ᠲᠦᠷᠦᠭᠦᠬᠡᠨ ᠬᠤᠷᠠᠯᠳᠤᠭ᠍ᠰᠠᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠳᠡᠭᠡᠷ᠎ᠡ᠂ ᠶᠡᠷᠦᠩᠬᠡᠢ ᠱᠦᠵᠢ ᠰᠢ᠎ᠶᠢᠨ ᠫᠢᠩ《ᠲᠠᠪᠤᠨ ᠡᠷᠬᠡᠪᠰᠢ》᠎ᠪᠡᠷ ᠱᠢᠨ᠎ᠡ ᠪᠠᠢᠳᠠᠯ ᠳᠣᠣᠷᠠᠬᠢ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌ ᠱᠢᠨ᠎ᠡ ᠲᠠᠨᠢᠯᠲᠠ ᠪᠣᠯᠤᠨ ᠲᠦᠷᠦᠭ᠌ᠳᠡᠯ᠎ᠢ ᠬᠤᠷᠢᠶᠠᠩᠭᠤᠢᠯᠠᠵᠤ᠂ 《ᠡᠷᠬᠡᠪᠰᠢ ᠳᠣᠲᠣᠷ ᠲᠠᠮᠢᠷ᠎ᠢᠶᠠᠨ ᠬᠦᠴᠦᠯᠡᠨ ᠴᠢᠩᠭᠠᠷᠠᠭᠤᠯᠵᠤ ᠭᠠᠳᠠᠭᠠᠳᠤ᠎ᠶᠢᠨ ᠥᠷᠢᠰᠥᠯᠳᠦᠭᠡᠨ᠎ᠢ ᠠᠷᠭᠠᠴᠠᠭᠠᠬᠤ ᠬᠡᠷᠡᠭ᠌ᠲᠡᠢ》 ᠭᠡᠵᠦ᠍ ᠲᠣᠳᠣᠷᠬᠠᠢ ᠵᠢᠭᠠᠵᠤ ᠭᠠᠷᠭᠠᠵᠤ᠂ ᠳᠡᠯᠡᠬᠡᠢ᠎ᠶ᠋ᠢᠨ ᠤᠷᠪᠠᠭᠠᠨ ᠬᠥᠷᠪᠡᠭᠡᠨ ᠪᠠ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠦ ᠡᠮᠦᠨ᠎ᠡ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ᠎ᠪᠡᠷ ᠰᠠᠢᠲᠤᠷ ᠬᠢᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃
ᠣᠳᠣᠬᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠦᠬᠦᠴᠡᠯ ᠭᠦᠨᠵᠡᠭᠡᠢ ᠪᠤᠳᠤᠯᠢᠶᠠᠨᠲᠠᠢ ᠬᠤᠪᠢᠷᠠᠯᠲᠠ᠎ᠳᠤ ᠲᠤᠯᠭᠠᠷᠠᠵᠤ᠂ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ ᠪᠠᠢᠨ᠎ᠠ᠃ ᠲᠣᠭ᠍ᠲᠠᠭᠠᠯᠲᠤ ᠪᠤᠰᠤ ᠲᠦᠰᠦᠭᠡᠯᠡᠬᠦᠶᠠ ᠪᠡᠷᠬᠡ ᠬᠦᠴᠦᠨ ᠵᠦᠢᠯ ᠣᠯᠠᠱᠢᠷᠠᠵᠤ ᠪᠠᠢᠭ᠎ᠠ ᠪᠠᠢᠳᠠᠯ᠎ᠳᠤ ᠴᠢᠭ᠌ᠯᠡᠭᠦᠯᠦᠨ᠂ ᠤᠶᠤᠨ ᠴᠢᠳᠠᠯ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠍᠂ ᠲᠤᠰ ᠪᠡᠶ᠎ᠡ᠎ᠶ᠋ᠢᠨ ᠪᠣᠳᠠᠲᠤ ᠬᠦᠴᠦᠨ ᠪᠠ ᠬᠥᠭ᠌ᠵᠢᠯᠲᠡ᠎ᠶ᠋ᠢᠨ ᠶᠠᠰᠤ ᠴᠢᠨᠠᠷ᠎ᠢᠶᠠᠨ ᠳᠡᠭᠡᠭ᠌ᠰᠢᠯᠡᠭᠦᠯᠬᠦ᠌ ᠪᠣᠯ ᠳᠠᠷᠤᠢ ᠬᠠᠮᠤᠭ᠎ᠤᠨ ᠶᠡᠬᠡ ᠲᠣᠭ᠍ᠲᠠᠭᠠᠯᠲᠤ ᠴᠢᠨᠠᠷ ᠮᠥᠨ᠃ ᠡᠨᠡ ᠪᠣᠯ ᠮᠠᠨ᠎ᠤ ᠨᠠᠮ᠎ᠤᠨ ᠳᠤᠮᠳᠠᠳᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠡᠬᠡ ᠲᠠᠯ᠎ᠠ᠎ᠶ᠋ᠢ ᠠᠮᠵᠢᠯᠲᠠ᠎ᠲᠠᠶ᠎ᠪᠠᠷ ᠡᠵᠡᠮᠳᠡᠭ᠌ᠰᠡᠨ ᠴᠢᠬᠤᠯᠠ ᠲᠤᠷᠱᠢᠯᠭ᠎ᠠ ᠮᠥᠨ᠂ ᠪᠠᠰᠠ ᠴᠤ᠌ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠶ᠋ᠢ ᠪᠠᠲᠤᠯᠠᠬᠤ᠎ᠶ᠋ᠢᠨ ᠵᠠᠩᠭᠢᠯᠠᠭ᠎ᠠ ᠮᠥᠨ᠃
ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠤᠨ᠎ᠠ᠄ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ᠎ᠪᠡᠷ ᠰᠠᠢᠲᠤᠷ ᠬᠢᠨ᠎ᠠ
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠦᠶᠡᠰ᠎ᠢᠶᠡᠷ᠂ ᠮᠠᠨ᠎ᠤ ᠤᠯᠤᠰ᠎ᠤᠨ ᠠᠭᠠᠷ᠎ᠤᠨ ᠠᠶᠠᠯᠠᠯ᠎ᠤᠨ ᠦᠶ᠋ᠯᠡᠳᠬᠦ᠌ ᠬᠦᠷᠢᠶᠡᠨ᠎ᠳᠦ ᠰᠠᠢᠨ ᠴᠢᠮᠡᠭᠡ ᠤᠯᠠᠮᠵᠢᠯᠠᠭ᠍ᠳᠠᠯᠠ᠄
ᠠᠩᠬᠠᠳᠠᠭ᠍ᠴᠢ 1230 ᠲᠣᠨ ᠬᠠᠯᠢᠰᠤᠨ ᠤ᠋ ᠰᠤᠩᠭᠠᠯᠲᠠ᠎ᠶ᠋ᠢᠨ ᠮᠠᠱᠢᠨ ᠰᠢᠯᠭᠠᠨ ᠪᠠᠢᠴᠠᠭᠠᠯᠳᠠ᠎ᠳᠤ ᠬᠢᠷᠢ ᠲᠡᠩᠴᠡᠵᠦ᠍᠂ 0.1 ᠮᠢᠯᠢᠮᠧᠲ᠋ᠷ᠎ᠦᠨ ᠲᠠᠰ᠎ᠤᠨ ᠨᠠᠷᠢᠯᠢᠭ᠎ᠤᠨ ᠬᠡᠮᠵᠢᠶ᠎ᠡ᠎ᠪᠡᠷ ᠵᠠᠩᠭᠢᠯᠠᠭ᠎ᠠ᠎ᠶ᠋ᠢᠨ ᠲᠣᠨᠣᠭ᠍ᠯᠠᠯ ᠦᠶ᠋ᠯᠡᠳᠬᠦ᠌ ᠦᠢᠯᠡᠰ᠎ᠦᠨ 《ᠪᠣᠭᠣᠮᠢ》 ᠪᠤᠯᠵᠤ ᠪᠠᠢᠭᠰᠠᠨ ᠠᠰᠠᠭᠤᠳᠠᠯ᠎ᠢ ᠱᠢᠶ᠋ᠳᠪᠦᠷᠢᠯᠡᠵᠦ᠍᠂ ᠤᠯᠤᠰ᠎ᠲᠠᠭᠠᠨ ᠦᠶ᠋ᠯᠡᠳᠪᠦᠷᠢᠯᠡᠬᠦ ᠲᠣᠮᠣ ᠨᠢᠰᠭᠡᠯ᠎ᠦᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠤᠶᠠᠨ ᠬᠠᠲᠠᠨ ᠴᠢᠨᠠᠷ ᠪᠠ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠪᠡ᠃
ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠪᠣᠯᠤᠨ ᠬᠤᠷᠴᠠ ᠱᠢᠷᠦᠭᠦᠨ ᠲᠤᠮᠤ ᠤᠯᠤᠰ᠎ᠤᠨ ᠥᠷᠢᠰᠥᠯᠳᠦᠭᠡᠨ᠎ᠦ ᠡᠮᠦᠨ᠎ᠡ᠂ ᠠᠭᠠᠷ᠎ᠤᠨ ᠠᠶᠠᠯᠠᠯ᠎ᠤᠨ ᠦᠢᠯᠡᠳᠬᠦ᠌ ᠦᠢᠯᠡᠰ ᠲᠠᠰᠤᠷᠠᠯᠲᠠ ᠦᠭᠡᠢ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠰᠤᠳᠤᠯᠤᠨ ᠨᠡᠭᠡᠭᠡᠬᠦ᠌᠂ ᠲᠤᠷᠱᠢᠬᠤ᠂ ᠲᠤᠱᠢᠶᠠᠬᠤ ᠠᠵᠢᠯ᠎ᠢ ᠰᠠᠢᠳᠤᠷ ᠬᠢᠵᠦ᠍᠂ ᠠᠵᠤ ᠦᠢᠯᠡᠰ᠎ᠦᠨ ᠬᠡᠯᠬᠢᠶ᠎ᠠ᠎ᠶ᠋ᠢ ᠭᠦᠨᠵᠡᠭᠡᠢ ᠨᠠᠷᠢᠯᠢᠭ ᠬᠢᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌ ᠠᠯᠬᠤᠮ ᠪᠦᠷᠢ ᠨᠢ ᠶᠠᠭ ᠳᠤᠮᠳᠠᠳᠤ ᠤᠯᠤᠰ᠎ᠤᠨ ᠠᠵᠤ ᠠᠬᠤᠢ ᠳᠣᠲᠣᠷ ᠲᠠᠮᠢᠷ᠎ᠢᠶᠠᠨ ᠬᠦᠴᠦᠯᠡᠨ ᠴᠢᠩᠭᠠᠷᠠᠭᠤᠯᠬᠤ ᠪᠡᠷ ᠲᠣᠭ᠍ᠲᠠᠯ ᠬᠦᠴᠦᠨ᠎ᠢᠶᠡᠨ ᠨᠡᠮᠡᠭ᠌ᠳᠡᠭᠦᠯᠵᠦ᠍᠂ ᠪᠣᠳᠠᠲᠤ ᠬᠦᠴᠦᠨ᠎ᠢᠶᠡᠨ ᠴᠢᠩᠭᠠᠷᠠᠭᠤᠯᠤᠭ᠍ᠰᠠᠨ ᠠᠮᠢᠳᠤᠯᠢᠭ ᠵᠢᠷᠤᠭ᠍ᠯᠠᠯ ᠪᠣᠯᠤᠨ᠎ᠠ᠃
ᠰᠠᠯᠬᠢ ᠳᠠᠪᠠᠯᠭᠠᠨ ᠲᠠᠢ ᠪᠤᠳᠤᠯᠢᠶᠠᠨᠲᠠᠢ ᠣᠷᠴᠢᠨ᠎ᠳᠤ᠂ ᠴᠢᠭ᠌ᠯᠡᠯ᠎ᠢᠶᠡᠨ ᠡᠵᠡᠮᠳᠡᠵᠤ᠂ ᠯᠠᠪᠳᠠᠭᠤᠨ ᠪᠠᠲᠤᠲᠠᠢ ᠠᠵᠢᠯᠯᠠᠬᠤ ᠪᠣᠯ ᠬᠠᠷᠱᠢᠯᠠᠯ᠎ᠢ ᠡᠰᠡᠷᠭᠦᠴᠡᠵᠦ᠍᠂ ᠰᠠᠨᠠᠭᠠᠴᠢᠯᠠᠭᠠᠲᠤ ᠡᠷᠬᠡ᠎ᠶ᠋ᠢ ᠡᠵᠡᠮᠳᠡᠬᠦ᠌᠎ᠶ᠋ᠢᠨ ᠵᠠᠩᠭᠢᠯᠠᠭ᠎ᠠ ᠪᠣᠯᠤᠨ᠎ᠠ᠃ ᠮᠠᠰᠢ ᠶᠡᠷᠦ᠍ ᠪᠤᠰᠤ᠎ᠶ᠋ᠢᠨ 2025 ᠣᠨ᠎ᠢ ᠡᠷᠭᠢᠴᠡᠭᠦᠯᠬᠦᠶ᠎ᠡ᠂ ᠳᠤᠮᠳᠠᠳᠤ ᠤᠯᠤᠰ᠎ᠤᠨ ᠠᠵᠤ ᠠᠬᠤᠶ ᠳᠠᠷᠤᠯᠲᠠ᠎ᠶ᠋ᠢ ᠰᠥᠷᠥᠨ ᠤᠷᠤᠭ᠍ᠰᠢᠯᠠᠵᠤ᠂ ᠱᠢᠨ᠎ᠡ ᠱᠢᠯᠢᠳᠡᠭ ᠲᠡᠢᠰᠢ ᠬᠥᠭ᠌ᠵᠢᠵᠦ᠍᠂ 《ᠡᠷᠬᠡᠪᠰᠢ ᠳᠣᠲᠣᠷ ᠲᠠᠮᠢᠷ᠎ᠢᠶᠠᠨ ᠬᠦᠴᠦᠯᠡᠨ ᠴᠢᠩᠭᠠᠷᠠᠭᠤᠯᠵᠤ ᠭᠠᠳᠠᠭᠠᠳᠤ᠎ᠶᠢᠨ ᠥᠷᠢᠰᠥᠯᠳᠦᠭᠡᠨ᠎ᠢ ᠠᠷᠭᠠᠴᠠᠭᠠᠬᠤ ᠬᠡᠷᠡᠭ᠌ᠲᠡᠶ》 ᠭᠡᠬᠦ᠌ ᠡᠨᠡ ᠬᠦ᠌ ᠵᠢᠮ᠎ᠡ ᠶᠣᠰᠣᠴᠢ ᠴᠢᠨᠠᠷᠲᠠᠶ ᠲᠠᠨᠢᠯᠲᠠ ᠮᠠᠰᠢ ᠬᠣᠪᠣᠷ ᠨᠠᠨᠳᠢᠨ ᠶᠤᠮ᠃
ᠡᠨᠡ ᠪᠣᠯ ᠠᠵᠤ ᠠᠬᠤᠢ᠎ᠶ᠋ᠢᠨ ᠵᠢᠮ᠎ᠡ ᠶᠣᠰᠣ ᠪᠠ ᠬᠥᠭ᠌ᠵᠢᠯᠳᠡ᠎ᠶᠢᠨ ᠦᠢᠯᠡᠳᠦᠯᠭᠡ᠎ᠶ᠋ᠢᠨ ᠲᠤᠬᠠᠢ ᠭᠦᠨᠵᠡᠭᠡᠢ ᠳ᠋ᠦᠩᠨᠡᠯᠲᠡ ᠮᠥᠨ —
ᠡᠯ᠎ᠡ ᠤᠯᠤᠰ᠎ᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠥᠩᠭᠡᠷᠡᠯᠲᠡ᠎ᠡᠴᠡ ᠦᠵᠡᠪᠡᠯ᠂ ᠦᠶᠡᠯᠡᠯ᠎ᠦᠨ ᠴᠢᠨᠠᠷᠲᠠᠶ ᠬᠡᠯᠪᠡᠯᠵᠡᠯ᠎ᠢ ᠡᠰᠡᠷᠭᠦᠴᠡᠨ ᠬᠣᠷᠢᠭ᠍ᠯᠠᠵᠤ᠂ ᠣᠷᠳᠣ ᠬᠤᠭᠤᠴᠠᠭᠠᠨ᠎ᠤ ᠨᠡᠮᠡᠭ᠌ᠳᠡᠯ᠎ᠢ ᠪᠡᠶᠡᠯᠡᠭᠦᠯᠵᠦ᠍ ᠴᠢᠳᠠᠬᠤ ᠠᠵᠤ ᠠᠬᠤᠶ᠎ᠶ᠋ᠢᠨ ᠴᠣᠭ᠍ᠴᠠ ᠪᠦᠬᠦᠨ ᠴᠥᠮ ᠳᠣᠲᠣᠭᠠᠳᠤ᠎ᠶ᠋ᠢᠨ ᠰᠠᠭᠤᠷᠢ᠎ᠪᠠᠨ ᠪᠡᠬᠢᠵᠢᠭᠦᠯᠬᠦ᠌᠎ᠳᠦ ᠲᠦᠱᠢᠭ᠌ᠯᠡᠬᠦ᠌᠎ᠡᠴᠡ ᠪᠢᠰᠢ ᠬᠠᠷᠢᠨ ᠭᠠᠳᠠᠨᠠᠬᠢ ᠠᠱᠢᠭ᠎ᠢ ᠲᠦᠱᠢᠭ᠌ᠯᠡᠬᠦ᠌ ᠪᠢᠰᠢ᠃
ᠡᠨᠡ ᠪᠣᠯ ᠴᠠᠭ᠎ᠢ ᠦᠵᠡᠨ ᠪᠠᠢᠳᠠᠯ᠎ᠢ ᠱᠢᠨᠵᠢᠵᠦ᠍᠂ ᠢᠷᠡᠭᠡᠳᠦᠶ᠎ᠶ᠋ᠢᠨ ᠥᠷᠢᠰᠥᠯᠳᠦᠭᠡᠨ᠎ᠢ ᠠᠷᠭᠠᠴᠠᠭᠠᠬᠤ᠎ᠶ᠋ᠢᠨ ᠵᠠᠢᠯᠠᠰᠢ ᠥᠬᠡᠶ ᠰᠣᠩᠭᠣᠯᠲᠠ ᠮᠥᠨ —
ᠪᠦᠬᠦ᠌ ᠪᠥᠮᠪᠥᠷᠴᠡᠭ᠎ᠢ ᠪᠠᠷᠠᠯᠠᠬᠤᠶ᠎ᠠ᠂ ᠵᠠᠭᠤᠨ ᠵᠢᠯ᠎ᠦᠨ ᠬᠤᠪᠢᠰᠤᠯᠲᠠ ᠲᠦᠷᠭᠡᠨ ᠠᠬᠢᠵᠥ᠍᠂ ᠤᠯᠠᠨ ᠤᠯᠤᠰ᠎ᠤᠨ ᠬᠦᠴᠦᠨ᠎ᠦ ᠬᠠᠷᠢᠴᠠᠯ ᠭᠦᠨᠵᠡᠭᠡᠢ ᠬᠤᠪᠢᠷᠠᠵᠤ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ ᠲᠦᠷᠭᠡᠨ ᠱᠢᠪᠲᠤᠯᠤᠯᠲᠠ᠎ᠲᠠᠶ ᠪᠣᠯᠪᠠ᠃ ᠡᠭᠦᠨ᠎ᠦ ᠵᠡᠷᠭᠡ᠎ᠪᠡᠷ᠂ ᠭᠠᠭ᠍ᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ ᠥᠨᠳᠡᠢᠵᠦ᠍᠂ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠡᠮᠬᠢ ᠳᠢᠭ᠌ᠯᠢᠮ ᠬᠦᠨᠳᠦ ᠨᠣᠴᠢᠲᠠᠢ ᠥᠷᠢᠰᠥᠯᠳᠦᠭᠡᠨ᠎ᠳᠦ ᠲᠤᠯᠭᠠᠷᠠᠵᠤ᠂ ᠭᠠᠳᠠᠭᠠᠳᠤ ᠣᠷᠴᠢᠨ᠎ᠤ ᠬᠤᠪᠢᠷᠠᠯᠲᠠ᠎ᠶ᠋ᠢᠨ ᠨᠥᠯᠥᠭᠡ ᠭᠦᠨᠵᠡᠭᠡᠢᠷᠡᠪᠡ᠃
ᠲᠤᠰ ᠤᠳᠠᠭ᠎ᠠ᠎ᠶ᠋ᠢᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠠᠴᠠ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠳᠣᠲᠣᠭᠠᠳᠤ ᠬᠡᠷᠡᠭ᠌ᠴᠡᠭᠡ᠎ᠶ᠋ᠢ ᠦᠷᠭᠦᠯᠵᠢᠯᠡᠨ ᠥᠷᠭᠡᠳᠭᠡᠵᠦ᠍᠂ ᠬᠠᠩᠭᠠᠯᠭ᠎ᠠ᠎ᠶ᠋ᠢ ᠱᠢᠯᠢᠳᠡᠭ᠌ᠵᠢᠭᠦᠯᠬᠦ᠌᠎ᠡᠴᠡ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠦ᠍᠂ ᠭᠣᠣᠯᠳᠠᠯᠭ᠎ᠠ᠎ᠲᠠᠶ ᠬᠦᠷᠢᠶᠡᠨ᠎ᠦ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠬᠤ ᠬᠦᠷᠳᠡᠯ᠎ᠠ᠂ ᠠᠯᠢ ᠤᠯᠠᠨ ᠠᠷᠭ᠎ᠠ ᠬᠡᠮᠵᠢᠶ᠎ᠠ ᠨᠢ ᠬᠥᠭ᠌ᠵᠢᠯᠲᠡ᠎ᠶ᠋ᠢᠨ 《ᠬᠠᠲᠠᠭᠤ ᠪᠣᠳᠠᠲᠤ ᠬᠦᠴᠦᠨ》᠎ᠢ ᠳᠠᠪᠲᠠᠨ ᠪᠣᠯᠪᠠᠰᠤᠷᠠᠭᠤᠯᠤᠯ᠎ᠠ᠃
《 〈ᠠᠷᠪᠠᠨ ᠲᠠᠪᠤᠳᠤᠭᠠᠷ ᠲᠠᠪᠤᠨ ᠵᠢᠯ〉 ᠪᠣᠯ 〈ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌〉 ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠬᠤ᠎ᠨᠢ ᠲᠤᠢᠯ᠎ᠤᠨ ᠴᠢᠬᠤᠯᠠ ᠶᠤᠮ᠂ ᠡᠨᠡ᠎ᠨᠢ ᠪᠢᠳᠡᠨ᠎ᠦ ᠰᠠᠨᠠᠭᠠᠴᠢᠯᠠᠭᠠᠲᠤ ᠡᠷᠬᠡ᠎ᠶ᠋ᠢ ᠤᠯᠬᠤ᠂ ᠳᠠᠪᠠᠭᠤᠯᠢᠭ ᠪᠠᠢᠷᠢ᠎ᠶ᠋ᠢ ᠤᠯᠬᠤ᠂ ᠢᠷᠡᠭᠡᠳᠦᠶ᠎ᠶ᠋ᠢ ᠤᠯᠬᠤ᠎ᠳᠤ ᠨᠠᠩ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠬᠦ ᠪᠣᠯᠤᠨ᠎ᠠ》 ᠭᠡᠵᠦ᠍ ᠴᠢᠩᠬᠤᠸᠠ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠪᠠᠢᠩᠭᠤ᠎ᠶ᠋ᠢᠨ ᠳᠡᠳ᠋ ᠳᠠᠷᠤᠭ᠎ᠠ ᠳ᠋ᠦᠩ ᠢᠦᠶ ᠬᠡᠯᠡᠪᠡ᠃
ᠭᠣᠣᠯᠳᠠᠯᠭ᠎ᠠ᠎ᠶ᠋ᠢ ᠴᠢᠩᠭ᠎ᠠ ᠠᠳᠭᠤᠨ᠎ᠠ᠄ ᠵᠠᠩᠭᠢᠯᠠᠭ᠎ᠠ᠎ᠶ᠋ᠢᠨ ᠬᠦᠷᠢᠶ᠎ᠡ ᠭᠣᠭ᠍ᠴᠣᠭ᠎ᠠ᠎ᠳᠤ ᠰᠠᠭᠤᠷᠢᠯᠠᠨ ᠤᠨᠢᠨ ᠳᠡᠭᠡᠷ᠎ᠡ ᠨᠢ ᠬᠦᠴᠦᠯᠡᠨ᠎ᠠ
ᠲᠣᠭ᠍ᠲᠠᠯ ᠬᠦᠴᠦᠨ ᠤᠯᠠᠮ ᠴᠢᠩᠭᠠᠷᠠᠬᠤ ᠲᠤᠳᠤᠮ ᠬᠥᠭ᠌ᠵᠢᠯᠲᠡ ᠤᠯᠠᠮ ᠲᠣᠭ᠍ᠲᠠᠭᠤᠨ ᠪᠣᠯᠤᠨ᠎ᠠ;ᠭᠣᠣᠯᠳᠠᠯᠭ᠎ᠠ ᠤᠯᠠᠮ ᠲᠣᠳᠣᠷᠬᠠᠢ ᠪᠣᠯ ᠢᠲᠡᠭᠡᠯ ᠵᠣᠷᠢᠭ ᠤᠯᠠᠮ ᠲᠡᠭᠦᠯᠳᠡᠷ ᠪᠣᠯᠤᠨ᠎ᠠ᠃
ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠠᠴᠠ 《ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠪᠠᠷᠢᠮᠲᠠᠯᠠᠬᠤ》᠎ᠪᠠᠷ 2026 ᠣᠨ᠎ᠤ ᠠᠵᠤ ᠠᠬᠤᠶ᠎ᠶ᠋ᠢᠨ ᠠᠵᠢᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ᠎ᠶ᠋ᠢ ᠲᠣᠳᠣᠷᠬᠠᠶ ᠵᠢᠭᠠᠵᠤ᠂ 《ᠤᠯᠤᠰ᠎ᠤᠨ ᠳᠣᠲᠣᠭᠠᠳᠤ᠎ᠶ᠋ᠢᠨ ᠠᠵᠤ ᠠᠬᠤᠶ᠎ᠶ᠋ᠢᠨ ᠠᠵᠢᠯ ᠪᠣᠯᠤᠨ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠲᠡᠮᠡᠴᠡᠯ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠬᠦ ᠬᠡᠷᠡᠭᠳᠠᠢ》 ᠭᠡᠵᠤ ᠴᠢᠬᠤᠯᠠᠴᠢᠯᠠᠨ᠂ 《ᠨᠠᠶ᠋ᠮᠠ᠎ᠶ᠋ᠢ ᠪᠠᠷᠢᠮᠲᠠᠯᠠᠬᠤ》 ᠭᠤᠤᠯᠳᠠᠯᠭ᠎ᠠ᠎ᠲᠠᠶ ᠡᠭᠦᠷᠭᠡ᠎ᠶ᠋ᠢ ᠪᠠᠢᠷᠢᠯᠠᠭᠤᠯᠵᠤ᠂ ᠢᠷᠡᠭᠡᠳᠦᠶ᠎ᠶ᠋ᠢᠨ ᠬᠦᠴᠦᠯᠡᠬᠦ᠌ ᠴᠢᠭ᠌ᠯᠡᠯ᠎ᠢ ᠲᠣᠳᠣᠷᠬᠠᠢᠯᠠᠪᠠ᠃
ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠲᠦᠱᠢᠭ ᠮᠦᠨ᠂ ᠠᠵᠤ ᠠᠬᠤᠢ᠎ᠶ᠋ᠢᠨ ᠤᠶᠠᠨ ᠬᠠᠳᠠᠨ ᠴᠢᠨᠠᠷ ᠲᠠᠯᠳᠠ ᠬᠦᠴᠦᠨ᠎ᠢ ᠳᠠᠪᠲᠠᠨ ᠪᠣᠯᠪᠠᠰᠤᠷᠠᠭᠤᠯᠬᠤ ᠪᠠᠲᠤ ᠴᠢᠩᠭ᠎ᠠ ᠪᠠᠲᠤᠯᠠᠭ᠎ᠠ ᠮᠥᠨ᠃
《ᠳᠣᠲᠣᠭᠠᠳᠤ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠪᠠᠢᠭᠤᠯᠬᠤ》 ᠨᠢ 《ᠨᠠᠢ᠍ᠮᠠ᠎ᠶ᠋ᠢ ᠪᠠᠷᠢᠮᠲᠠᠯᠠᠬᠤ》 ᠭᠣᠣᠯᠳᠠᠯᠭ᠎ᠠ᠎ᠲᠠᠶ ᠡᠭᠦᠷᠭᠡ᠎ᠶ᠋ᠢᠨ ᠲᠡᠷᠢᠭᠦᠨ᠎ᠳᠦ ᠵᠢᠭ᠍ᠰᠠᠭᠠᠭ᠍ᠳᠠᠪᠠ᠃ ᠬᠤᠷᠠᠯ᠎ᠠᠴᠠ 《ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ ᠬᠡᠷᠡᠭᠳᠠᠢ》᠂ 《ᠬᠡᠷᠡᠭ᠌ᠯᠡᠭᠡ᠎ᠶᠢᠨ ᠬᠦᠷᠢᠶᠡᠨ᠎ᠳᠡᠬᠢ ᠵᠦᠶ ᠵᠣᠬᠢᠰ ᠥᠬᠡᠶ ᠬᠢᠵᠠᠭᠠᠷᠯᠠᠯ᠎ᠦᠨ ᠠᠷᠭ᠎ᠠ ᠬᠡᠮᠵᠢᠶ᠎ᠡ᠎ᠶᠢ ᠠᠷᠢᠯᠭᠠᠵᠤ᠂ ᠦᠶ᠋ᠯᠡᠴᠢᠯᠡᠭᠡᠨ᠎ᠦ ᠬᠡᠷᠡᠭ᠌ᠯᠡᠭᠡ᠎ᠶᠢᠨ ᠳᠠᠯᠳᠠ ᠬᠦᠴᠦᠨ᠎ᠢ ᠪᠠᠳᠠᠷᠠᠭᠤᠯᠬᠤ ᠬᠡᠷᠡᠭᠳᠠᠢ》᠂ 《ᠪᠠᠯᠠ ᠣᠷᠣᠭᠤᠯᠤᠯᠲᠠ᠎ᠶ᠋ᠢᠨ ᠪᠠᠭᠤᠷᠠᠯᠲᠠ᠎ᠶ᠋ᠢ ᠵᠣᠭ᠍ᠰᠣᠭᠠᠵᠤ ᠲᠣᠭ᠍ᠲᠠᠭᠤᠨ ᠪᠣᠯᠬᠤ᠎ᠶ᠋ᠢ ᠠᠬᠢᠭᠤᠯᠵᠤ᠂ ᠲᠥᠪ᠎ᠦᠨ ᠲᠥᠰᠦᠪ᠎ᠦᠨ ᠳᠣᠲᠣᠷᠠᠬᠢ ᠪᠠᠯᠠ ᠣᠷᠣᠭᠤᠯᠤᠯᠲᠠ᠎ᠶ᠋ᠢᠨ ᠬᠡᠪᠴᠢᠶ᠎ᠡ᠎ᠶ᠋ᠢ ᠵᠣᠬᠢᠰᠲᠠᠶ ᠨᠡᠮᠡᠭ᠌ᠳᠡᠭᠦᠯᠬᠦ᠌ ᠬᠡᠷᠡᠭᠳᠠᠢ》 ᠵᠡᠷᠭᠡ ᠠᠯᠢ ᠣᠯᠠᠨ ᠴᠢᠬᠤᠯᠠ ᠪᠠᠢᠷᠢᠯᠠᠭᠤᠯᠤᠯᠲᠠ ᠬᠢᠵᠦ᠍᠂ ᠳᠠᠯᠳᠠ ᠬᠦᠴᠦᠨ᠎ᠲᠡᠶ ᠬᠡᠷᠡᠭ᠌ᠯᠡᠭᠡ᠎ᠶ᠋ᠢ ᠬᠦᠴᠦᠯᠡᠨ ᠬᠥᠭ᠌ᠵᠢᠭᠡᠵᠦ᠍᠂ ᠦᠷ᠎ᠡ ᠠᠱᠢᠭ᠎ᠲᠠᠶ ᠪᠠᠯᠠ ᠣᠷᠣᠭᠤᠯᠤᠯᠲᠠ᠎ᠶ᠋ᠢ ᠥᠷᠭᠡᠳᠭᠡᠵᠦ᠍᠂ ᠬᠠᠩᠭᠠᠯᠭ᠎ᠠ ᠬᠡᠷᠡᠭ᠌ᠴᠡᠭᠡ᠎ᠶ᠋ᠢ ᠵᠣᠬᠢᠰᠲᠠᠶ ᠪᠠᠢᠯᠭᠠᠬᠤ᠎ᠶ᠋ᠢ ᠴᠢᠩᠭᠠᠳᠭᠠᠵᠤ᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠤᠯᠠᠮ ᠨᠢᠭᠡ ᠠᠯᠬᠤᠮ ᠴᠢᠩᠭᠠᠳᠬᠠᠨ᠎ᠠ᠃
ᠬᠤᠸᠠ ᠸᠧᠶ ᠺᠤᠮᠫᠠᠨᠢ᠎ᠶᠢᠨ ᠱᠸᠩ ᠲᠸᠩ 384 ᠬᠡᠲᠦ ᠵᠠᠩᠭᠢᠯᠠᠭ᠎ᠠ᠎ᠶ᠋ᠢᠨ ᠴᠡᠭ᠎ᠦᠨ ᠪᠤᠳᠤᠯᠲᠠ᠎ᠶᠢᠨ ᠬᠦᠴᠦᠨ᠎ᠤ ᠪᠦᠯᠦᠭᠵᠢᠯ᠎ᠢ ᠠᠱᠢᠭ᠍ᠯᠠᠯᠲᠠ᠎ᠳᠤ ᠣᠷᠣᠭᠤᠯᠵᠤ᠂ ᠪᠡᠶ᠎ᠡ᠎ᠪᠡᠨ ᠳᠠᠭᠠᠭᠠᠭ᠍ᠰᠠᠨ ᠪᠤᠳᠤᠯᠲᠠ᠎ᠶᠢᠨ ᠬᠦᠴᠦᠨ᠎ᠤ 《ᠰᠠᠭᠤᠷᠢ》᠎ᠶᠢ ᠤᠯᠠᠮ ᠨᠢᠭᠡ ᠠᠯᠬᠤᠮ ᠪᠡᠬᠢᠵᠢᠭᠦᠯᠪᠡ; ᠯᠢᠦ ᠬᠤᠸᠠ ᠴᠢᠯᠠᠭᠤᠨ ᠲᠣᠰᠣᠨ᠎ᠤ ᠠᠢ ᠰᠠᠪᠠ᠎ᠶ᠋ᠢᠨ ᠬᠣᠶᠠᠳᠠᠬᠢ ᠤᠳᠠᠭᠠᠨ᠎ᠤ ᠨᠡᠭᠡᠭᠡᠨ ᠬᠥᠭ᠌ᠵᠢᠭᠦᠯᠦᠯᠲᠡ᠎ᠶ᠋ᠢᠨ ᠲᠥᠷᠥᠯ ᠵᠦᠶ᠋ᠯ ᠪᠥᠬᠥ᠌ ᠲᠠᠯ᠎ᠠ᠎ᠪᠠᠷ ᠠᠱᠢᠭ᠍ᠯᠠᠯᠲᠠ᠎ᠳᠤ ᠣᠷᠣᠵᠤ᠂ ᠭᠦᠨ ᠤᠰᠤᠨ᠎ᠤ ᠨᠠᠷᠢᠨ ᠪᠤᠳᠤᠯᠢᠶᠠᠨᠲᠠᠶ ᠲᠣᠰᠣ ᠬᠠᠳᠠᠭᠠᠯᠠᠬᠤ ᠨᠡᠭᠡᠭᠡᠨ ᠬᠥᠭ᠌ᠵᠢᠭᠦᠯᠦᠯᠲᠡ᠎ᠶ᠋ᠢᠨ ᠬᠦᠷᠢᠶᠡᠨ᠎ᠳᠦ ᠴᠢᠬᠤᠯᠠ ᠶᠡᠬᠡ ᠳᠠᠪᠠᠯᠲᠠ᠎ᠶ᠋ᠢ ᠪᠡᠶᠡᠯᠡᠭᠦᠯᠪᠡ᠁ ᠣᠢᠷ᠎ᠠ᠎ᠶ᠋ᠢᠨ ᠬᠤᠭᠤᠴᠠᠭᠠᠨ᠎ᠳᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠦᠷ᠎ᠡ ᠪᠦᠲᠦᠭᠡᠯ ᠣᠯᠠᠨ ᠴᠡᠭ᠎ᠡᠴᠡ ᠡᠬᠢᠯᠡᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠭᠡᠬᠦ᠌ ᠡᠨᠡ ᠬᠦ᠌ 《ᠵᠠᠩᠭᠢᠯᠠᠭ᠎ᠠ᠎ᠶ᠋ᠢᠨ ᠬᠤᠪᠢᠰᠤᠭ᠍ᠴᠢ ᠬᠡᠮᠵᠢᠭ᠌ᠳᠡᠬᠦᠨ》᠎ᠦ ᠦᠢᠯᠡᠳᠦᠯ ᠡᠳᠦᠷ ᠢᠷᠡᠬᠦᠶ᠎ᠡ ᠲᠣᠪᠣᠢᠮ᠎ᠠ ᠪᠣᠯᠪᠠ᠃
ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠲᠦᠷᠢᠮ᠎ᠢ ᠲᠣᠭ᠍ᠲᠠᠭᠠᠵᠤ᠂ ᠭᠠᠳᠠᠭᠠᠳᠤ᠎ᠶ᠋ᠢᠨ ᠬᠤᠳᠠᠯᠳᠤᠭᠠᠴᠢᠨ᠎ᠤ ᠪᠠᠯᠠ ᠣᠷᠣᠭᠤᠯᠤᠯᠲᠠ᠎ᠶ᠋ᠢ ᠠᠬᠢᠭᠤᠯᠬᠤ ᠪᠠᠢᠭᠤᠯᠤᠯ ᠲᠣᠭ᠍ᠲᠡᠴᠡ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠂ ᠡᠨᠧᠷᠭᠢ᠎ᠶ᠋ᠢᠨ ᠬᠦᠴᠦᠷᠬᠡᠭ ᠤᠯᠤᠰ᠎ᠢ ᠪᠥᠲᠥᠭᠡᠨ ᠪᠠᠢᠭᠤᠯᠬᠤ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠲᠣᠭ᠍ᠲᠠᠭᠠᠪᠠ ᠁ ᠭᠤᠤᠯᠳᠠᠯᠭ᠎ᠠ᠎ᠲᠠᠶ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠲᠠᠶ ᠤᠶᠠᠯᠳᠤᠭᠤᠯᠤᠨ ᠳᠤᠷᠠᠳᠤᠭ᠍ᠰᠠᠨ ᠬᠠᠮ ᠱᠢᠨ᠎ᠡ ᠠᠷᠭ᠎ᠠ ᠬᠡᠮᠵᠢᠶ᠎ᠡ᠎ᠨᠦᠭᠦᠳ᠎ᠦᠨ ᠭᠤᠤᠯᠳᠠᠯᠭ᠎ᠠ ᠨᠢ ᠢᠯᠡ ᠲᠣᠳᠣ᠂ ᠰᠡᠳᠭᠢᠮᠵᠢ ᠨᠢ ᠲᠣᠳᠣᠷᠬᠠᠶ᠃
ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠡ ᠬᠤᠷᠠᠯ᠎ᠡᠴᠡ 《ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠎ᠶ᠋ᠢ ᠪᠠᠷᠢᠮᠲᠠᠯᠠᠬᠤ》᠎ᠶᠢ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠷᠬᠡᠪᠰᠢ ᠵᠢᠷᠤᠮᠯᠠᠬᠤ ᠴᠢᠬᠤᠯᠠ ᠶᠡᠬᠡ ᠵᠠᠷᠴᠢᠮ᠎ᠤᠨ ᠨᠢᠭᠡ ᠪᠣᠯᠭᠠᠵᠤ᠂ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠡᠴᠡ ᠬᠣᠶᠠᠷ 《ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠬᠦ》 ᠲᠣᠳᠣᠷᠬᠠᠢ ᠱᠠᠭᠠᠷᠳᠠᠯᠭ᠎ᠠ ᠳᠤᠷᠠᠳᠪᠠ᠃ ᠠᠮᠤ ᠪᠤᠳᠠᠭᠠᠨ᠎ᠤ ᠠᠮᠤᠷ ᠲᠦᠪᠱᠢᠨ᠂ ᠡᠨᠧᠷᠭᠢ᠎ᠶ᠋ᠢᠨ ᠠᠮᠤᠷ ᠲᠦᠪᠱᠢᠨ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠠᠮᠤᠷ ᠲᠦᠪᠱᠢᠨ ᠵᠡᠷᠭᠡ ᠪᠠᠢᠷᠢᠯᠠᠭᠤᠯᠤᠯᠲᠠ᠎ᠶ᠋ᠢᠨ ᠲᠣᠭᠣᠷᠢᠨ᠎ᠳᠤ᠂ ᠠᠯᠢ ᠤᠯᠠᠨ ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠠᠪᠴᠤ᠌᠂ ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠷᠢᠮᠲᠠᠯᠠᠵᠤ᠂ ᠰᠠᠨᠠᠭᠠᠱᠢᠷᠠᠬᠤ ᠤᠬᠠᠮᠰᠠᠷ᠎ᠢᠶᠠᠨ ᠴᠢᠩᠭᠠᠳᠭᠠᠵᠤ᠂ ᠬᠥᠭ᠌ᠵᠢᠯᠲᠡ᠎ᠶ᠋ᠢᠨ ᠳᠤᠮᠳᠠ ᠠᠮᠤᠷ ᠲᠦᠪᠱᠢᠨ᠎ᠢ ᠪᠡᠬᠢᠵᠢᠭᠦᠯᠬᠦ᠌᠂ ᠠᠮᠤᠷ ᠲᠦᠪᠱᠢᠨ᠎ᠦ ᠳᠤᠮᠳᠠ ᠬᠥᠭ᠌ᠵᠢᠯᠲᠡ᠎ᠶ᠋ᠢ ᠡᠷᠢᠯᠬᠢᠯᠡᠬᠦ᠎ᠵᠢ ᠨᠠᠩ ᠰᠠᠢᠲᠤᠷ ᠠᠬᠢᠭᠤᠯᠪᠠ᠃
ᠳᠤᠮᠳᠠᠳᠤ ᠤᠯᠤᠰ᠎ᠤᠨ ᠮᠡᠳᠡᠭᠡ ᠵᠠᠩᠭᠢ ᠴᠢᠮᠡᠭᠡ ᠬᠣᠯᠪᠣᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠦᠷᠦ᠍᠎ᠶ᠋ᠢᠨ ᠪᠤᠳᠤᠯᠭ᠎ᠠ ᠪᠣᠯᠤᠨ ᠠᠵᠤ ᠠᠬᠤᠢ᠎ᠶ᠋ᠢᠨ ᠰᠤᠳᠤᠯᠭᠠᠨ᠎ᠤ ᠭᠠᠵᠠᠷ᠎ᠤᠨ ᠳᠠᠷᠤᠭ᠎ᠠ ᠱᠢᠨ ᠶᠦᠩ ᠹᠸᠢ᠂ ᠳᠠᠪᠠᠭᠤᠯᠢᠭ᠎ᠢᠶᠠᠨ ᠰᠠᠢᠲᠤᠷ ᠪᠡᠬᠢᠵᠢᠭᠦᠯᠦᠨ ᠥᠷᠭᠡᠳᠭᠡᠵᠦ᠍᠂ ᠤᠶᠠᠨ ᠬᠠᠳᠠᠨ ᠴᠢᠨᠠᠷ᠎ᠢ ᠤᠯᠠᠮ ᠨᠢᠭᠡ ᠠᠯᠬᠤᠮ ᠪᠡᠬᠢᠵᠢᠭᠦᠯᠵᠦ᠍᠂ ᠪᠣᠭᠣᠮᠢ᠎ᠶ᠋ᠢᠨ ᠬᠢᠵᠠᠭᠠᠷᠯᠠᠯ᠎ᠢ ᠠᠷᠢᠯᠭᠠᠵᠤ᠂ ᠬᠥᠳᠡᠯᠭᠡᠬᠦ᠌ ᠬᠦᠴᠦᠨ᠎ᠢ ᠤᠯᠠᠮ ᠨᠢᠭᠡ ᠠᠯᠬᠤᠮ ᠨᠡᠮᠡᠭ᠌ᠳᠡᠭᠦᠯᠵᠦ᠍᠂ ᠳᠤᠲᠠᠭᠤᠳᠠᠯ ᠪᠠᠭᠤᠷᠠᠢ ᠲᠠᠯ᠎ᠠ᠎ᠪᠠᠨ ᠨᠥᠬᠥᠪᠥᠷᠢᠯᠡᠵᠦ᠍᠂ ᠰᠠᠭᠤᠷᠢ᠎ᠪᠠᠨ ᠤᠯᠠᠮ ᠨᠢᠭᠡ ᠠᠯᠬᠤᠮ ᠪᠡᠬᠢᠵᠢᠭᠦᠯᠪᠡᠯ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠬᠦ ᠪᠣᠯᠤᠨ᠎ᠠ ᠭᠡᠵᠦ᠍ ᠬᠡᠯᠡᠪᠡ᠃
ᠰᠠᠨᠠᠭᠠᠴᠢᠯᠠᠭᠠᠲᠤ ᠡᠷᠬᠡ᠎ᠶ᠋ᠢ ᠡᠵᠡᠮᠳᠡᠨ᠎ᠡ᠄ ᠯᠠᠪᠳᠠᠭᠤᠨ ᠪᠠᠲᠤᠲᠠᠢ ᠠᠵᠢᠯᠯᠠᠬᠤ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ
12 ᠰᠠᠷ᠎ᠠ᠎ᠶ᠋ᠢᠨ 5 ᠤ ᠦᠳᠡ᠎ᠶ᠋ᠢᠨ ᠡᠮᠦᠨ᠎ᠡ᠂ ᠨᠡᠷᠡᠨ᠎ᠦ ᠡᠨᠧᠷᠭᠢ᠎ᠶ᠋ᠢᠨ ᠬᠡᠷᠡᠯᠴᠢ ᠴᠡᠨᠡᠭ᠎ᠦᠨ ᠲᠣᠨᠣᠭ᠍ᠯᠠᠯ᠂ ᠮᠠᠱᠢᠨ ᠲᠡᠷᠭᠡᠨ᠎ᠦ ᠰᠡᠯᠪᠢᠭ ᠲᠣᠨᠣᠭ ᠵᠡᠷᠭᠡ ᠡᠳ᠋ ᠪᠠᠷᠠᠭ᠎ᠠ᠎ᠶ᠋ᠢ ᠠᠴᠢᠭ᠍ᠰᠠᠨ ᠲᠡᠯᠡᠶ᠎ᠶᠢᠨ ᠲᠡᠭᠡᠭᠡᠪᠦᠷᠢ ᠲᠡᠮᠦᠷ ᠵᠠᠮ᠎ᠤᠨ ᠬᠠᠮᠲᠤᠷᠠᠨ ᠲᠡᠭᠡᠭᠡᠪᠦᠷᠢᠯᠡᠬᠦ᠌ ᠡᠭᠡᠯᠵᠢ᠎ᠶ᠋ᠢᠨ ᠭᠠᠯᠲᠤ ᠲᠡᠷᠭᠡ ᠱᠠᠩᠬᠠᠶ᠎ᠶ᠋ᠢᠨ ᠯᠦ᠍ ᠴᠤᠤ ᠭᠠᠷᠠᠮ᠎ᠤᠨ ᠴᠢᠩᠭᠡᠯᠢᠭ᠎ᠦᠨ ᠲᠥᠪ ᠥᠷᠲᠡᠭᠡ᠎ᠡᠴᠡ ᠠᠯᠭᠤᠷᠬᠠᠨ ᠭᠠᠷᠴᠤ᠌᠂ ᠱᠠᠩᠬᠠᠶ᠎ᠶ᠋ᠢᠨ ᠲᠡᠯᠡᠶ᠎ᠶ᠋ᠢᠨ ᠲᠡᠭᠡᠭᠡᠪᠦᠷᠢ ᠲᠡᠮᠦᠷ ᠵᠠᠮ᠎ᠤᠨ ᠬᠠᠮᠲᠤᠷᠠᠨ ᠲᠡᠭᠡᠭᠡᠪᠦᠷᠢᠯᠡᠬᠦ᠌ ᠣᠨ᠎ᠤ ᠲᠤᠬᠠᠢᠯᠠᠭ᠍ᠰᠠᠨ ᠠᠵᠢᠯ᠎ᠤᠨ ᠬᠡᠮᠵᠢᠶ᠎ᠡ ᠠᠩᠬ᠎ᠠ ᠤᠳᠠᠭ᠎ᠠ ᠵᠠᠭᠤᠨ ᠲᠦᠮᠡᠨ ᠪᠠᠷᠢᠮᠵᠢᠶᠠᠲᠤ ᠴᠢᠩᠭᠡᠯᠢᠭ᠎ᠢ ᠳᠠᠪᠠᠭ᠍ᠰᠠᠨ ᠪᠠᠢᠨ᠎ᠠ᠃
ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠠᠶᠤᠯ ᠲᠦᠭ᠌ᠰᠢᠭᠦᠷᠢᠲᠡᠶ ᠲᠡᠮᠡᠴᠡᠵᠦ᠍᠂ ᠥᠷᠢᠰᠥᠯᠳᠦᠭᠡᠨ᠎ᠢ ᠤᠭ᠍ᠲᠤᠬᠤ᠎ᠳᠤ ᠡᠴᠦᠰ᠎ᠦᠨ ᠡᠴᠦᠰ᠎ᠲᠡᠬᠡᠨ ᠪᠣᠳᠠᠲᠠᠢ ᠠᠵᠢᠯᠯᠠᠬᠤ᠎ᠳᠤ ᠪᠤᠢ᠃ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠴᠠᠭ ᠮᠥᠴᠡ ᠪᠣᠯᠬᠤ ᠲᠤᠳᠤᠮ ᠶᠡᠬᠡ ᠬᠠᠨᠳᠤᠰᠢ᠂ ᠠᠢᠵᠠᠮ᠎ᠢ ᠤᠯᠠᠮ ᠰᠠᠢᠲᠤᠷ ᠡᠵᠡᠮᠳᠡᠵᠦ᠍᠂ ᠯᠠᠪᠳᠠᠭᠤᠨ ᠪᠠᠲᠤᠲᠠᠢ᠂ ᠯᠠᠪᠳᠠᠭᠤᠨ ᠲᠣᠭ᠍ᠲᠠᠭᠤᠨ᠎ᠢᠶᠠᠷ ᠤᠷᠤᠭ᠍ᠰᠢᠯᠠᠬᠤ ᠬᠡᠷᠡᠭ᠌ᠲᠡᠢ᠃
ᠣᠢᠷ᠎ᠠ᠎ᠶ᠋ᠢᠨ ᠡᠳᠦᠷ᠎ᠦᠳ᠎ᠲᠦ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠣᠯᠠᠨ ᠰᠠᠯᠠᠭ᠎ᠠ ᠮᠥᠴᠢᠷ 2026 ᠣᠨ᠎ᠤ ᠭᠤᠤᠯᠳᠠᠯᠭ᠎ᠠ᠎ᠲᠠᠶ ᠡᠭᠦᠷᠭᠡ᠎ᠶ᠋ᠢᠨ ᠨᠠᠷᠢᠨ ᠳᠠᠨᠭᠰᠠ᠎ᠶ᠋ᠢ ᠨᠡᠢᠲᠡᠯᠡᠪᠡ᠄
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ᠎ᠤᠨ ᠲᠣᠳᠣᠷᠬᠠᠢᠯᠠᠭᠰᠠᠨ᠎ᠢᠶᠡᠷ᠂ ᠦᠶ᠋ᠯᠡᠴᠢᠯᠡᠭᠡᠨ᠎ᠦ ᠬᠡᠷᠡᠭ᠌ᠯᠡᠭᠡ᠎ᠶ᠋ᠢᠨ ᠬᠢᠵᠠᠭᠠᠷᠯᠠᠯ᠎ᠢ ᠲᠦᠷᠭᠡᠪᠴᠢᠯᠡᠨ ᠠᠭᠤᠵᠢᠭᠤ ᠲᠠᠯᠪᠢᠵᠤ᠂ ᠠᠩᠬ᠎ᠠ ᠲᠠᠷᠬᠠᠭᠠᠬᠤ ᠠᠵᠤ ᠠᠬᠤᠶ᠂ ᠤᠷᠤᠯᠳᠤᠭᠠᠨ᠎ᠤ ᠠᠵᠤ ᠠᠬᠤᠶ ᠵᠡᠷᠭᠡ ᠬᠦᠷᠢᠶᠡᠨ᠎ᠳᠦ ᠬᠡᠷᠡᠭ᠌ᠯᠡᠭᠡ᠎ᠶ᠋ᠢ ᠬᠥᠭ᠌ᠵᠢᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠲᠦᠷᠭᠡᠪᠴᠢᠯᠡᠨ ᠨᠡᠢᠲᠡᠯᠡᠨ ᠬᠡᠷᠡᠭ᠌ᠵᠢᠭᠦᠯᠪᠡ; ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠱᠢᠨ᠎ᠡ ᠨᠢᠭᠡ ᠡᠭᠡᠯᠵᠢ᠎ᠶ᠋ᠢᠨ ᠠᠷᠪᠠᠨ ᠶᠡᠬᠡ ᠭᠤᠤᠯᠳᠠᠯᠭ᠎ᠠ᠎ᠲᠠᠶ ᠠᠵᠢᠯ ᠲᠥᠷᠥᠯ᠎ᠦᠨ ᠨᠡᠮᠡᠭ᠌ᠳᠡᠯ᠎ᠢ ᠲᠣᠭ᠍ᠲᠠᠪᠤᠷᠢᠵᠢᠭᠤᠯᠬᠤ ᠠᠵᠢᠯ᠎ᠤᠨ ᠲᠥᠰᠦᠯ᠎ᠢ ᠭᠦᠨᠵᠡᠭᠡᠶ ᠬᠡᠷᠡᠭ᠌ᠵᠢᠭᠦᠯᠵᠦ᠍᠂ ᠠᠵᠤ ᠦᠶ᠋ᠯᠡᠳᠪᠦᠷᠢ᠎ᠶ᠋ᠢᠨ ᠦᠨᠳᠦᠰᠦᠨ ᠪᠠᠢᠳᠠᠯ᠎ᠢ ᠪᠥᠬᠥ᠌ ᠬᠦᠴᠦᠨ᠎ᠢᠶᠡᠷ᠎ᠢᠶᠡᠨ ᠲᠣᠭ᠍ᠲᠠᠪᠤᠷᠢᠵᠢᠭᠤᠯᠬᠤ ᠲᠤᠬᠠᠶ ᠪᠠᠢᠷᠢᠯᠠᠭᠤᠯᠪᠠ; ᠡᠳ᠋᠎ᠦᠨ ᠵᠠᠰᠠᠭ᠎ᠤᠨ ᠶᠠᠮᠤᠨ ᠡᠯ᠎ᠡ ᠲᠥᠷᠥᠯ᠎ᠦᠨ ᠵᠠᠰᠠᠭ᠎ᠤᠨ ᠣᠷᠳᠣᠨ᠎ᠤ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠪᠠᠯᠠ ᠮᠥᠩᠭᠥ᠎ᠶ᠋ᠢ ᠰᠠᠢᠲᠤᠷ ᠬᠡᠷᠡᠭ᠌ᠯᠡᠵᠦ᠍ ᠭᠦᠶ᠋ᠴᠡᠳ ᠬᠡᠷᠡᠭ᠌ᠯᠡᠵᠦ᠍᠂ ᠬᠡᠳᠦ ᠣᠷᠳᠣ ᠬᠤᠭᠤᠴᠠᠭᠠᠨ᠎ᠤ ᠣᠨᠴᠠ ᠤᠯᠤᠰ᠎ᠤᠨ ᠵᠢᠭᠡᠯᠡᠯᠭᠡ᠎ᠶ᠋ᠢ ᠲᠠᠷᠬᠠᠭᠠᠬᠤ᠎ᠪᠠᠷ ᠲᠣᠳᠣᠷᠬᠠᠶ ᠲᠣᠭ᠍ᠲᠠᠭᠠᠪᠠ᠁ ᠠᠯᠢ ᠣᠯᠠᠨ ᠠᠷᠭ᠎ᠠ ᠬᠡᠮᠵᠢᠶ᠎ᠡ ᠨᠢ ᠨᠠᠷᠢᠯᠢᠭ ᠣᠨᠣᠴᠠᠲᠠᠶ ᠠᠷᠭ᠎ᠠ ᠬᠡᠮᠵᠢᠶ᠎ᠡ ᠠᠪᠴᠤ᠌᠂ ᠬᠠᠨᠳᠤᠯᠭᠠᠲᠤ ᠴᠢᠨᠠᠷᠲᠠᠶ᠎ᠪᠠᠷ ᠬᠦᠴᠦᠯᠡᠪᠡ᠃
ᠪᠣᠳᠠᠲᠤ ᠪᠠᠢᠳᠠᠯ᠎ᠳᠤ ᠰᠠᠭᠤᠷᠢᠯᠠᠨ ᠭᠣᠣᠯᠳᠠᠯᠭ᠎ᠠ᠎ᠶ᠋ᠢ ᠳᠤᠪᠤᠢ᠌ᠯᠭᠠᠵᠦ᠍᠂ ᠡᠯ᠎ᠡ ᠭᠠᠵᠠᠷ᠎ᠤᠨ ᠬᠢᠨ 《ᠠᠷᠪᠠᠨ ᠲᠠᠪᠤᠳᠤᠭᠠᠷ ᠲᠠᠪᠤᠨ ᠵᠢᠯ》᠎ᠢ ᠨᠢᠭ᠍ᠲᠠ ᠲᠥᠯᠥᠪᠵᠢᠭᠦᠯᠵᠦ᠍᠂ ᠱᠢᠨ᠎ᠡ ᠵᠢᠷᠤᠭ᠎ᠤᠳ᠎ᠢᠶᠠᠨ ᠠᠭᠠᠵᠢᠮ᠎ᠢᠶᠠᠷ ᠳᠡᠯᠭᠡᠪᠡ᠄
ᠵᠧᠵᠢᠶᠠᠩ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ ᠬᠠᠮᠲᠤ᠎ᠪᠠᠷ ᠪᠠᠶᠠᠵᠢᠬᠤ᠌ ᠵᠢᠱ᠌ᠢᠢ᠎ᠡ ᠦᠵᠡᠭᠦᠯᠬᠦ᠌ ᠣᠷᠣᠨ᠎ᠢ ᠪᠠᠢᠭᠤᠯᠬᠤ᠎ᠳᠤ ᠰᠢᠢᠳᠪᠦᠷᠢᠯᠡᠭᠴᠢ ᠴᠢᠨᠠᠷᠲᠠᠢ ᠠᠬᠢᠴᠠ᠎ᠲᠠᠶ ᠪᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠯᠢ ᠤᠯᠠᠨ ᠭᠣᠣᠯᠳᠠᠯᠭ᠎ᠠ᠎ᠲᠠᠶ ᠡᠭᠦᠷᠭᠡ᠎ᠶ᠋ᠢ ᠲᠣᠳᠣᠷᠬᠠᠢᠯᠠᠪᠠ; ᠾᠧᠨᠠᠨ ᠮᠤᠵᠢ 《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠣᠷᠴᠢᠯ᠎ᠤᠨ ᠬᠦᠶ᠋ᠰᠦ ᠪᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠦᠨ ᠬᠤᠤᠰ ᠣᠷᠴᠢᠯ᠎ᠤᠨ ᠲᠤᠯᠬᠤ ᠴᠡᠭ᠎ᠦᠨ ᠦᠢᠯᠡᠳᠦᠯ᠎ᠢ ᠢᠯᠡᠳᠲᠡ ᠴᠢᠩᠭᠠᠷᠠᠭᠤᠯᠤᠨ᠎ᠠ》 ᠭᠡᠵᠦ᠍ ᠳᠤᠷᠠᠳᠪᠠ; ᠱᠠᠨᠰᠢ 《ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠦᠶ᠋ᠯᠡᠰ᠎ᠦᠨ ᠪᠥᠯᠦᠭᠵᠢᠯ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠬᠦ᠌》᠎ᠶᠢ ᠲᠣᠳᠣᠷᠬᠠᠢᠯᠠᠪᠠ᠁
10 ᠭᠠᠵᠠᠷ ᠣᠷᠣᠨ᠎ᠢ ᠪᠠᠢᠷᠢᠯᠠᠭᠤᠯᠵᠤ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢᠨ ᠲᠤᠷᠱᠢᠯᠲᠠ᠎ᠶᠢᠨ ᠴᠡᠭ᠎ᠢ ᠥᠷᠨᠢᠭᠦᠯᠦᠭ᠌ᠰᠡᠨ᠎ᠡᠴᠡ ᠠᠪᠤᠭᠠᠳ 《ᠠᠬᠤᠶ ᠪᠠᠢᠳᠠᠯ᠎ᠢ ᠪᠣᠢᠵᠢᠭᠤᠯᠬᠤ ᠪᠠ ᠨᠡᠭᠡᠭᠡᠯᠲᠡ ᠬᠢᠬᠦ᠌᠎ᠶ᠋ᠢ ᠲᠦᠷᠭᠡᠳᠭᠡᠵᠦ᠍ ᠱᠢᠨ᠎ᠡ ᠠᠬᠤᠶ ᠪᠠᠢᠳᠠᠯ᠎ᠢ ᠶᠡᠬᠡ ᠬᠡᠪᠴᠢᠶ᠎ᠡ᠎ᠪᠡᠷ ᠬᠡᠷᠡᠭ᠌ᠯᠡᠬᠦ᠌᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠎ᠢ ᠳᠠᠷᠤᠮᠠᠯᠯᠠᠨ ᠲᠠᠷᠬᠠᠭᠠᠭ᠍ᠰᠠᠨ ᠬᠦᠷᠲᠡᠯ᠎ᠡ᠂ ᠳᠠᠬᠢᠭᠠᠳ ᠣᠷᠣᠨ ᠪᠦᠰᠡ ᠠᠯᠤᠰᠯᠠᠭ᠍ᠰᠠᠨ ᠰᠠᠪᠠ ᠭᠠᠵᠠᠷ ᠠᠯᠤᠰᠯᠠᠭ᠍ᠰᠠᠨ ᠶᠡᠬᠡ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠭ᠍ᠰᠠᠨ ᠬᠦᠷᠲᠡᠯ᠎ᠡ᠂ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠨᠢ ᠨᠠᠩ ᠨᠠᠷᠢᠯᠢᠭ ᠣᠨᠣᠴᠠᠲᠠᠶ᠂ ᠨᠠᠩ ᠲᠥᠪᠯᠡᠷᠡᠩᠭᠦᠶ ᠪᠣᠯᠵᠤ᠂ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢᠨ ᠬᠣᠷᠢᠭ᠎ᠠ ᠴᠡᠭ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠲᠦᠭ᠌ᠵᠢᠷᠡᠯ ᠴᠡᠭ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠡᠪᠡᠷᠰᠢᠶᠡᠯ ᠴᠡᠭ᠎ᠢ ᠴᠢᠷᠮᠠᠢᠨ ᠱᠢᠶ᠋ᠳᠪᠦᠷᠢᠯᠡᠪᠡ᠃
ᠳᠤᠮᠳᠠᠳᠤ ᠤᠯᠤᠰ᠎ᠤᠨ ᠠᠵᠤ ᠠᠬᠤᠢ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠬᠡ ᠪᠠᠢᠵᠤ᠂ 《ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ᠌》 ᠪᠠᠲᠤ ᠴᠢᠩᠭ᠎ᠠ ᠢᠳᠡ ᠬᠦᠴᠦᠨ᠎ᠲᠡᠶ ᠶᠤᠮ᠃ ᠣᠢᠷ᠎ᠠ᠎ᠳᠤ᠂ ᠳᠡᠯᠡᠬᠡᠶ᠎ᠶ᠋ᠢᠨ ᠪᠠᠩᠬᠢ᠂ ᠣᠯᠠᠨ ᠤᠯᠤᠰ᠎ᠤᠨ ᠵᠣᠭᠣᠰᠣᠨ᠎ᠤ ᠰᠠᠭᠤᠷᠢ ᠮᠥᠩᠭᠥᠨ᠎ᠦ ᠵᠣᠬᠢᠶᠠᠨ ᠪᠠᠢᠭᠤᠯᠤᠯᠲᠠ᠂ ᠠᠽᠢᠶ᠎ᠠ ᠲᠢᠪ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠪᠠᠩᠬᠢ ᠵᠡᠷᠭᠡ᠎ᠨᠢ 2025 ᠣᠨ᠎ᠤ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠬᠤᠷᠳᠤᠴᠠ᠎ᠶ᠋ᠢᠨ ᠵᠢᠱ᠌ᠢᠯᠲᠡ᠎ᠪᠡᠨ ᠲᠣᠰ ᠲᠣᠰ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠲᠣᠭ᠍ᠲᠠᠭᠤᠨ᠎ᠤ ᠳᠤᠮᠳᠠ ᠰᠠᠢᠵᠢᠷᠠᠬᠤ᠂ ᠣᠷᠳᠣ ᠬᠤᠭᠤᠴᠠᠭ᠎ᠠ᠎ᠪᠠᠷ ᠰᠠᠢᠵᠢᠷᠠᠬᠤ ᠬᠠᠨᠳᠤᠰᠢ᠎ᠶ᠋ᠢ ᠮᠡᠳᠡᠷᠡᠬᠦ᠌᠎ᠪᠡᠨ ᠤᠯᠠᠮ ᠨᠢᠭᠡ ᠠᠯᠬᠤᠮ ᠳᠣᠪᠣᠢᠯᠭᠠᠪᠠ᠃
ᠴᠢᠭ᠌ᠯᠡᠯ᠎ᠢᠶᠡᠨ ᠲᠣᠭ᠍ᠲᠠᠭᠠᠵᠤ᠂ ᠢᠲᠡᠭᠡᠯ ᠵᠣᠷᠢᠭ᠎ᠢᠶᠠᠨ ᠪᠠᠲᠤᠳᠭᠠᠵᠤ᠂ ᠥᠪᠡᠷ᠎ᠢ᠎ᠪᠡᠨ ᠨᠠᠩ ᠰᠠᠢᠨ ᠪᠣᠯᠭᠠᠬᠤ᠎ᠶ᠋ᠢ ᠪᠠᠷᠢᠮᠲᠠᠯᠠᠬᠤ ᠬᠡᠷᠡᠭ᠌ᠲᠡᠶ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ ᠤᠳᠠᠯ ᠦᠭᠡᠢ ᠡᠬᠢᠯᠡᠬᠦ᠌ ᠪᠣᠯᠤᠨ᠎ᠠ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠣᠲᠣᠷ ᠲᠠᠮᠢᠷ᠎ᠢᠶᠠᠨ ᠰᠠᠢᠲᠤᠷ ᠪᠣᠯᠪᠠᠰᠤᠷᠠᠭᠤᠯᠬᠤ᠂ ᠦᠨᠳᠦᠰᠦ᠎ᠪᠡᠨ ᠪᠡᠬᠢᠵᠢᠭᠦᠯᠦᠨ ᠱᠢᠨ᠎ᠡ᠎ᠶ᠋ᠢ ᠮᠠᠨᠳᠤᠭᠤᠯᠬᠤ ᠦᠷᠭᠦᠯᠵᠢᠯᠡᠭᠰᠡᠨ ᠲᠡᠮᠡᠴᠡᠯ ᠳᠤᠮᠳᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠲᠠᠢ ᠯᠠᠪᠳᠠᠭᠤᠨ ᠪᠠᠲᠤᠲᠠᠢ᠎ᠪᠠᠷ ᠤᠷᠤᠭ᠍ᠰᠢ ᠠᠬᠢᠬᠤ ᠪᠣᠯᠤᠨ᠎ᠠ᠃