠳ᠋ᠣᠯᠯᠠᠷ ᠪᠠᠢᠵᠤ᠂ ᠲᠤᠷᠰᠢᠯᠲᠠ᠎ᠶᠢᠨ ᠴᠡᠭ᠎ᠦᠨ 101 ᠠᠵᠤ ᠠᠬᠤᠶ᠋ᠢᠯᠠᠯ᠎ᠳᠤ ᠪᠠᠷᠠᠭᠠᠨ᠎ᠤ ᠠᠷᠠᠯᠵᠢᠶ᠎ᠠ᠎ᠶᠢ ᠳᠥᠭᠥᠮᠴᠢᠯᠡᠬᠦ ᠲᠤᠬᠠᠶ᠋ᠢᠯᠠᠭᠰᠠᠨ ᠠᠵᠢᠯ᠎ᠢ 7554 ᠤᠳᠠᠭ᠎ᠠ᠂ 25.5 ᠳ᠋ᠦᠩᠰᠢᠭᠤᠷ ᠳ᠋ᠣᠯᠯᠠᠷ ᠭᠦᠢᠴᠡᠳᠭᠡᠵᠦ᠍᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 37.9%᠂ 65.8%᠎ᠪᠠᠷ ᠨᠡᠮᠡᠭᠳᠡᠪᠡ᠂ ᠪᠥᠬᠥ ᠣᠷᠣᠨ᠎ᠤ ᠭᠠᠳᠠᠭᠠᠳᠤ ᠭᠤᠪᠢᠭᠤᠯᠭ᠎ᠠ᠎ᠶᠢᠨ ᠤᠯᠠᠷᠢᠨ ᠡᠭᠦᠰᠦᠭ᠌ᠰᠡᠨ ᠨᠡᠷᠡᠳᠬᠦᠨᠦ ᠵᠦᠪᠯᠡᠯᠴᠡᠭᠡᠷ ᠲᠣᠬᠢᠷᠠᠯᠴᠠᠭ᠍ᠰᠠᠨ ᠲᠣᠭ᠎ᠠ 11.95 ᠳ᠋ᠦᠩᠰᠢᠭᠤᠷ ᠳ᠋ᠣᠯᠯᠠᠷ᠎ᠲᠤ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 105.3%᠎ᠪᠠᠷ ᠨᠡᠮᠡᠭᠳᠡᠪᠡ᠃
ᠭᠢᠯᠠᠯᠵᠠᠭ᠍ᠰᠠᠨ ᠠᠮᠵᠢᠯᠲᠠ᠎ᠳᠤ ᠰᠠᠭᠤᠷᠢᠯᠠᠭ᠍ᠰᠠᠨ ᠳ᠋ᠠᠢᠲ᠋ᠠ᠎ᠶ᠋ᠢ ᠡᠨᠡ ᠤᠳᠠᠭᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠢᠶᠠᠷ ᠨᠡᠢᠲᠡᠯᠡᠵᠡᠢ!

7 ᠳ᠋ᠤᠭᠠᠷ ᠰᠠᠷ᠎ᠠ᠎ᠶᠢᠨ 29 ᠦ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠬᠡᠷ 2025 ᠣᠨ᠎ᠤ ᠳᠡᠭᠡᠷ᠎ᠡ ᠬᠠᠭᠠᠰ ᠵᠢᠯ᠎ᠦᠨ ᠪᠥᠬᠥ ᠣᠷᠣᠨ᠎ᠤ ᠮᠥᠩᠭᠥᠨ ᠭᠦᠶ᠋ᠯᠭᠡᠭᠡᠨ᠎ᠦ ᠠᠵᠢᠯᠯᠠᠭᠠᠨ᠎ᠤ ᠪᠠᠶ᠋ᠢᠳᠠᠯ ᠬᠢᠭᠡᠳ ᠮᠥᠩᠭᠥᠨ ᠭᠦᠶ᠋ᠯᠭᠡᠭᠡᠨ᠎ᠢᠶᠡᠷ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠶ ᠬᠥᠭ᠌ᠵᠢᠯᠲᠡ᠎ᠶ᠋ᠢ ᠳᠡᠮᠵᠢᠭ᠌ᠰᠡᠨ ᠪᠠᠢᠳᠠᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ᠎ᠢ ᠬᠤᠷᠠᠯᠳᠤᠭᠤᠯᠪᠠ᠃ ᠬᠤᠷᠠᠯ᠎ᠢᠶᠠᠷ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠬᠤᠪᠢᠶᠠᠷᠢ ᠪᠠᠩᠬᠢ᠎ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠨᠦᠬᠦᠳ᠎ᠡᠴᠡ 2025 ᠣᠨ᠎ᠤ ᠮᠠᠨ᠎ᠤ ᠣᠷᠣᠨ᠎ᠤ ᠳᠡᠭᠡᠷ᠎ᠡ ᠬᠠᠭᠠᠰ ᠵᠢᠯ᠎ᠦᠨ ᠮᠥᠩᠭᠥᠨ ᠭᠦᠶ᠋ᠯᠭᠡᠭᠡᠨ᠎ᠦ ᠠᠵᠢᠯᠯᠠᠭᠠᠨ᠎ᠤ ᠪᠠᠶ᠋ᠢᠳᠠᠯ᠎ᠢ ᠲᠠᠨᠢᠯᠴᠠᠭᠤᠯᠤᠭᠰᠠᠨ ᠪᠥᠭᠡᠳ ᠰᠣᠷᠪᠣᠯᠵᠢᠯᠠᠭ᠍ᠴᠢᠳ᠎ᠤᠨ ᠠᠰᠠᠭᠤᠯᠲᠠ᠎ᠶᠢ ᠬᠠᠷᠢᠭᠤᠯᠪᠠ᠃
ᠳᠡᠭᠡᠷ᠎ᠡ ᠬᠠᠭᠠᠰ ᠵᠢᠯ᠎ᠳᠤ ᠥᠪᠥᠷ ᠮᠣᠩᠭᠣᠯ ᠪᠥᠬᠥ ᠣᠷᠣᠨ᠎ᠤ ᠮᠥᠩᠭᠥᠨ ᠭᠦᠶ᠋ᠯᠭᠡᠭᠡᠨ᠎ᠦ ᠶᠡᠷᠦᠩᠬᠡᠶ ᠬᠡᠮᠵᠢᠶ᠎ᠡ ᠵᠣᠬᠢᠰᠲᠠᠶ ᠨᠡᠮᠡᠭ᠌ᠳᠡᠵᠦ᠍᠂ ᠪᠡᠯᠡ ᠲᠣᠬᠢᠷᠠᠭᠤᠯᠭ᠎ᠠ᠎ᠶ᠋ᠢᠨ ᠥᠪᠡᠷ᠎ᠦᠨ ᠥᠷᠲᠡᠭ ᠲᠣᠭ᠍ᠲᠠᠭᠤᠨ᠎ᠤ ᠳᠤᠮᠳᠠ ᠪᠠᠭᠤᠷᠠᠯᠲᠠ ᠲᠠᠢ ᠪᠠᠢᠪᠠ᠂ ᠮᠥᠩᠭᠥᠨ ᠭᠦᠢᠯᠭᠡᠭᠡᠨ᠎ᠦ ᠥᠭᠡᠷᠡᠴᠢᠯᠡᠯᠲᠡ ᠨᠡᠭᠡᠭᠡᠯᠲᠡ ᠰᠢᠨ᠎ᠡ ᠡᠭᠦᠳᠦᠯᠲᠡ ᠲᠠᠰᠤᠷᠠᠯᠲᠠ ᠦᠭᠡᠢ ᠭᠦᠨᠵᠡᠭᠡᠢᠷᠡᠨ᠂ ᠭᠠᠳᠠᠭᠠᠳᠤ᠎ᠳᠤ ᠬᠣᠯᠪᠣᠭᠳᠠᠬᠤ ᠠᠵᠤ ᠠᠬᠤᠶ᠎ᠶᠢᠨ ᠬᠥᠭᠵᠢᠯᠲᠡ᠎ᠶ᠋ᠢ ᠪᠦᠲᠦᠮᠵᠢᠲᠡᠢ ᠡᠷᠴᠢᠮᠯᠡᠪᠡ᠃ ᠪᠣᠳᠠᠲᠠᠶ ᠢᠯᠡᠷᠡᠯ ᠨᠢ᠄
ᠣᠯᠠᠨ ᠠᠷᠭ᠎ᠠ ᠬᠡᠮᠵᠢᠶ᠎ᠡ᠎ᠪᠡᠷ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠬᠥᠭ᠌ᠵᠢᠯᠲᠡ᠎ᠶ᠋ᠢ ᠳᠡᠮᠵᠢᠪᠡ
ᠲᠥᠷᠥ᠎ᠶᠢᠨ ᠪᠣᠳᠣᠯᠭ᠎ᠠ᠎ᠶᠢᠨ ᠲᠣᠭ᠍ᠲᠠᠯᠴᠠᠭ᠎ᠠ᠎ᠪᠠᠨ ᠲᠡᠭᠦᠯᠳᠡᠷᠵᠢᠭᠦᠯᠪᠡ
ᠲᠦᠷᠦ᠎ᠶᠢᠨ ᠪᠤᠳᠤᠯᠭ᠎ᠠ᠎ᠶᠢᠨ ᠳᠡᠮᠵᠢᠯᠭᠡ᠎ᠶᠢ ᠴᠢᠩᠭᠠᠳᠬᠠᠬᠤ᠂ ᠦᠢᠯᠡᠴᠢᠯᠡᠭᠡᠨ᠎ᠦ ᠬᠠᠩᠭᠠᠯᠭ᠎ᠠ᠎ᠶᠢ ᠥᠷᠭᠡᠳᠬᠡᠬᠦ᠂ ᠬᠡᠷᠡᠭ᠌ᠯᠡᠭᠡ᠎ᠶ᠋ᠢᠨ ᠠᠬᠤᠶ ᠪᠠᠶ᠋ᠢᠳᠠᠯ᠎ᠢ ᠰᠢᠯᠢᠳᠡᠭᠵᠢᠭᠦᠯᠬᠦ᠂ ᠬᠡᠷᠡᠭ᠌ᠯᠡᠭᠡ᠎ᠶ᠋ᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ ᠵᠡᠷᠭᠡ ᠦᠢᠯᠡᠴᠢᠯᠡᠭᠡᠨ᠎ᠦ ᠬᠡᠷᠡᠭ᠌ᠯᠡᠭᠡ᠎ᠶ᠋ᠢᠨ ᠬᠥᠭᠵᠢᠯᠲᠡ᠎ᠶᠢ ᠠᠬᠢᠭᠤᠯᠬᠤ ᠤᠯᠠᠨ ᠲᠠᠯ᠎ᠠ᠎ᠶᠢᠨ ᠲᠦᠷᠦ᠎ᠶᠢᠨ ᠪᠤᠳᠤᠯᠭ᠎ᠠ ᠠᠷᠭ᠎ᠠ ᠬᠡᠮᠵᠢᠶ᠎ᠡ᠎ᠶᠢ ᠨᠡᠶ᠋ᠢᠲᠡᠯᠡᠵᠦ᠂ ᠭᠣᠣᠯᠳᠠᠯᠭ᠎ᠠ ᠪᠣᠯᠬᠤ ᠡᠭᠦᠷᠭᠡ᠎ᠶ᠋ᠢᠨ ᠨᠠᠢᠳᠠᠪᠤᠷᠢᠵᠢᠭᠤᠯᠤᠯᠲᠠ᠎ᠶ᠋ᠢᠨ ᠨᠠᠷᠢᠨ ᠳᠠᠩᠰᠠ᠎ᠶ᠋ᠢ ᠲᠣᠭᠲᠠᠭᠠᠵᠤ᠂ ᠮᠥᠩᠭᠥᠨ ᠭᠦᠢᠯᠭᠡᠭᠡᠨ᠎ᠦ ᠨᠡᠷᠡᠳᠬᠦᠨ ᠬᠢᠭᠡᠳ ᠦᠢᠯᠡᠴᠢᠯᠡᠭᠡ᠎ᠶᠢ ᠪᠠᠶᠠᠯᠢᠭ᠍ᠵᠢᠭᠤᠯᠤᠨ ᠲᠡᠭᠦᠯᠳᠡᠷᠵᠢᠭᠦᠯᠪᠡ᠃
ᠮᠥᠩᠭᠥᠨ ᠭᠦᠢᠯᠭᠡᠭᠡᠨ᠎ᠦ ᠳᠡᠮᠵᠢᠯᠭᠡ᠎ᠶᠢᠨ ᠡᠷᠴᠢᠮ᠎ᠢᠶᠠᠨ ᠴᠢᠩᠭᠠᠷᠠᠭᠤᠯᠪᠠ
ᠮᠥᠩᠭᠥᠨ ᠭᠦᠶ᠋ᠯᠭᠡᠭᠡᠨ᠎ᠦ ᠪᠠᠶ᠋ᠢᠭᠤᠯᠤᠮᠵᠢ᠎ᠨᠤᠭᠤᠳ᠎ᠢ ᠵᠣᠷᠢᠭ᠍ᠵᠢᠭᠤᠯᠵᠤ ᠪᠠᠢᠭᠠᠳ ᠵᠢᠭᠤᠯᠴᠢᠯᠠᠯ᠎ᠢᠶᠠᠷ ᠶᠠᠪᠤᠵᠤ ᠰᠠᠭᠤᠬᠤ᠂ ᠬᠣᠭᠣᠯᠠ ᠤᠮᠳᠠ ᠬᠣᠨᠣᠭ ᠪᠠᠭᠤᠳᠠᠯ᠂ ᠰᠣᠶᠣᠯ ᠲᠠᠮᠢᠷ ᠵᠤᠭ᠎ᠠ ᠴᠡᠩᠭᠡᠯ ᠵᠡᠷᠭᠡ ᠭᠣᠥᠯᠳᠠᠯᠭᠠ ᠪᠣᠯᠬᠤ ᠬᠡᠷᠡᠭ᠌ᠯᠡᠭᠡ᠎ᠶ᠋ᠢᠨ ᠬᠦᠷᠢᠶᠡᠨ᠎ᠳᠦ ᠴᠢᠭᠯᠡᠭᠦᠯᠦᠨ᠂ ᠮᠥᠩᠭᠥᠨ ᠭᠦᠶ᠋ᠯᠭᠡᠭᠡᠨ᠎ᠦ ᠨᠡᠷᠡᠳᠬᠦᠨ ᠪᠠ ᠦᠢᠯᠡᠴᠢᠯᠡᠭᠡ᠎ᠳᠦ ᠰᠢᠨ᠎ᠡ᠎ᠶᠢ ᠡᠭᠦᠳᠴᠦ᠂ ᠰᠠᠭᠤᠭᠠᠯᠢ ᠠᠷᠠᠳ᠎ᠤᠨ ᠵᠦᠷᠢᠶᠡᠴᠢᠯᠡᠭᠰᠡᠨ ᠬᠡᠷᠡᠭ᠌ᠯᠡᠭᠡ᠎ᠶ᠋ᠢᠨ ᠪᠠᠯᠠ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ᠎ᠶᠢ ᠨᠢ ᠬᠠᠩᠭᠠᠵᠠᠢ᠃
6 ᠳ᠋ᠤᠭᠠᠷ ᠰᠠᠷ᠎ᠠ᠎ᠶᠢᠨ ᠰᠡᠭᠦᠯᠴᠢ᠎ᠳᠦ᠂ ᠪᠥᠬᠥ ᠣᠷᠣᠨ᠎ᠤ ᠪᠥᠭᠡᠮ᠎ᠢᠶᠡᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠶ᠋ᠯᠡᠰ᠎ᠦᠨ ᠳᠤᠮᠳᠠ ᠣᠷᠳᠣ᠌ ᠬᠤᠭᠤᠴᠠᠭᠠᠲᠤ ᠵᠢᠭᠡᠯᠡᠯᠭᠡ᠎ᠶᠢᠨ ᠦᠯᠡᠳᠡᠪᠦᠷᠢ ᠲᠣᠭ᠎ᠠ 461.9 ᠳ᠋ᠦᠩᠰᠢᠭᠤᠷ ᠲᠥᠭᠥᠷᠢᠭ᠎ᠲᠦ ᠬᠦᠷᠴᠦ᠂ ᠵᠢᠯ᠎ᠦᠨ ᠡᠬᠢᠨ᠎ᠦ ᠬᠢ᠎ᠡᠴᠡ 17.9 ᠳ᠋ᠦᠩᠰᠢᠭᠤᠷ ᠲᠥᠭᠥᠷᠢᠭ ᠨᠡᠮᠡᠭᠳᠡᠪᠡ; ᠬᠣᠨᠣᠭ ᠪᠠᠭᠤᠳᠠᠯ ᠪᠠ ᠢᠳᠡᠭᠡᠨ ᠤᠮᠳᠠᠭᠠᠨ᠎ᠤ ᠦᠶ᠋ᠯᠡᠰ᠎ᠦᠨ ᠳᠤᠮᠳᠠ ᠣᠷᠳᠣ᠌ ᠬᠤᠭᠤᠴᠠᠭᠠᠲᠤ ᠵᠢᠭᠡᠯᠡᠯᠭᠡ᠎ᠶᠢᠨ ᠦᠯᠡᠳᠡᠪᠦᠷᠢ ᠲᠣᠭ᠎ᠠ 32.9 ᠳ᠋ᠦᠩᠰᠢᠭᠤᠷ ᠲᠥᠭᠥᠷᠢᠭ᠎ᠲᠦ ᠬᠦᠷᠴᠦ᠂ ᠵᠢᠯ᠎ᠦᠨ ᠡᠬᠢᠨ᠎ᠦ ᠬᠢ᠎ᠡᠴᠡ 5.2 ᠳ᠋ᠦᠩᠰᠢᠭᠤᠷ ᠲᠥᠭᠥᠷᠢᠭ ᠨᠡᠮᠡᠭᠳᠡᠪᠡ; ᠰᠣᠶᠣᠯ᠂ ᠪᠡᠶ᠎ᠡ᠎ᠶᠢᠨ ᠲᠠᠮᠢᠷ ᠪᠠ ᠵᠤᠭ᠎ᠠ ᠴᠡᠩᠭᠡᠯ᠎ᠦᠨ ᠦᠶ᠋ᠯᠡᠰ᠎ᠦᠨ ᠳᠤᠮᠳᠠ ᠣᠷᠳᠣ᠌ ᠬᠤᠭᠤᠴᠠᠭᠠᠲᠤ ᠵᠢᠭᠡᠯᠡᠯᠭᠡ᠎ᠶᠢᠨ ᠦᠯᠡᠳᠡᠪᠦᠷᠢ ᠲᠣᠭ᠎ᠠ 24 ᠳ᠋ᠦᠩᠰᠢᠭᠤᠷ ᠲᠥᠭᠥᠷᠢᠭ ᠪᠠᠢᠵᠤ᠂ ᠰᠠᠭᠤᠭᠠᠯᠢ ᠡᠷᠦᠬᠡ᠎ᠶᠢᠨ ᠳᠤᠮᠳᠠ ᠣᠷᠳᠣ᠌ ᠬᠤᠭᠤᠴᠠᠭᠠᠲᠤ ᠠᠷᠠᠳ᠎ᠤᠨ ᠵᠣᠭᠣᠰ᠎ᠤᠨ ᠬᠡᠷᠡᠭ᠌ᠯᠡᠭᠡ᠎ᠶ᠋ᠢᠨ ᠵᠢᠭᠡᠯᠡᠯᠭᠡ᠎ᠶᠢᠨ ᠦᠯᠡᠳᠡᠪᠦᠷᠢ ᠲᠣᠭ᠎ᠠ 4924.9 ᠳ᠋ᠦᠩᠰᠢᠭᠤᠷ ᠲᠥᠭᠥᠷᠢᠭ ᠪᠠᠶ᠋ᠢᠵᠤ᠂ ᠠᠳᠠᠯᠢ ᠬᠤᠭᠤᠴᠠᠭᠠᠨ᠎ᠤ ᠬᠢ᠎ᠡᠴᠡ 6.7%᠎ᠪᠠᠷ ᠨᠡᠮᠡᠭᠳᠡᠪᠡ; 5 ᠳ᠋ᠤᠭᠠᠷ ᠰᠠᠷ᠎ᠠ᠎ᠶᠢᠨ 14᠎ᠦ ᠡᠳᠦᠷ᠂ ᠪᠥᠬᠥ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠦᠨ ᠦᠶ᠋ᠯᠡᠴᠢᠯᠡᠭᠡᠨ᠎ᠦ ᠬᠡᠷᠡᠭᠯᠡᠭᠡ ᠵᠢᠴᠢ ᠨᠠᠰᠤᠵᠢᠯ᠎ᠤᠨ ᠠᠰᠠᠷᠠᠮᠵᠢ᠎ᠶᠢᠨ 2000 ᠲᠦᠮᠡᠨ ᠲᠥᠭᠥᠷᠢᠭ᠎ᠦᠨ ᠠᠩᠬᠠᠳᠠᠭ᠍ᠴᠢ ᠵᠢᠭᠡᠯᠡᠯᠭᠡ᠎ᠶ᠋ᠢ ᠠᠮᠵᠢᠯᠲᠠ᠎ᠲᠠᠢ᠎ᠪᠠᠷ ᠨᠠᠶ᠋ᠢᠳᠠᠪᠤᠷᠢᠵᠢᠭᠤᠯᠪᠠ᠃
ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠮᠡᠷᠭᠡᠵᠢᠯ᠎ᠦᠨ ᠥᠭᠡᠷᠡᠴᠢᠯᠡᠨ
ᠱᠢᠨᠡᠴᠢᠯᠡᠯᠲᠡ ᠨᠢ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠬᠦᠴᠦᠨ ᠴᠢᠳᠠᠮᠵᠢ᠎ᠶ᠋ᠢ ᠨᠢ ᠡᠷᠴᠢᠮᠯᠡᠪᠡ
ᠣᠳᠣᠬᠠᠨ ᠪᠣᠯᠲᠠᠯ᠎ᠠ᠂ ᠪᠥᠬᠥ ᠣᠷᠣᠨ᠎ᠤ ᠮᠥᠩᠭᠥᠨ ᠭᠦᠶ᠋ᠯᠭᠡᠭᠡᠨ᠎ᠦ 14 ᠪᠠᠶ᠋ᠢᠭᠤᠯᠤᠮᠵᠢ ᠨᠢ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠮᠡᠷᠭᠡᠵᠢᠯ᠎ᠦᠨ ᠥᠭᠡᠷᠡᠴᠢᠯᠡᠨ ᠱᠢᠨᠡᠴᠢᠯᠡᠯᠲᠡ᠎ᠶᠢᠨ ᠳᠠᠬᠢᠯᠲᠠ ᠵᠢᠭᠡᠯᠡᠯᠭᠡ᠎ᠶᠢᠨ ᠲᠥᠷᠥ᠎ᠶᠢᠨ ᠪᠣᠳᠣᠯᠭ᠎ᠠ᠎ᠶᠢᠨ ᠪᠠᠯᠠ ᠮᠥᠩᠭᠥ᠎ᠶᠢ 20.8 ᠳ᠋ᠦᠩᠰᠢᠭᠤᠷ ᠲᠥᠭᠥᠷᠢᠭ ᠭᠥᠷᠳᠡᠵᠦ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ ᠪᠠ ᠮᠡᠷᠭᠡᠵᠢᠯ᠎ᠦᠨ ᠥᠭᠡᠷᠡᠴᠢᠯᠡᠨ ᠱᠢᠨᠡᠴᠢᠯᠡᠯᠲᠡ᠎ᠶ᠋ᠢᠨ ᠵᠢᠭᠡᠯᠡᠯᠭᠡ᠎ᠶᠢ 34.7 ᠳ᠋ᠦᠩᠰᠢᠭᠤᠷ ᠲᠥᠭᠥᠷᠢᠭ ᠲᠠᠷᠬᠠᠭᠠᠵᠤ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ 38 ᠠᠵᠤ ᠠᠬᠤᠶ᠋ᠢᠯᠠᠯ᠂ ᠮᠡᠷᠭᠡᠵᠢᠯ᠎ᠢ ᠥᠭᠡᠷᠡᠴᠢᠯᠡᠨ ᠱᠢᠨᠡᠴᠢᠯᠡᠬᠦ᠌ ᠪᠠ ᠲᠥᠬᠥᠭᠡᠷᠦᠮᠵᠢ᠎ᠶ᠋ᠢ ᠱᠢᠨᠡᠳᠭᠡᠬᠦ 26 ᠲᠥᠷᠥᠯ ᠵᠦᠶ᠋ᠯ᠎ᠢ ᠳᠡᠮᠵᠢᠪᠡ᠃
ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶ᠋ᠢᠨ ᠵᠢᠭᠡᠯᠡᠯᠭᠡ᠎ᠶᠢᠨ ᠲᠡᠮᠳᠡᠭᠲᠦ᠎ᠶᠢ ᠲᠠᠷᠬᠠᠭᠠᠬᠤ ᠠᠵᠢᠯ᠎ᠢ ᠢᠳᠡᠪᠬᠢᠲᠡᠢ ᠠᠬᠢᠭᠤᠯᠵᠤ᠂ 7 ᠳ᠋ᠤᠭᠠᠷ ᠰᠠᠷ᠎ᠠ᠎ᠶᠢᠨ 15᠎ᠤ ᠡᠳᠦᠷ᠂ ᠢᠯᠢ ᠪᠦᠯᠦᠭᠯᠡᠯ 40 ᠳ᠋ᠦᠩᠰᠢᠭᠤᠷ ᠲᠥᠭᠥᠷᠢᠭ᠎ᠦᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶ᠋ᠢᠨ ᠵᠢᠭᠡᠯᠡᠯᠭᠡ᠎ᠶᠢᠨ ᠲᠡᠮᠳᠡᠭᠲᠦ᠎ᠶᠢ ᠠᠮᠵᠢᠯᠲᠠ᠎ᠲᠠᠢ ᠲᠠᠷᠬᠠᠭᠠᠪᠠ᠂ ᠡᠨᠡ ᠨᠢ ᠥᠪᠥᠷ ᠮᠣᠩᠭᠣᠯ᠎ᠤᠨ ᠠᠷᠠᠳ᠎ᠡᠴᠡ ᠡᠵᠡᠩᠨᠡᠭ᠌ᠰᠡᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶ᠋ᠢᠨ ᠠᠩᠬᠠᠳᠠᠭ᠍ᠴᠢ ᠵᠢᠭᠡᠯᠡᠯᠭᠡ᠎ᠶᠢᠨ ᠲᠡᠮᠳᠡᠭ᠌ᠲᠦ᠎ᠶ᠋ᠢ ᠠᠮᠵᠢᠯᠲᠠ ᠲᠠᠢ᠎ᠪᠠᠷ ᠪᠤᠲᠠᠲᠠᠢᠵᠢᠭᠤᠯᠤᠭ᠍ᠰᠠᠨᠢ ᠬᠠᠷᠠᠭᠤᠯᠵᠤ ᠪᠠᠢᠨ᠎ᠠ᠃
ᠨᠡᠭᠦᠷᠡᠰᠦᠲᠥ᠋ᠷᠥᠭᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠬᠠᠬᠤ ᠳᠡᠮᠵᠢᠯᠭᠡ᠎ᠶ᠋ᠢᠨ ᠪᠠᠭᠠᠵᠢ᠎ᠶᠢ ᠦᠷᠭᠦᠯᠵᠢᠯᠡᠨ ᠰᠠᠶ᠋ᠢᠲᠤᠷ ᠬᠡᠷᠡᠭᠯᠡᠵᠦ᠂ ᠣᠲᠣ᠌ ᠪᠣᠯᠲᠠᠯ᠎ᠠ᠂ ᠪᠥᠬᠥ ᠣᠷᠣᠨ᠎ᠳᠦ ᠨᠡᠶ᠋ᠢᠲᠡ ᠮᠥᠩᠭᠥᠨ ᠭᠦᠶ᠋ᠯᠭᠡᠭᠡᠨ᠎ᠦ 20 ᠪᠠᠶ᠋ᠢᠭᠤᠯᠤᠮᠵᠢ ᠨᠡᠭᠦᠷᠡᠰᠦᠲᠥ᠋ᠷᠥᠭᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠬᠠᠬᠤ ᠳᠡᠮᠵᠢᠯᠭᠡ᠎ᠶ᠋ᠢᠨ ᠪᠠᠭᠠᠵᠢ᠎ᠶᠢᠨ ᠪᠠᠯᠠ ᠮᠥᠩᠭᠥ᠎ᠶᠢ ᠨᠡᠶ᠋ᠢᠲᠡ 594.3 ᠳ᠋ᠦᠩᠰᠢᠭᠤᠷ ᠲᠥᠭᠥᠷᠢᠭ ᠬᠡᠷᠡᠭᠯᠡᠵᠦ᠂ ᠨᠡᠭᠦᠷᠡᠰᠦᠲᠥ᠋ᠷᠥᠭᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠬᠠᠬᠤ 990.5 ᠳ᠋ᠦᠩᠰᠢᠭᠤᠷ ᠲᠥᠭᠥᠷᠢᠭ᠎ᠦᠨ ᠵᠢᠭᠡᠯᠡᠯᠭᠡ᠎ᠶᠢ ᠲᠠᠷᠬᠠᠭᠠᠬᠤ᠎ᠶ᠋ᠢ ᠳᠠᠢᠴᠢᠯᠠᠵᠤ᠂ 597.5 ᠲᠦᠮᠡᠨ ᠲᠣᠨ ᠨᠡᠭᠦᠷᠡᠰᠦᠲᠥ᠋ᠷᠥᠭᠴᠢ᠎ᠶ᠋ᠢᠨ ᠭᠠᠳᠠᠭ᠍ᠰᠢᠯᠠᠭᠤᠯᠤᠯᠲᠠ ᠪᠠᠭᠠᠰᠬᠠᠬᠤ᠎ᠶᠢ ᠳᠠᠶ᠋ᠢᠴᠢᠯᠠᠭᠰᠠᠨ ᠪᠠᠶ᠋ᠢᠨ᠎ᠠ ᠃ 6 ᠳ᠋ᠤᠭᠠᠷ ᠰᠠᠷ᠎ᠠ᠎ᠶᠢᠨ ᠰᠡᠭᠦᠯᠴᠢ᠎ᠳᠦ᠂ ᠪᠥᠬᠥ ᠣᠷᠣᠨ᠎ᠤ ᠨᠣᠭᠣᠭᠠᠨ ᠵᠢᠭᠡᠯᠡᠯᠭᠡ᠎ᠶᠢᠨ ᠦᠯᠡᠳᠡᠪᠦᠷᠢ ᠲᠣᠭ᠎ᠠ 5594 ᠳ᠋ᠦᠩᠰᠢᠭᠤᠷ ᠲᠥᠭᠥᠷᠢᠭ ᠪᠠᠢᠵᠤ᠂ ᠵᠢᠯ᠎ᠦᠨ ᠡᠬᠢᠨ᠎ᠦ ᠬᠢ᠎ᠡᠴᠡ 387.4 ᠳ᠋ᠦᠩᠰᠢᠭᠤᠷ ᠲᠥᠭᠥᠷᠢᠭ ᠨᠡᠮᠡᠭᠳᠡᠪᠡ᠃
ᠭᠠᠳᠠᠭᠠᠳᠤ ᠭᠤᠪᠢᠭᠤᠯᠭ᠎ᠠ᠎ᠶᠢᠨ ᠳᠥᠭᠥᠮᠴᠢᠯᠡᠯᠲᠡ᠎ᠶᠢᠨ ᠲᠥᠷᠥ᠎ᠶᠢᠨ ᠪᠣᠳᠣᠯᠭ᠎ᠠ᠎ᠶᠢᠨ
ᠠᠰᠢᠭ᠋ ᠬᠦᠷᠲᠡᠭᠡᠬᠦ᠌ ᠪᠦᠷᠬᠦᠴᠡ᠎ᠶ᠋ᠢ ᠦᠷᠭᠡᠳᠭᠡᠪᠡ
ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠭᠠᠳᠠᠭᠠᠳᠤ ᠭᠤᠪᠢᠭᠤᠯᠭ᠎ᠠ᠎ᠶᠢᠨ ᠵᠠᠬ᠎ᠠ ᠳᠡᠯᠭᠡᠭᠦᠷ ᠲᠣᠭᠲᠠᠭᠤᠨ᠎ᠢᠶᠠᠷ ᠠᠵᠢᠯᠯᠠᠵᠤ᠂ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ᠎ᠳᠤ ᠬᠣᠯᠪᠣᠭ᠍ᠳᠠᠭ᠍ᠰᠠᠨ ᠣᠷᠣᠯᠭ᠎ᠠ ᠵᠠᠷᠤᠯᠭ᠎ᠠ᠎ᠶᠢᠨ ᠶᠡᠷᠦᠩᠬᠡᠶ ᠲᠣᠭ᠎ᠠ 241.42 ᠳ᠋ᠦᠩᠰᠢᠭᠤᠷ ᠳ᠋ᠣᠯᠯᠠᠷ᠎ᠲᠤ ᠬᠦᠷᠴᠡᠶ᠃
《ᠪᠦᠲᠦᠴᠡ᠎ᠶᠢ ᠰᠢᠯᠢᠳᠡᠭᠵᠢᠭᠦᠯᠬᠦ + ᠪᠠᠩᠬᠢ᠎ᠶ᠋ᠢᠨ ᠲᠤᠬᠠᠢᠯᠠᠭ᠍ᠰᠠᠨ ᠠᠵᠢᠯ᠎ᠢ ᠥᠷᠭᠡᠳᠬᠡᠬᠦ》᠎ᠪᠡᠷ ᠭᠣᠣᠯ ᠱᠢᠵᠢᠮ ᠪᠣᠯᠭᠠᠵᠤ᠂ ᠬᠢᠯᠢ ᠠᠯᠤᠰᠯᠠᠭᠰᠠᠨ ᠠᠷᠠᠯᠵᠢᠶᠠᠨ᠎ᠤ ᠪᠡᠯᠡ ᠣᠷᠣᠭᠤᠯᠤᠯᠲᠠ ᠪᠡᠯᠡ ᠲᠤᠬᠢᠷᠠᠭᠤᠯᠭ᠎ᠠ᠎ᠶᠢᠨ ᠳᠥᠭᠥᠮᠴᠢᠯᠡᠯᠲᠡ᠎ᠶᠢᠨ ᠲᠦᠷᠦ᠎ᠶᠢᠨ ᠪᠤᠳᠤᠯᠭ᠎ᠠ᠎ᠶᠢᠨ ᠴᠢᠨᠠᠷ ᠴᠢᠨᠰᠠᠭ᠎ᠠ᠎ᠶ᠋ᠢ ᠳᠡᠭᠡᠭᠰᠢᠯᠡᠭᠦᠯᠦᠨ ᠬᠡᠪᠴᠢᠶᠡᠵᠢᠯ᠎ᠢ ᠥᠷᠭᠡᠳᠬᠡᠬᠦ᠎ᠶᠢ ᠨᠢ ᠠᠬᠢᠭᠤᠯᠵᠤ᠂ ᠳᠡᠭᠡᠷ᠎ᠡ ᠬᠠᠭᠠᠰ ᠵᠢᠯ᠎ᠳᠦ᠂ ᠲᠤᠷᠰᠢᠯᠲᠠ᠎ᠶᠢᠨ ᠴᠡᠭ᠎ᠦᠨ 101 ᠠᠵᠤ ᠠᠬᠤᠶ᠋ᠢᠯᠠᠯ᠎ᠳᠤ ᠪᠠᠷᠠᠭᠠᠨ᠎ᠤ ᠠᠷᠠᠯᠵᠢᠶ᠎ᠠ᠎ᠶ᠋ᠢ ᠳᠦᠭᠦᠮᠴᠢᠯᠡᠬᠦ᠌ ᠲᠤᠬᠠᠶ᠋ᠢᠯᠠᠭᠰᠠᠨ ᠠᠵᠢᠯ᠎ᠢ 7554 ᠤᠳᠠᠭ᠎ᠠ᠂ 25.5 ᠳ᠋ᠦᠩᠰᠢᠭᠤᠷ ᠳ᠋ᠣᠯᠯᠠᠷ ᠭᠦᠢᠴᠡᠳᠭᠡᠨ ᠥᠭ᠌ᠴᠦ᠂ ᠠᠳᠠᠯᠢ ᠬᠤᠭᠤᠴᠠᠭᠠᠨ᠎ᠤ ᠬᠢ᠎ᠡᠴᠡ ᠲᠤᠰ ᠲᠤᠰ 37.9%᠂ 65.8%᠎ᠪᠡᠷ ᠨᠡᠮᠡᠭᠳᠡᠪᠡ; ᠨᠥᠬᠥᠴᠡᠯ᠎ᠳᠦ ᠨᠡᠶ᠋ᠢᠴᠡᠬᠦ ᠠᠵᠤ ᠠᠬᠤᠶ᠋ᠢᠯᠠᠯ᠎ᠤᠨ ᠬᠥᠷᠥᠩᠭᠡ᠎ᠶᠢᠨ ᠲᠥᠷᠥᠯ ᠵᠦᠶ᠋ᠯ᠎ᠦᠨ ᠣᠷᠣᠯᠭᠠᠪᠡᠷᠢᠶᠡᠨ ᠲᠦᠯᠦᠬᠦ᠌᠎ᠶ᠋ᠢ ᠳᠦᠭᠦᠮᠴᠢᠯᠡᠬᠦ᠌ ᠲᠥᠷᠥ᠍᠎ᠶ᠋ᠢᠨ ᠪᠣᠳᠣᠯᠭ᠎ᠠ᠎ᠶᠢ ᠢᠳᠡᠪᠬᠢᠲᠡᠶ ᠠᠱᠢᠭ᠍ᠯᠠᠬᠤ᠎ᠶ᠋ᠢ ᠨᠢ ᠠᠬᠢᠭᠤᠯᠵᠤ᠂ ᠵᠢᠷᠭᠤᠭᠠᠨ ᠬᠤᠪᠢ᠎ᠠᠴᠠ ᠳᠡᠭᠡᠭ᠌ᠰᠢᠬᠢ ᠬᠥᠷᠥᠩᠭᠡ᠎ᠶᠢᠨ ᠲᠥᠷᠥᠯ ᠵᠦᠶ᠋ᠯ᠎ᠤᠨ ᠲᠥᠯᠦᠬᠦ᠌ᠶ᠋ᠢ ᠳᠦᠭᠦᠮᠴᠢᠯᠡᠬᠦ᠌ᠶ᠋ᠢ ᠪᠡᠶᠡᠯᠡᠭᠦᠯᠪᠡ᠃
ᠬᠢᠯᠢ᠎ᠶᠢᠨ ᠪᠣᠭᠣᠮᠲᠠ᠎ᠶᠢᠨ ᠠᠵᠤ ᠠᠬᠤᠶ᠎ᠶᠢᠨ ᠲᠣᠭᠤᠷᠢᠭ᠎ᠤᠨ ᠬᠥᠭᠵᠢᠯᠲᠡ᠎ᠶᠢ ᠳᠡᠮᠵᠢᠵᠦ᠂ ᠡᠷᠢᠶᠡᠨ ᠬᠣᠲᠠ᠎ᠶᠢᠨ ᠬᠢᠯᠢ᠎ᠶᠢᠨ ᠠᠷᠠᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠭᠠᠳᠠᠭᠠᠳᠤ᠎ᠠᠴᠠ ᠣᠷᠣᠭᠣᠯᠬᠤ ᠲᠠᠸᠠᠷ᠎ᠢ ᠪᠣᠳᠠᠲᠠᠶ᠋ᠢᠵᠢᠭᠤᠯᠤᠨ ᠡᠳ᠋ᠱᠢᠭᠦᠯᠵᠦ᠍ ᠪᠣᠯᠪᠠᠰᠤᠷᠠᠭᠤᠯᠬᠤ ᠲᠤᠷᠰᠢᠯᠲᠠ᠎ᠶᠢᠨ ᠴᠡᠭ᠎ᠦᠨ ᠣᠷᠣᠯᠠᠨ ᠭᠤᠪᠢᠭᠤᠯᠭ᠎ᠠ ᠳᠥᠯᠥᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠨ᠎ᠡᠴᠡ ᠨᠠᠭᠠᠰᠢ 2.29 ᠳ᠋ᠦᠩᠰᠢᠭᠤᠷ ᠲᠥᠭᠥᠷᠢᠭ᠎ᠦᠨ ᠲᠤᠬᠠᠶ᠋ᠢᠯᠠᠭᠰᠠᠨ ᠠᠵᠢᠯ᠎ᠢ ᠭᠦᠶ᠋ᠴᠡᠳᠬᠡᠵᠦ᠂ ᠳᠡᠭᠡᠷ᠎ᠡ ᠬᠠᠭᠠᠰ ᠵᠢᠯ᠎ᠳᠦ᠂ ᠠᠷᠠᠯᠵᠢᠶᠠᠨ᠎ᠤ ᠣᠷᠣᠯᠠᠨ ᠭᠤᠪᠢᠭᠤᠯᠭ᠎ᠠ ᠳᠥᠯᠥᠬᠦ ᠲᠤᠬᠠᠶ᠋ᠢᠯᠠᠭᠰᠠᠨ ᠠᠵᠢᠯ᠎ᠤᠨ ᠭᠠᠳᠠᠭᠠᠳᠤ ᠭᠠᠷᠭᠠᠯᠲᠠ᠎ᠪᠠᠷ ᠣᠯᠤᠭᠰᠠᠨ ᠭᠤᠪᠢᠭᠤᠯᠭ᠎ᠠ 4869.31 ᠲᠦᠮᠡᠨ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.6 ᠳᠠᠬᠢᠨ ᠨᠡᠮᠡᠭᠳᠡᠪᠡ᠃
ᠤᠯᠤᠰ ᠠᠯᠤᠰᠯᠠᠭᠰᠠᠨ ᠺᠣᠮᠫᠠᠨᠢ᠎ᠶᠢᠨ ᠳᠡᠪᠢᠰᠬᠡᠷᠲᠦ ᠵᠣᠭᠣᠰ ᠪᠠ ᠭᠠᠳᠠᠭᠠᠳᠤ᠎ᠶᠢᠨ ᠵᠣᠭᠣᠰ᠎ᠢ ᠨᠢᠭᠡ ᠴᠤᠭᠴᠠᠵᠢᠭᠤᠯᠤᠭᠰᠠᠨ ᠪᠠᠯᠠ ᠮᠥᠩᠭᠥ᠎ᠶᠢᠨ ᠲᠠᠲᠠᠭᠠᠯ᠎ᠤᠨ ᠲᠤᠬᠠᠶ᠋ᠢᠯᠠᠭᠰᠠᠨ ᠠᠵᠢᠯ᠎ᠤᠨ ᠲᠤᠷᠰᠢᠯᠲᠠ᠎ᠶᠢᠨ ᠴᠡᠭ᠎ᠦᠨ ᠵᠥᠪᠰᠢᠶᠡᠷᠡᠯ᠎ᠢ ᠣᠯᠵᠤ᠂ ᠲᠤᠷᠰᠢᠯᠲᠠ᠎ᠶᠢᠨ ᠴᠡᠭ᠎ᠦᠨ ᠬᠣᠶᠠᠷ ᠠᠵᠤ ᠠᠬᠤᠶ᠋ᠢᠯᠠᠯ ᠪᠣᠯᠬᠤ ᠢᠯᠢ ᠪᠦᠯᠦᠭ᠌ᠯᠡᠯ ᠪᠠ ᠪᠤᠭᠤᠲᠤ᠎ᠶᠢᠨ ᠪᠣᠯᠣᠳ ᠲᠡᠮᠦᠷ᠎ᠦᠨ ᠪᠦᠯᠦᠭᠯᠡᠯ ᠨᠢ ᠪᠠᠯᠠ ᠮᠥᠩᠭᠥ᠎ᠶᠢᠨ ᠲᠠᠲᠠᠭᠠᠯ᠎ᠢᠶᠠᠷ ᠳᠠᠮᠵᠢᠭᠤᠯᠤᠨ 10.38 ᠳ᠋ᠦᠩᠰᠢᠭᠤᠷ ᠲᠥᠭᠥᠷᠢᠭ᠎ᠦᠨ ᠪᠠᠯᠠ ᠮᠥᠩᠭᠥ᠎ᠶᠢ ᠬᠤᠪᠢᠶᠠᠷᠢᠯᠠᠨ ᠰᠢᠯᠵᠢᠭᠦᠯᠪᠡ᠃
ᠳᠠᠭᠠᠭᠠᠴᠢᠯᠠᠨ ᠬᠣᠯᠪᠣᠭᠠᠯᠠᠵᠤ ᠰᠣᠷᠪᠤᠯᠵᠢᠯᠠᠬᠤ᠂ ᠬᠠᠨᠳᠤᠯᠭ᠎ᠠ᠎ᠲᠠᠢ᠎ᠪᠠᠷ ᠤᠬᠠᠭᠤᠯᠤᠨ ᠲᠠᠶ᠋ᠢᠯᠪᠤᠷᠢᠯᠠᠬᠤ ᠵᠡᠷᠭᠡ ᠰᠢᠷᠢᠰ ᠠᠵᠢᠯᠯᠠᠭ᠎ᠠ᠎ᠶᠢ ᠥᠷᠨᠢᠭᠦᠯᠵᠦ᠂ ᠠᠵᠤ ᠠᠬᠤᠶ᠋ᠢᠯᠠᠯ᠎ᠤᠨ ᠭᠤᠪᠢᠭᠤᠯᠭ᠎ᠠ᠎ᠶᠢᠨ ᠨᠣᠷᠮ᠎ᠠ᠎ᠶᠢᠨ ᠲᠦᠭᠰᠢᠭᠦᠷᠢ᠎ᠶᠢᠨ ᠬᠠᠮᠢᠶᠠᠷᠤᠯᠲᠠ᠎ᠶᠢᠨ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠳᠡᠭᠡᠷ᠎ᠡ ᠬᠠᠭᠠᠰ ᠵᠢᠯ᠎ᠳᠦ᠂ ᠪᠥᠬᠥ ᠣᠷᠣᠨ᠎ᠤ ᠭᠠᠳᠠᠭᠠᠳᠤ ᠭᠤᠪᠢᠭᠤᠯᠭ᠎ᠠ᠎ᠶᠢᠨ ᠤᠯᠠᠷᠢᠨ ᠡᠭᠦᠰᠦᠭ᠌ᠰᠡᠨ ᠨᠡᠷᠡᠳᠬᠦᠨᠦ ᠵᠦᠪᠯᠡᠯᠴᠡᠭᠡᠷ ᠲᠣᠬᠢᠷᠠᠯᠴᠠᠭ᠍ᠰᠠᠨ ᠲᠣᠭ᠎ᠠ 11.95 ᠳ᠋ᠦᠩᠰᠢᠭᠤᠷ ᠳ᠋ᠣᠯᠯᠠᠷ᠎ᠲᠤ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 105.3%᠎ᠪᠠᠷ ᠨᠡᠮᠡᠭᠳᠡᠪᠡ; ᠭᠠᠳᠠᠭᠠᠳᠤ ᠭᠤᠪᠢᠭᠤᠯᠭ᠎ᠠ᠎ᠶᠢᠨ ᠢᠵᠢ ᠳᠠᠭᠠᠳᠬᠠᠯ᠎ᠤᠨ ᠬᠠᠷᠢᠴᠠᠯ 14.5% ᠪᠠᠶ᠋ᠢᠵᠤ᠂ ᠠᠳᠠᠯᠢ ᠬᠤᠭᠤᠴᠠᠭᠠᠨ᠎ᠤ ᠬᠢ᠎ᠡᠴᠡ 107.9%᠎ᠪᠠᠷ ᠨᠡᠮᠡᠭᠳᠡᠪᠡ᠃
ᠳᠠᠷᠠᠭᠠᠴᠢ᠎ᠪᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠬᠡᠷᠡᠭᠯᠡᠭᠡ᠎ᠶ᠋ᠢ ᠦᠷᠭᠦᠯᠵᠢᠯᠡᠨ ᠭᠣᠣᠯᠳᠠᠯᠭ᠎ᠠ ᠲᠠᠢ ᠠᠬᠢᠭᠤᠯᠵᠤ᠂ ᠵᠣᠭᠣᠰ᠎ᠤᠨ ᠲᠦᠷᠦ᠎ᠶᠢᠨ ᠪᠤᠳᠤᠯᠭ᠎ᠠ᠎ᠶᠢᠨ ᠡᠯ᠎ᠡ ᠵᠦᠢᠯ᠎ᠦᠨ ᠪᠠᠭᠠᠵᠢ᠎ᠶᠢ ᠦᠷᠭᠦᠯᠵᠢᠯᠡᠨ ᠰᠠᠢᠲᠤᠷ ᠬᠡᠷᠡᠭ᠌ᠯᠡᠵᠦ᠍᠂ ᠬᠡᠷᠡᠭ᠌ᠯᠡᠭᠡ᠎ᠶ᠋ᠢᠨ ᠬᠦᠷᠢᠶᠡᠨ᠎ᠳᠡᠬᠢ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠨᠡᠩ ᠰᠠᠢᠲᠤᠷ ᠬᠠᠩᠭᠠᠨ᠂ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠡᠷᠴᠢᠮᠯᠡᠬᠦ᠌ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠬᠢᠯᠢ ᠠᠯᠤᠰᠯᠠᠭᠰᠠᠨ ᠮᠥᠩᠭᠥᠨ ᠭᠦᠶ᠋ᠯᠭᠡᠭᠡᠨ᠎ᠦ ᠦᠶ᠋ᠯᠡᠴᠢᠯᠡᠭᠡᠨ᠎ᠦ ᠲᠠᠪᠴᠠᠩ᠎ᠤᠨ ᠠᠰᠢᠭ᠋ ᠬᠦᠷᠲᠡᠭᠡᠬᠦ ᠬᠡᠪᠴᠢᠶ᠎ᠡ᠎ᠶᠢ ᠲᠠᠰᠤᠷᠠᠯᠲᠠ ᠥᠬᠡᠶ ᠦᠷᠭᠡᠳᠭᠡᠨ᠂ ᠭᠠᠳᠠᠭᠠᠳᠤ᠎ᠳᠤ ᠬᠣᠯᠪᠣᠭᠳᠠᠬᠤ ᠨᠡᠩ ᠤᠯᠠᠨ ᠠᠵᠤ ᠠᠬᠤᠶ᠋ᠢᠯᠠᠯ᠎ᠳᠤ ᠴᠢᠨᠠᠷ ᠰᠠᠶ᠋ᠢᠲᠠᠢ ᠪᠦᠭᠡᠳ ᠳᠦᠭᠦᠮ ᠳᠥᠲᠡ ᠦᠢᠯᠡᠴᠢᠯᠡᠭᠡ ᠬᠠᠩᠭᠠᠵᠤ᠂ ᠭᠠᠵᠠᠷ ᠣᠷᠣᠨ᠎ᠤ ᠠᠵᠤ ᠠᠬᠤᠶ᠎ᠶᠢᠨ ᠴᠢᠨᠠᠷ ᠰᠠᠶ᠋ᠢᠲᠠᠶ ᠬᠥᠭ᠌ᠵᠢᠯᠲᠡ᠎ᠳᠦ ᠨᠡᠩ ᠨᠠᠷᠢᠯᠢᠭ᠋ ᠣᠨᠣᠴᠠᠲᠠᠢ᠂ ᠨᠡᠩ ᠦᠷ᠎ᠡ ᠪᠦᠲᠦᠮᠵᠢᠲᠡᠢ ᠮᠥᠩᠭᠥᠨ ᠭᠦᠢᠯᠭᠡᠭᠡᠨ᠎ᠦ ᠦᠢᠯᠡᠴᠢᠯᠡᠭᠡ ᠬᠠᠩᠭᠠᠬᠤ ᠪᠣᠯᠣᠨ᠎ᠠ᠃