ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠥᠪᠥᠷ ᠮᠣᠩᠭᠣᠯ᠎ᠳᠦ ᠬᠡᠷᠡᠭ᠌ᠰᠡᠬᠦ᠌ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ᠎ᠢ ᠰᠠᠶᠢᠬᠠᠨ ᠨᠡᠢᠲᠡᠯᠡᠪᠡ! ᠴᠢᠳᠠᠪᠤᠷᠢᠲᠠᠨ᠎ᠢᠶᠠᠷ ᠬᠠᠮᠤᠭ᠎ᠠᠴᠠ ᠳᠤᠲᠠᠭᠳᠠᠵᠤ ᠪᠠᠢᠭ᠎ᠠ ᠠᠵᠢᠯ ᠲᠦᠷᠦᠯ ᠪᠣᠯ ᠁
ᠨᠡᠶ᠋ᠢᠲᠡᠯᠡᠭᠰᠡᠨ ᠴᠠᠭ᠄ 2025-08-20

ᠲᠠ ᠪᠠᠰᠠ ᠠᠵᠢᠯ ᠣᠯᠬᠤ ᠦᠭᠡᠢ᠎ᠶ᠋ᠢᠨ ᠲᠦᠯᠦᠭᠡ ᠰᠠᠨᠠᠭᠠᠱᠢᠷᠠᠵᠤ ᠪᠠᠢᠨ᠎ᠠ ᠦᠦ? 8 ᠳ᠋ᠤᠭᠠᠷ ᠰᠠᠷ᠎ᠠ᠎ᠶᠢᠨ 19 ᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ 《ᠡᠷᠳᠡᠮᠲᠡᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠳᠡᠭᠡᠳᠦ ᠳᠡᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ ᠬᠠᠮᠲᠤᠷᠠᠯᠴᠠᠭ᠎ᠠ ᠰᠣᠯᠢᠯᠴᠠᠭᠠᠨ᠎ᠤ ᠬᠤᠷᠠᠯ ᠵᠢᠴᠢ ᠴᠢᠳᠠᠪᠤᠷᠢᠲᠠᠨ᠎ᠤ ᠰᠢᠨ᠎ᠡ᠎ᠶᠢ ᠡᠭᠦᠳᠴᠦ ᠦᠢᠯᠡᠰ ᠪᠤᠰᠭᠠᠬᠤ ᠭᠠᠷᠠᠭ᠎ᠤᠨ ᠠᠵᠢᠯᠯᠠᠭ᠎ᠠ᠎ᠶ᠋ᠢᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠢ ᠬᠤᠷᠠᠯᠳᠤᠭᠤᠯᠪᠠ᠃ 

ᠬᠤᠷᠠᠯ᠎ᠢᠶᠡᠷ᠂ ᠥᠪᠥᠷ ᠮᠣᠩᠭᠣᠯ 《2025 ᠭᠣᠣᠯᠳᠠᠯᠭ᠎ᠠ ᠪᠣᠯᠬᠤ ᠠᠵᠤ ᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠭᠠᠷᠴᠠᠭ》᠎ᠢ ᠨᠡᠢᠲᠡᠯᠡᠵᠡᠢ᠂ 3219 ᠠᠵᠢᠯ᠎ᠤᠨ ᠪᠠᠢᠷᠢ᠂ 831 ᠬᠡᠷᠡᠭᠴᠡᠭᠡ ᠱᠠᠭᠠᠷᠳᠠᠯᠭ᠎ᠠ ᠨᠢ ᠠᠵᠢᠯ ᠣᠯᠭᠣᠯᠲᠠ᠎ᠶ᠋ᠢᠨ ᠰᠠᠨᠠᠭᠠᠱᠢᠷᠠᠯ᠎ᠢ ᠱᠢᠢᠳᠪᠦᠷᠢᠯᠡᠬᠦ᠌ ᠪᠣᠯᠣᠨ᠎ᠠ! ᠡᠩ ᠲᠡᠷᠢᠭᠦᠨ᠎ᠳᠦ ᠣᠯᠠᠨ᠎ᠳᠤ ᠭᠣᠣᠯᠳᠠᠯᠭ᠎ᠠ ᠪᠣᠯᠬᠤ ᠠᠵᠤ ᠦᠢᠯᠡᠰ᠎ᠦᠨ ᠪᠦᠯᠦᠭ᠌ᠵᠢᠯ᠎ᠦᠨ ᠴᠢᠳᠠᠪᠤᠷᠢᠲᠠᠨ᠎ᠤ ᠬᠡᠷᠡᠭ᠌ᠴᠡᠭᠡ ᠱᠠᠭᠠᠷᠳᠠᠯᠭ᠎ᠠ᠎ᠶᠢᠨ ᠲᠠᠯ᠎ᠠ᠎ᠪᠠᠷ ᠲᠠᠨᠢᠯᠴᠠᠭᠤᠯᠤᠶ᠎ᠠ᠃ 

ᠣᠲᠣ᠌ ᠦᠶ᠎ᠡ᠎ᠶᠢᠨ ᠲᠣᠨᠣᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲᠧᠷᠢᠶᠠᠯ᠂ ᠰᠢᠨ᠎ᠡ ᠬᠡᠯᠪᠡᠷᠢ᠎ᠶᠢᠨ ᠬᠢᠮᠢ᠎ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠤ ᠡᠳ᠋ᠱᠢᠭᠦᠯᠦᠨ ᠪᠣᠯᠪᠠᠰᠤᠷᠠᠭᠤᠯᠬᠤ᠂ ᠠᠮᠢᠳᠤ ᠪᠣᠳᠠᠰ᠎ᠤᠨ ᠦᠢᠯᠡᠳᠭᠡᠯ᠂ ᠣᠲᠣ᠌ ᠦᠶ᠎ᠡ᠎ᠶᠢᠨ ᠦᠢᠯᠡᠴᠢᠯᠡᠭᠡ᠂ ᠳ᠋ᠢᠭᠢᠲ ᠠᠵᠤ ᠠᠬᠤᠢ᠂ ᠵᠣᠬᠢᠶᠠᠮᠠᠯ ᠣᠶᠤᠨ᠂ ᠳᠣᠣᠷ᠎ᠠ ᠠᠭᠠᠷ᠎ᠤᠨ ᠠᠵᠤ ᠠᠬᠤᠢ ᠵᠡᠷᠭᠡ 10 ᠠᠵᠤ ᠦᠢᠯᠡᠰ᠎ᠦᠨ ᠪᠦᠯᠦᠭ᠌ᠵᠢᠯ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠶᠡᠷᠦᠩᠬᠡᠢ ᠲᠣᠭ᠎ᠠ ᠨᠢ 2258 ᠬᠥᠮᠥᠨ ᠪᠠᠢᠵᠤ᠂ ᠶᠡᠷᠦᠩᠬᠡᠢ ᠬᠡᠷᠡᠭᠴᠡᠭᠡ ᠱᠠᠭᠠᠷᠳᠠᠯᠭ᠎ᠠ᠎ᠶᠢᠨ 70%᠎ᠶᠢ ᠡᠵᠡᠯᠡᠨ᠎ᠡ᠃ ᠡᠭᠦᠨ᠎ᠳᠦ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠪᠠᠷ ᠡᠮᠦᠨ᠎ᠡ ᠭᠤᠷᠪᠠ᠎ᠳᠤ ᠵᠢᠭ᠍ᠰᠠᠭᠠᠭᠳᠠᠭᠰᠠᠨ ᠠᠵᠤ ᠦᠢᠯᠡᠰ᠎ᠦᠨ ᠪᠦᠯᠦᠭ᠌ᠵᠢᠯ ᠪᠣᠯ ᠪᠣᠬᠢᠷᠲᠤᠯ ᠦᠭᠡᠢ ᠲᠠᠷᠢᠶᠠᠯᠠᠩ ᠮᠠᠯ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠤ ᠡᠳ᠋ᠱᠢᠭᠦᠯᠦᠨ ᠪᠣᠯᠪᠠᠰᠤᠷᠠᠭᠤᠯᠬᠤ᠂ ᠰᠢᠨ᠎ᠡ ᠮᠠᠲᠧᠷᠢᠶᠠᠯ᠂ ᠣᠲᠣ᠌ ᠦᠶ᠎ᠡ᠎ᠶᠢᠨ ᠦᠢᠯᠡᠴᠢᠯᠡᠭᠡ ᠪᠣᠯᠣᠨ᠎ᠠ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠲᠣᠭ᠎ᠠ᠎ᠶ᠋ᠢ ᠣᠯᠠᠨ᠎ᠠᠴᠠ ᠴᠦᠬᠡᠨ ᠲᠡᠢᠰᠢ ᠵᠢᠭ᠍ᠰᠠᠭᠠᠪᠠᠯ 729 ᠬᠥᠮᠥᠨ᠂ 362 ᠬᠥᠮᠥᠨ᠂ 329 ᠬᠥᠮᠥᠨ ᠪᠠᠢᠵᠤ᠂ ᠡᠵᠡᠯᠡᠬᠦ ᠬᠠᠷᠢᠴᠠᠯ ᠨᠢ ᠲᠣᠰ ᠲᠣᠰ 32.3%᠂ 16%᠂ 14.6% ᠪᠣᠯᠣᠨ᠎ᠠ᠃ 

ᠡᠮᠦᠨ᠎ᠡ ᠭᠤᠷᠪᠠ᠎ᠳᠤ ᠵᠢᠭ᠍ᠰᠠᠭᠠᠭᠳᠠᠭᠰᠠᠨ ᠲᠤᠰᠭᠠᠢ ᠮᠡᠷᠭᠡᠵᠢᠯ ᠪᠣᠯ ᠺᠣᠮᠫᠢᠦ᠋ᠲᠧᠷ᠎ᠦᠨ ᠲᠥᠷᠥᠯ᠎ᠤᠨ᠂ ᠠᠮᠢᠳᠤ ᠪᠣᠳᠠᠰ᠎ᠤᠨ ᠲᠥᠷᠥᠯ᠎ᠤᠨ ᠪᠠ ᠬᠢᠮᠢ᠎ᠶᠢᠨ ᠲᠥᠷᠥᠯ᠎ᠦᠨ ᠬᠠᠮᠢᠶ᠎ᠠ ᠪᠦᠬᠦᠢ ᠲᠤᠰᠬᠠᠢ ᠮᠡᠷᠭᠡᠵᠢᠯ ᠪᠣᠯᠣᠨ᠎ᠠ᠃ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠲᠣᠭ᠎ᠠ᠎ᠶ᠋ᠢ ᠣᠯᠠᠨ᠎ᠠᠴᠠ ᠴᠦᠬᠡᠨ ᠲᠡᠢᠰᠢ ᠵᠢᠭ᠍ᠰᠠᠭᠠᠪᠠᠯ 738 ᠬᠥᠮᠥᠨ᠂ 590 ᠬᠥᠮᠥᠨ᠂ 543 ᠬᠥᠮᠥᠨ ᠪᠠᠢᠵᠤ᠂ ᠲᠣᠰ ᠲᠣᠰ 32.7%᠂ 26.1%᠂ 24%᠎ᠶᠢ ᠡᠵᠡᠯᠡᠵᠡᠢ᠂ ᠴᠢᠳᠠᠪᠤᠷᠢᠲᠠᠨ᠎ᠤ ᠲᠠᠰ ᠳᠠᠪᠬᠤᠷᠭ᠎ᠠ᠎ᠶᠢᠨ ᠲᠠᠯ᠎ᠠ᠎ᠪᠠᠷ᠂ ᠳ᠋ᠣᠺᠲ᠋ᠣᠷ᠎ᠤᠨ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠤ ᠬᠡᠷᠡᠭᠴᠡᠭᠡ ᠨᠢ 1841 ᠬᠥᠮᠥᠨ ᠪᠠᠢᠵᠤ᠂ 61.2%᠎ᠢ ᠡᠵᠡᠯᠡᠵᠦ᠂ ᠮᠠᠰᠲᠧᠷ ᠵᠢᠴᠢ ᠲᠡᠭᠦᠨ᠎ᠡᠴᠡ ᠳᠡᠭᠡᠭᠰᠢᠬᠢ ᠴᠢᠳᠠᠪᠤᠷᠢᠲᠠᠨ᠎ᠤ ᠬᠡᠷᠡᠭᠴᠡᠭᠡ ᠨᠢ 1005 ᠬᠥᠮᠥᠨ ᠪᠠᠢᠵᠤ᠂ 33.4%᠎ᠶᠢ ᠡᠵᠡᠯᠡᠵᠡᠢ᠂ ᠳᠡᠳ᠋ ᠳᠡᠭᠡᠳᠦ ᠵᠡᠷᠭᠡ᠎ᠶᠢᠨ ᠮᠡᠷᠭᠡᠵᠢᠯ᠎ᠦᠨ ᠴᠣᠯᠠ᠎ᠠᠴᠠ ᠳᠡᠭᠡᠭᠰᠢᠬᠢ ᠬᠡᠷᠡᠭᠴᠡᠭᠡ ᠨᠢ 298 ᠬᠥᠮᠥᠨ ᠪᠠᠢᠵᠤ᠂ 13.2%᠎ᠢ ᠡᠵᠡᠯᠡᠨ᠂ ᠢᠨᠵᠧᠨᠧᠷᠢᠩ᠎ᠦᠨ ᠬᠦᠷᠢᠶᠡᠨ᠎ᠳᠡᠬᠢ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ ᠨᠢ ᠬᠠᠮᠤᠭ᠎ᠤᠨ ᠢᠯᠡᠷᠬᠡᠢ ᠪᠠᠢᠵᠤ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠶᠡᠷᠦᠩᠬᠡᠢ ᠬᠡᠮᠵᠢᠶᠡᠨ᠎ᠦ 51.2%᠎ᠢ ᠡᠵᠡᠯᠡᠪᠡ᠃ ᠡᠭᠦᠨ᠎ᠳᠦ᠂ ᠮᠧᠬᠠᠨᠢᠭ᠋᠎ᠤᠨ ᠢᠨᠵᠧᠨᠧᠷ 504 ᠬᠥᠮᠥᠨ᠂ ᠮᠠᠲᠧᠷᠢᠶᠠᠯ᠎ᠤᠨ ᠢᠨᠵᠧᠨᠧᠷ 438 ᠬᠥᠮᠥᠨ᠂ ᠬᠢᠮᠢ᠎ᠶᠢᠨ ᠢᠨᠵᠧᠨᠧᠷ 385 ᠬᠥᠮᠥᠨ ᠪᠣᠯᠣᠨ᠎ᠠ᠃ 

 

 

ᠭᠣᠣᠯᠳᠠᠯᠭ᠎ᠠ ᠪᠣᠯᠬᠤ ᠣᠷᠣᠨ ᠪᠦᠰᠡ᠎ᠶᠢᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠲᠠᠯ᠎ᠠ ᠎ᠪᠠᠷ᠂ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ᠎ᠶ᠋ᠢ ᠠᠬᠢᠭᠤᠯᠬᠤ᠂ ᠬᠥᠬᠡᠬᠣᠲᠠ᠎ᠶᠢᠨ ᠲᠦᠪ ᠬᠣᠲᠠ᠎ᠶ᠋ᠢ ᠬᠦᠴᠦᠷᠬᠡᠭᠵᠢᠭᠦᠯᠬᠦ ᠢᠨᠵᠧᠨᠧᠷᠢᠩ᠎ᠢ ᠬᠡᠷᠡᠭ᠌ᠵᠢᠭᠦᠯᠬᠦ᠌᠂ ᠤᠯᠠᠭᠠᠨᠬᠠᠳᠠ ᠲᠦᠩᠯᠢᠶᠣᠣ᠎ᠶᠢᠨ 《ᠬᠣᠣᠰ ᠬᠦᠪᠡᠭᠦᠨ ᠣᠳᠣᠨ》᠎ᠢ ᠴᠣᠭ᠍ᠴᠠᠯᠠᠬᠤ᠂ ᠬᠣᠷᠢᠨᠭᠡᠷ᠎ᠦᠨ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠤᠯᠠᠭᠠᠨᠴᠠᠪ᠎ᠤᠨ ᠪᠡᠭᠡᠵᠢᠩ ᠥᠪᠥᠷ ᠮᠣᠩᠭᠣᠯ᠎ᠤᠨ ᠴᠢᠳᠠᠪᠤᠷᠢᠲᠠᠨ᠎ᠤ ᠰᠢᠨᠵᠢᠯᠡᠬᠦ ᠤᠬᠠᠭᠠᠨ ᠲᠧᠭ᠌ᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠦᠷᠢᠶᠡᠯᠡᠩ᠎ᠦᠨ ᠪᠦᠲᠦᠭᠡᠨ ᠪᠠᠢᠭᠤᠯᠤᠯᠲᠠ᠎ᠶᠢ ᠭᠣᠣᠯᠳᠠᠯᠭ᠎ᠠ᠎ᠲᠠᠢ ᠳᠡᠮᠵᠢᠬᠦ᠌᠂ ᠪᠠᠶᠠᠨᠨᠠᠭᠤᠷ᠎ᠤᠨ ᠤᠯᠤᠰ᠎ᠤᠨ ᠲᠠᠷᠢᠶᠠᠯᠠᠩ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠵᠢᠱ᠌ᠢᠶ᠎ᠡ ᠦᠵᠡᠭᠦᠯᠬᠦ ᠣᠷᠣᠨ᠂ ᠣᠷᠳᠣᠰ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶᠢᠨ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠶ᠋ᠢᠨ ᠲᠣᠭᠤᠷᠢᠨ᠎ᠳᠤ᠂ ᠣᠷᠣᠨ ᠪᠦᠰᠡ᠎ᠶᠢᠨ ᠳᠣᠲᠣᠷᠠᠬᠢ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶ᠋ᠢᠨ ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶ᠋ᠢ ᠴᠤᠭ᠍ᠯᠠᠷᠠᠭᠤᠯᠵᠤ᠂ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠪᠥᠬᠥ ᠲᠣᠭ᠎ᠠ ᠨᠢ 3009 ᠬᠥᠮᠥᠨ ᠪᠣᠯᠣᠨ᠎ᠠ᠃ 

ᠲᠣᠰ ᠤᠳᠠᠭᠠᠨ᠎ᠤ ᠠᠵᠢᠯᠲᠠᠨ ᠣᠷᠢᠵᠤ ᠡᠯᠰᠡᠬᠦ᠎ᠳᠦ ᠰᠣᠨᠢᠷᠬᠠᠯ᠎ᠲᠠᠢ ᠨᠥᠬᠥᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ ᠫᠤᠷᠲᠸᠯ ᠰᠦᠯᠵᠢᠶ᠎ᠡ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ 《ᠪᠢᠴᠢᠯ ᠪᠦᠷᠭᠡ ᠸᠢᠴᠠᠲ ᠬᠡᠷᠡᠭ᠌ᠯᠡᠭ᠌ᠴᠢ᠎ᠶ᠋ᠢᠨ ᠦᠵᠦᠭᠦᠷ》 ᠵᠡᠷᠭᠡ ᠲᠠᠪᠴᠠᠩ᠎ᠢ ᠠᠩᠬᠠᠷᠴᠦ᠍ ᠦᠵᠡᠭᠡᠷᠡᠢ᠃

ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ