ᠲᠡᠷᠢᠭᠦᠨ ᠬᠠᠭᠤᠳᠠᠰᠤ   -   ᠰᠣᠨᠢᠨ ᠮᠡᠳᠡᠭᠡ ᠨᠡᠶ᠋ᠢᠲᠡᠯᠡᠬᠦ᠌ ᠬᠤᠷᠠᠯ
ᠡᠳ᠋᠎ᠦᠨ ᠵᠠᠰᠠᠭ᠎ᠤᠨ ᠶᠠᠮᠤᠨ᠄ ᠡᠨᠡ ᠵᠢᠯ 1000 ᠳ᠋ᠦᠩᠰᠢᠭᠤᠷ ᠲᠥᠭᠥᠷᠢᠭ ᠲᠣᠬᠢᠷᠠᠭᠤᠯᠵᠤ ᠬᠡᠦᠬᠡᠳ ᠪᠣᠢᠵᠢᠭᠤᠯᠬᠤ ᠨᠡᠮᠡᠭᠦᠷᠢ ᠣᠯᠭᠣᠨ᠎ᠠ
ᠨᠡᠶ᠋ᠢᠲᠡᠯᠡᠭᠰᠡᠨ ᠴᠠᠭ᠄ 2025-09-12

ᠥᠨᠥᠳᠥᠷ (9 ᠳ᠋ᠦ᠍ᠭᠡᠷ ᠰᠠᠷ᠎ᠠ᠎ᠶᠢᠨ 12᠎ᠤᠨ ᠡᠳᠦᠷ)᠎ᠦᠨ ᠦᠳᠡ᠎ᠶᠢᠨ ᠬᠣᠢᠨ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠣᠨᠢᠨ ᠮᠡᠳᠡᠭᠡᠨ᠎ᠦ ᠠᠯᠪᠠᠨ ᠭᠡᠷ 《 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠦᠪᠵᠢᠭᠦᠯᠭᠡ᠎ᠶᠢ ᠴᠢᠨᠠᠷ ᠰᠠᠢᠲᠠᠢ ᠪᠡᠶᠡᠯᠡᠭᠦᠯᠦᠶ᠎ᠡ》 ᠭᠡᠬᠦ ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠪᠠ᠃ 

ᠡᠳ᠋᠎ᠦᠨ ᠵᠠᠰᠠᠭ᠎ᠤᠨ ᠶᠠᠮᠤᠨ᠎ᠤ ᠰᠠᠢᠳ ᠯᠠᠨ ᠹᠥᠸᠧ ᠠᠨ ᠲᠠᠨᠢᠯᠴᠠᠭᠤᠯᠤᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠪᠥᠬᠥ ᠤᠯᠤᠰ᠎ᠤᠨ ᠡᠩ᠎ᠦᠨ ᠣᠯᠠᠨ ᠨᠡᠶ᠋ᠢᠲᠡ᠎ᠶᠢᠨ ᠲᠥᠰᠥᠪ᠎ᠲᠦ ᠰᠤᠷᠭᠠᠨ ᠬᠥᠮᠦᠵᠢᠯ᠎ᠦᠨ ᠵᠠᠷᠤᠯᠭ᠎ᠠ᠎ᠶᠢ 20.5 ᠲᠦᠮᠡᠨ ᠳ᠋ᠦᠩᠰᠢᠭᠤᠷ ᠲᠥᠭᠥᠷᠢᠭ᠂ ᠨᠡᠢᠭᠡᠮ᠎ᠦᠨ ᠪᠠᠲᠤᠯᠠᠭ᠎ᠠ ᠪᠠ ᠠᠵᠢᠯ ᠣᠯᠭᠣᠯᠲᠠ᠎ᠶᠢᠨ ᠵᠠᠷᠤᠯᠭ᠎ᠠ᠎ᠶᠢ 19.6 ᠲᠦᠮᠡᠨ ᠳ᠋ᠦᠩᠰᠢᠭᠤᠷ ᠲᠥᠭᠥᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠠᠷᠤᠯᠭ᠎ᠠ᠎ᠶᠢ 10.6 ᠲᠦᠮᠡᠨ ᠳ᠋ᠦᠩᠰᠢᠭᠤᠷ ᠲᠥᠭᠥᠷᠢᠭ᠂ ᠣᠷᠣᠨ ᠰᠠᠭᠤᠴᠠ᠎ᠶᠢᠨ ᠪᠠᠲᠤᠯᠠᠭ᠎ᠠ᠎ᠶᠢᠨ ᠵᠠᠷᠤᠯᠭ᠎ᠠ᠎ᠶᠢ 4 ᠲᠦᠮᠡᠨ ᠳ᠋ᠦᠩᠰᠢᠭᠤᠷ ᠲᠥᠭᠥᠷᠢᠭ ᠲᠣᠬᠢᠷᠠᠭᠤᠯᠵᠤ᠂ ᠡᠭᠦᠨ᠎ᠦ ᠳᠡᠭᠡᠷ᠎ᠡ ᠪᠤᠰᠤᠳ ᠬᠦᠷᠢᠶᠡᠨ᠎ᠳᠡᠬᠢ ᠵᠠᠷᠤᠯᠭ᠎ᠠ᠎ᠶᠢ ᠨᠡᠮᠡᠪᠡᠯ᠂ ᠠᠷᠠᠳ᠎ᠤᠨ ᠠᠮᠢᠳᠤᠷᠠᠯ᠎ᠳᠠᠬᠢ ᠡᠳ᠋᠎ᠦᠨ ᠵᠠᠰᠠᠭ᠎ᠤᠨ ᠣᠷᠣᠭᠤᠯᠤᠯᠲᠠ᠎ᠶᠢ 100 ᠲᠦᠮᠡᠨ ᠳ᠋ᠦᠩᠰᠢᠭᠤᠷ ᠲᠥᠭᠥᠷᠢᠭ ᠰᠢᠬᠠᠮ ᠪᠣᠯᠭᠠᠪᠠ᠃

ᠡᠨᠡ ᠵᠢᠯ᠂ ᠤᠯᠤᠰ᠎ᠤᠨ ᠡᠳ᠋᠎ᠦᠨ ᠵᠠᠰᠠᠭ᠎ᠠᠴᠠ ᠬᠡᠦᠬᠡᠳ ᠪᠣᠢᠵᠢᠭᠤᠯᠬᠤ ᠨᠡᠮᠡᠭᠦᠷᠢ᠎ᠶᠢ 1000 ᠳ᠋ᠦᠩᠰᠢᠭᠤᠷ ᠲᠥᠭᠥᠷᠢᠭ ᠲᠣᠬᠢᠷᠠᠭᠤᠯᠵᠤ᠂ 200 ᠳ᠋ᠦᠩᠰᠢᠭᠤᠷ ᠲᠥᠭᠥᠷᠢᠭ᠎ᠢᠶᠡᠷ ᠰᠤᠷᠭᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠲᠥᠯᠥᠪᠦᠷᠢ ᠦᠭᠡᠢ ᠰᠤᠷᠭᠠᠨ ᠬᠥᠮᠥᠵᠢᠯ᠎ᠢ ᠠᠯᠬᠤᠮ ᠠᠯᠬᠤᠮ᠎ᠢᠶᠠᠷ ᠬᠡᠷᠡᠭᠵᠢᠭᠦᠯᠵᠦ᠂ ᠠᠷᠠᠳ ᠤᠯᠠᠨ᠎ᠤ ᠠᠩᠬᠠᠷᠴᠤ ᠪᠠᠢᠭ᠎ᠠ ᠠᠰᠠᠭᠤᠳᠠᠯ᠎ᠳᠤ ᠢᠳᠡᠪᠬᠢᠲᠡᠢ᠎ᠪᠡᠷ ᠬᠠᠷᠢᠭᠤᠯᠲᠠ ᠥᠭᠭᠦᠨ᠎ᠡ᠃ 

ᠢᠷᠡᠯᠲᠡ᠄ ᠠᠷᠠᠳ᠎ᠤᠨ ᠡᠳᠦᠷ᠎ᠦᠨ ᠰᠣᠨᠢᠨ