ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠯᠢ ᠴᠢᠶᠠᠩ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ 《ᠬᠦᠲᠦᠯᠪᠦᠷᠢ᠎ᠶ᠋ᠢᠨ ᠲᠥᠰᠦᠯ》᠎ᠢ ᠨᠠᠢᠷᠠᠭᠤᠯᠤᠨ ᠵᠣᠬᠢᠶᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ ᠴᠢᠬᠤᠯᠠᠴᠢᠯᠠᠭ᠍ᠰᠠᠨ ᠨᠢ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠶᠠᠷᠢᠶ᠎ᠠ᠎ᠵᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠬᠡᠷᠡᠭ᠌ᠲᠡᠶ   ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-12-24

12 ᠰᠠᠷ᠎ᠠ᠎ᠶ᠋ᠢᠨ 22᠎ᠤᠨ ᠡᠳᠦᠷ᠂ ᠳᠣᠮᠲᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠎ᠶᠢᠨ ᠤᠯᠤᠰ ᠳᠦᠷᠦ᠎ᠶ᠋ᠢᠨ ᠲᠣᠪᠴᠢᠶᠠᠨ᠎ᠤ ᠪᠠᠢᠨᠭᠭᠤ᠎ᠶ᠋ᠢᠨ ᠭᠡᠱᠢᠭᠦᠨ᠂ ᠲᠦᠷᠦ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠶᠡᠷᠦᠩᠬᠡᠢ ᠰᠠᠢᠳ ᠯᠢ ᠴᠢᠶᠠᠩ ᠲᠦᠷᠦ᠎ᠶ᠋ᠢᠨ ᠶᠠᠪᠤᠳᠠᠯ᠎ᠤᠨ ᠬᠣᠷᠢᠶ᠎ᠠ᠎ᠶᠢᠨ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ 《ᠬᠦᠲᠦᠯᠪᠦᠷᠢ᠎ᠶᠢᠨ ᠲᠦᠰᠦᠯ 》᠎ᠢ ᠨᠠᠢᠷᠠᠭᠤᠯᠤᠨ ᠵᠣᠬᠢᠶᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ 《ᠬᠦᠲᠦᠯᠪᠦᠷᠢ᠎ᠶ᠋ᠢᠨ ᠲᠥᠰᠦᠯ》᠎ᠢ ᠨᠠᠢᠷᠠᠭᠤᠯᠤᠨ ᠵᠣᠬᠢᠶᠠᠬᠤ ᠠᠵᠢᠯ᠎ᠢ ᠭᠦᠨᠵᠡᠭᠡᠢ ᠰᠤᠳᠤᠯᠪᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠳᠡᠳ᠋ ᠶᠡᠷᠦᠩᠬᠡᠢ ᠰᠠᠢᠳ ᠳ᠋ᠢᠩ ᠱᠢᠤᠸᠠᠢ ᠱᠢᠶᠠᠩ ᠬᠤᠷᠠᠯ᠎ᠳᠤ ᠣᠷᠣᠯᠴᠠᠵᠠᠢ᠃

ᠬᠤᠷᠠᠯ ᠳᠡᠭᠡᠷ᠎ᠡ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ 《ᠬᠦᠲᠦᠯᠪᠦᠷᠢ᠎ᠶ᠋ᠢᠨ ᠲᠥᠰᠦᠯ》᠎ᠢ ᠨᠠᠢᠷᠠᠭᠤᠯᠤᠨ ᠵᠣᠬᠢᠶᠠᠭ᠍ᠰᠠᠨ ᠠᠬᠢᠴᠠ᠎ᠶ᠋ᠢᠨ ᠪᠠᠢᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠍᠂ ᠬᠤᠷᠠᠯ᠎ᠳᠤ ᠣᠷᠣᠯᠴᠠᠭ᠍ᠰᠠᠨ ᠨᠥᠬᠥᠳ ᠶᠠᠷᠢᠯᠴᠠᠪᠠ᠃ ᠯᠢ ᠴᠢᠶᠠᠩ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠨᠠᠢᠷᠠᠭᠤᠯᠤᠨ ᠵᠣᠬᠢᠶᠠᠬᠤ ᠪᠣᠯ ᠣᠳᠣᠬᠠᠨ᠎ᠤ ᠨᠢᠭᠡᠨ ᠴᠢᠬᠤᠯᠠ ᠡᠭᠦᠷᠭᠡ ᠮᠥᠨ᠂ ᠶᠡᠷᠦᠩᠬᠡᠶ ᠱᠦᠵᠢ ᠰᠢ᠎ᠵᠢᠨ᠎ᠫᠢᠩ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠳᠡᠭᠡᠷ᠎ᠡ ᠲᠥᠯᠥᠪᠵᠢᠭᠦᠯᠭᠡ᠎ᠶ᠋ᠢᠨ ᠬᠦᠲᠦᠯᠪᠦᠷᠢ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠰᠠᠢᠲᠤᠷ ᠬᠢᠬᠦ᠌ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠂ ᠪᠢᠳᠡ ᠭᠦᠨᠵᠡᠭᠡᠶ ᠰᠤᠷᠤᠯᠴᠠᠨ ᠣᠢᠯᠠᠭᠠᠵᠤ᠂ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠦᠲᠦᠯᠪᠦᠷᠢ᠎ᠶ᠋ᠢᠨ ᠲᠥᠰᠦᠯ》᠎ᠢ ᠨᠠᠢᠷᠠᠭᠤᠯᠤᠨ ᠵᠣᠬᠢᠶᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ᠌ ᠬᠡᠷᠡᠭ᠌ᠲᠡᠶ ᠭᠡᠵᠦ ᠬᠡᠯᠡᠪᠡ᠃

ᠯᠢ ᠴᠢᠶᠠᠩ᠂ ᠣᠳᠣᠬᠠᠨ᠎ᠳᠤ 《ᠬᠦᠲᠦᠯᠪᠦᠷᠢ᠎ᠶ᠋ᠢᠨ ᠲᠥᠰᠦᠯ》᠎ᠢ ᠨᠠᠢᠷᠠᠭᠤᠯᠤᠨ ᠵᠣᠬᠢᠶᠠᠬᠤ᠎ᠳᠤ ᠨᠡᠯᠢᠶᠡᠳ ᠰᠠᠢᠨ ᠰᠠᠭᠤᠷᠢ᠎ᠲᠠᠶ ᠪᠣᠯᠵᠠᠶ᠂ ᠲᠠᠷᠠᠭᠠᠴᠢ᠎ᠶ᠋ᠢᠨ ᠠᠯᠬᠤᠮ᠎ᠳᠤ ᠬᠦᠴᠦᠨ᠎ᠢᠶᠡᠨ ᠲᠥᠪᠯᠡᠷᠡᠭᠦᠯᠦᠨ᠂ ᠤᠬᠢ᠎ᠶᠢᠨ ᠳᠤᠮᠳᠠ ᠡᠴᠡ ᠰᠤᠳᠤ᠎ᠶᠢ ᠡᠷᠢᠵᠦ ᠵᠠᠰᠠᠪᠤᠷᠢ ᠣᠷᠣᠭᠤᠯᠵᠤ ᠲᠡᠭᠦᠯᠳᠡᠷᠵᠢᠭᠦᠯᠬᠦ᠌ ᠠᠵᠢᠯ᠎ᠢ ᠰᠠᠢᠲᠤᠷ ᠬᠢᠬᠦ᠌ ᠬᠡᠷᠡᠭ᠌ᠲᠡᠶ᠃ ᠲᠥᠯᠥᠪᠵᠢᠭᠦᠯᠭᠡ᠎ᠶ᠋ᠢᠨ ᠬᠥᠲᠥᠯᠥᠨ ᠳᠠᠭᠠᠭᠤᠯᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠬᠤ᠎ᠶ᠋ᠢ ᠠᠩᠬᠠᠷᠴᠤ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠡᠨᠡ ᠬᠦ᠌ ᠭᠤᠤᠯ ᠰᠡᠳᠦᠪ᠎ᠦᠨ ᠲᠣᠭᠣᠷᠢᠨ᠎ᠳᠤ ᠬᠦᠢᠴᠡᠳᠭᠡᠯ ᠲᠣᠭ᠎ᠠ ᠲᠣᠭ᠍ᠲᠠᠭᠠᠵᠤ᠂ ᠲᠥᠷᠥ᠎ᠶ᠋ᠢᠨ ᠪᠣᠳᠣᠯᠭ᠎ᠠ ᠲᠣᠬᠢᠷᠠᠭᠤᠯᠵᠤ᠂ ᠲᠥᠷᠥᠯ ᠵᠦᠶ᠋ᠯ᠎ᠢ ᠤᠬᠠᠭᠠᠯᠠᠨ ᠲᠥᠯᠥᠪᠯᠡᠵᠦ᠍᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠣᠭ᠎ᠠ ᠬᠡᠮᠵᠢᠶᠡᠨ᠎ᠤ ᠵᠦᠶ ᠵᠣᠬᠢᠰᠲᠠᠶ ᠨᠡᠮᠡᠭ᠌ᠳᠡᠯ᠎ᠢ ᠠᠬᠢᠭᠤᠯᠬᠤ ᠬᠡᠷᠡᠭ᠌ᠲᠡᠶ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠪᠡᠷ ᠴᠢᠷᠮᠠᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢ ᠠᠬᠢᠭᠤᠯᠬᠤ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠲᠦᠷᠭᠡᠨ ᠪᠣᠢᠵᠢᠭᠤᠯᠬᠤ᠂ ᠠᠵᠤ ᠠᠬᠤᠢ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠎ᠲᠠᠶ ᠪᠣᠯᠭᠠᠬᠤ ᠬᠡᠷᠡᠭᠲᠡᠢ᠃ ᠡᠭᠦᠷᠭᠡ ᠠᠷᠭ᠎ᠠ ᠬᠡᠮᠵᠢᠶ᠎ᠡ᠎ᠪᠡᠨ ᠤᠯᠠᠮ ᠨᠢᠭᠡ ᠠᠯᠬᠤᠮ ᠲᠣᠳᠣᠷᠬᠠᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠲᠣᠳᠣᠷᠬᠠᠢᠯᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠡᠭᠦᠷᠭᠡ᠎ᠶ᠋ᠢᠨ ᠲᠣᠭᠣᠷᠢᠨ᠎ᠳᠤ ᠨᠠᠷᠢᠯᠢᠭ᠍ᠵᠢᠭᠤᠯᠤᠨ ᠪᠣᠳᠠᠲᠠᠢᠵᠢᠭᠤᠯᠬᠤ ᠠᠵᠢᠯ᠎ᠢ ᠰᠠᠢᠲᠤᠷ ᠬᠢᠵᠦ᠍᠂ ᠲᠥᠯᠥᠪᠵᠢᠭᠦᠯᠭᠡ᠎ᠶ᠋ᠢᠨ ᠠᠭᠤᠯᠭ᠎ᠠ᠎ᠶ᠋ᠢ ᠬᠥᠭ᠌ᠵᠢᠯᠲᠡ᠎ᠶ᠋ᠢᠨ ᠬᠡᠷᠡᠭ᠌ᠴᠡᠭᠡ᠎ᠳᠦ ᠨᠡᠩ ᠣᠢᠷᠠᠲᠤᠭᠤᠯᠬᠤ ᠬᠡᠷᠡᠭ᠌ᠲᠡᠶ᠃ ᠪᠦᠬᠦ᠌ ᠲᠠᠯ᠎ᠠ᠎ᠶ᠋ᠢ ᠲᠠᠢ᠌ᠴᠢᠯᠠᠵᠤ ᠳᠡᠢᠯᠬᠦ᠌ ᠨᠢᠭᠡ ᠪᠦᠯᠦᠭ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠦᠷᠦᠯ ᠵᠦᠢᠯ᠂ ᠴᠢᠬᠤᠯᠠ ᠶᠡᠬᠡ ᠠᠴᠢᠶᠠᠯᠠᠪᠤᠷᠢ᠎ᠶ᠋ᠢ ᠤᠬᠠᠭᠠᠯᠠᠨ ᠲᠥᠯᠥᠪᠯᠡᠵᠦ᠍᠂ ᠢᠷᠡᠭᠡᠳᠦᠢ᠎ᠶ᠋ᠢᠨ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠬᠤᠷᠠᠮᠳᠤᠭᠤᠯᠬᠤ᠂ ᠦᠷᠢᠰᠦᠯᠳᠦᠬᠦ᠌ ᠬᠦᠴᠦᠨ᠎ᠢ ᠪᠣᠢᠵᠢᠭᠤᠯᠬᠤ᠎ᠪᠠᠷ ᠪᠠᠷᠠᠬᠤ ᠦᠭᠡᠢ ᠪᠠᠰᠠ ᠣᠳᠣᠬᠠᠨ᠎ᠤ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠂ ᠠᠵᠤ ᠠᠬᠤᠢ᠎ᠶ᠋ᠢᠨ ᠡᠷᠭᠢᠯᠲᠡ᠎ᠶ᠋ᠢ ᠲᠣᠭ᠍ᠲᠠᠪᠤᠷᠢᠵᠢᠭᠤᠯᠬᠤ᠎ᠳᠤ ᠲᠤᠯᠭᠠᠭᠤᠷᠢᠯᠠᠯ ᠬᠠᠩᠭᠠᠬᠤ ᠬᠡᠷᠡᠭ᠌ᠲᠡᠢ᠃ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠱᠠᠭᠠᠷᠳᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠣᠳᠣᠬᠠᠨ᠎ᠤ ᠬᠥᠭ᠌ᠵᠢᠯᠲᠡ᠎ᠶ᠋ᠢᠨ ᠱᠠᠳᠤᠴᠢ ᠴᠢᠨᠠᠷᠲᠠᠢ ᠣᠨᠴᠠᠯᠢᠭ᠎ᠢ ᠣᠨᠣᠪᠴᠢᠲᠠᠢ ᠡᠵᠡᠮᠳᠡᠵᠦ᠍᠂ ᠠᠷᠭ᠎ᠠ ᠵᠠᠮ᠎ᠳᠤ ᠲᠦᠱᠢᠭ᠌ᠯᠡᠬᠦ᠌᠎ᠶ᠋ᠢ ᠲᠡᠪᠴᠢᠵᠦ᠍᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠠᠷᠭ᠎ᠠ᠎ᠪᠠᠷ ᠬᠦᠴᠢᠷ ᠠᠰᠠᠭᠤᠳᠠᠯ᠎ᠢ ᠱᠢᠢᠳᠪᠦᠷᠢᠯᠡᠬᠦ᠌᠎ᠳᠡᠭᠡᠨ ᠴᠢᠳᠠᠮᠠᠭᠠᠢ ᠪᠠᠢᠬᠤ ᠬᠡᠷᠡᠭ᠌ᠲᠡᠢ᠃ ᠲᠥᠷᠥ᠎ᠶ᠋ᠢᠨ ᠪᠣᠳᠣᠯᠭ᠎ᠠ᠎ᠪᠠᠷ ᠳᠡᠮᠵᠢᠬᠦ᠌ ᠪᠠ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠪᠠᠢᠭᠤᠯᠤᠯ ᠲᠣᠭ᠍ᠲᠠᠴᠠ᠎ᠶ᠋ᠢᠨ ᠲᠠᠯ᠎ᠠ᠎ᠪᠠᠷ᠎ᠬᠢ ᠲᠦᠭ᠌ᠵᠢᠷᠡᠯ ᠪᠤᠭᠤᠮᠢ᠎ᠶᠢ ᠨᠡᠪᠲᠡᠷᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠲᠥᠷᠥ᠎ᠶ᠋ᠢᠨ ᠪᠣᠳᠣᠯᠭ᠎ᠠ ᠱᠢᠨ᠎ᠡ ᠠᠷᠭ᠎ᠠ ᠬᠡᠮᠵᠢᠶ᠎ᠡ᠎ᠶ᠋ᠢ ᠭᠦᠨᠵᠡᠭᠡᠶ ᠤᠬᠠᠭᠠᠯᠠᠨ ᠲᠥᠯᠥᠪᠯᠡᠵᠦ᠍᠂ ᠬᠠᠮ ᠲᠣᠮᠣᠷᠠᠭᠤᠯᠬᠤ ᠦᠶ᠋ᠯᠡᠳᠦᠯ᠎ᠢ ᠪᠦᠷᠢᠯᠳᠦᠭᠦᠯᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠬᠠᠢᠷ᠎ᠠ ᠬᠠᠯᠠᠮᠵᠢ᠎ᠵᠢ ᠭᠦᠢᠴᠡᠳ ᠢᠯᠡᠷᠡᠭᠦᠯᠵᠦ᠍᠂ ᠨᠡᠢᠭᠡᠮ᠎ᠦᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠦ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠨᠢᠭᠡ ᠪᠦᠯᠦᠭ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ ᠪᠠ ᠲᠦᠷᠦᠯ ᠵᠦᠢᠯ᠎ᠢ ᠲᠣᠭ᠍ᠲᠠᠭᠠᠵᠤ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠦᠨᠡᠨ ᠬᠦ᠌ ᠱᠢᠢᠳᠪᠦᠷᠢᠯᠡᠬᠦ᠌ ᠬᠡᠷᠡᠭ᠌ᠲᠡᠢ᠃ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠪᠠ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌᠎ᠶ᠋ᠢᠨ ᠤᠶᠠᠯᠳᠤᠯ᠎ᠤᠨ ᠴᠡᠭ᠎ᠢ ᠣᠨᠣᠪᠴᠢᠲᠠᠢ ᠣᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠳᠤᠮᠳᠠ ᠠᠵᠤ ᠠᠬᠤᠢ᠎ᠶ᠋ᠢᠨ ᠱᠢᠨ᠎ᠡ ᠨᠡᠮᠡᠭ᠌ᠳᠡᠯ᠎ᠦᠨ ᠴᠡᠭ᠎ᠢ ᠪᠣᠢᠵᠢᠭᠤᠯᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠯᠢ ᠴᠢᠶᠠᠩ᠂ 《ᠬᠥᠲᠥᠯᠪᠦᠷᠢ᠎ᠶ᠋ᠢᠨ ᠲᠥᠰᠦᠯ》᠎ᠢ ᠨᠠᠢᠷᠠᠭᠤᠯᠤᠨ ᠵᠣᠬᠢᠶᠠᠬᠤ᠎ᠳᠤ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠡᠯ᠎ᠡ ᠲᠠᠯ᠎ᠠ᠎ᠶ᠋ᠢᠨ ᠰᠠᠨᠠᠯ ᠰᠠᠨᠠᠭᠤᠯᠭ᠎ᠠ᠎ᠶ᠋ᠢ ᠨᠠᠷᠢᠨ ᠬᠢᠨᠠᠮᠠᠭᠠᠢ ᠰᠣᠨᠣᠰᠴᠤ᠌ ᠱᠢᠩᠭᠡᠭᠡᠨ ᠠᠪᠴᠤ᠌᠂ ᠡᠯ᠎ᠡ ᠲᠠᠯ᠎ᠠ᠎ᠶ᠋ᠢᠨ ᠤᠶᠤᠨ ᠤᠬᠠᠭᠠᠨ᠎ᠢ ᠲᠥᠪᠯᠡᠷᠡᠭᠦᠯᠵᠦ᠍᠂ ᠬᠥᠭ᠌ᠵᠢᠯᠲᠡ᠎ᠶ᠋ᠢᠨ ᠬᠠᠮᠲᠤᠷᠠᠯ ᠬᠦᠴᠦᠨ᠎ᠢ ᠪᠦᠷᠢᠯᠳᠦᠭᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠾᠧ ᠯᠢ ᠹᠸᠩ᠂ ᠵᠠᠩ ᠭᠦᠸᠧ ᠴᠢᠩ᠂ ᠯᠢᠦ ᠭᠦᠸᠧ ᠵᠦᠩ᠂ ᠸᠠᠩ ᠱᠢᠶᠤᠤ ᠬᠣᠩ᠂ ᠦ᠋ ᠵᠧᠩ ᠯᠦᠩ ᠬᠤᠷᠠᠯ᠎ᠳᠤ ᠣᠷᠣᠯᠴᠠᠪᠠ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ