ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠮᠠᠨ᠎ᠤ ᠤᠯᠤᠰ᠎ᠤᠨ ᠤᠰᠤ ᠬᠥᠷᠥᠰᠥ᠍᠎ᠶᠢ ᠬᠠᠮᠠᠭᠠᠯᠠᠬᠤ ᠠᠵᠢᠯ ᠢᠳᠡᠪᠬᠢᠲᠡᠢ ᠠᠬᠢᠴᠠ ᠲᠠᠢ ᠪᠣᠯᠪᠠ
ᠨᠡᠶ᠋ᠢᠲᠡᠯᠡᠭᠰᠡᠨ ᠴᠠᠭ᠄ 2025-12-25

ᠰᠤᠷᠪᠤᠯᠵᠢᠯᠠᠭ᠍ᠴᠢ ᠤᠰᠤᠨ ᠠᠰᠢᠭ᠍ᠯᠠᠯᠲᠠ᠎ᠶᠢᠨ ᠶᠠᠮᠤᠨ᠎ᠠᠴᠠ ᠣᠢᠯᠠᠭᠠᠭᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ᠂ ᠮᠠᠨ᠎ᠤ ᠤᠯᠤᠰ ᠭᠣᠣᠯ ᠮᠥᠷᠡᠨ᠎ᠦ ᠬᠠᠮᠠᠭᠠᠯᠠᠯᠲᠠ ᠵᠠᠰᠠᠯᠲᠠ᠎ᠶᠢ ᠪᠥᠬᠥ ᠲᠠᠯ᠎ᠠ᠎ᠪᠠᠷ ᠠᠬᠢᠭᠤᠯᠵᠤ᠂ ᠤᠰᠤ ᠬᠥᠷᠥᠰᠥᠨ᠎ᠦ ᠬᠠᠮᠠᠭᠠᠯᠠᠯᠲᠠ᠎ᠶᠢᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠪᠥᠬᠥ ᠤᠯᠤᠰ᠎ᠤᠨ ᠤᠰᠤ ᠬᠥᠷᠥᠰᠥᠨ᠎ᠦ ᠢᠳᠡᠭᠳᠡᠯ᠎ᠢ ᠵᠠᠰᠠᠭᠰᠠᠨ ᠲᠠᠯᠠᠪᠠᠶ 34 ᠲᠦᠮᠡ ᠭᠠᠷᠤᠢ ᠺᠦᠸᠠᠲ ᠺᠢᠯᠣᠮᠧᠲᠷ ᠰᠢᠨ᠎ᠡ᠎ᠪᠡᠷ ᠨᠡᠮᠡᠭᠳᠡᠵᠦ᠂ ᠤᠰᠤ ᠬᠥᠷᠥᠰᠥᠨ᠎ᠦ ᠢᠳᠡᠭᠳᠡᠯ᠎ᠢ ᠴᠡᠪᠡᠷ ᠪᠠᠭᠠᠰᠬᠠᠭᠰᠠᠨ ᠲᠠᠯᠠᠪᠠᠶ 11.6 ᠲᠦᠮᠡᠨ ᠺᠦᠸᠠᠲ ᠺᠢᠯᠣᠮᠧᠲᠷ᠎ᠲᠤ ᠬᠦᠷᠴᠦ᠂ ᠤᠰᠤ ᠬᠥᠷᠥᠰᠥ᠍᠎ᠶᠢ ᠬᠠᠮᠠᠭᠠᠯᠠᠭᠰᠠᠨ ᠨᠣᠷᠮ᠎ᠠ 73%᠎ᠶᠢ ᠳᠠᠪᠠᠪᠠ᠃ 

ᠭᠣᠣᠯᠳᠠᠯᠭ᠎ᠠ ᠪᠣᠯᠬᠤ ᠭᠠᠵᠠᠷ ᠣᠷᠣᠨ᠎ᠤ ᠤᠰᠤ ᠬᠥᠷᠥᠰᠥᠨ᠎ᠦ ᠢᠳᠡᠭᠳᠡᠯ᠎ᠢ ᠪᠦᠲᠦᠮᠵᠢᠲᠡᠶ ᠵᠠᠰᠠᠪᠠ᠃ ᠶᠡᠬᠡ ᠭᠣᠣᠯ ᠮᠥᠷᠡᠨ᠎ᠦ ᠳᠡᠭᠡᠳᠦ ᠳᠤᠮᠳᠠ ᠤᠷᠤᠰᠬᠠᠯ ᠵᠡᠷᠭᠡ᠎ᠪᠡᠷ ᠭᠣᠣᠯᠳᠠᠯᠭ᠎ᠠ ᠪᠣᠯᠭᠠᠨ᠂ ᠵᠢᠵᠢᠭ ᠰᠠᠪᠠ ᠭᠠᠵᠠᠷ᠎ᠢ ᠶᠡᠷᠦᠩᠬᠡᠢᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠬᠦ᠎ᠶᠢ ᠲᠥᠪ᠎ᠦᠨ ᠪᠡᠯᠡ ᠣᠷᠣᠭᠤᠯᠤᠯᠲᠠ᠎ᠪᠠᠷ ᠳᠡᠮᠵᠢᠵᠦ᠂ ᠤᠰᠤ ᠬᠥᠷᠥᠰᠥᠨ᠎ᠦ ᠢᠳᠡᠭᠳᠡᠯ᠎ᠢ ᠵᠠᠰᠠᠭᠰᠠᠨ ᠲᠠᠯᠠᠪᠠᠢ 6.7 ᠲᠦᠮᠡᠨ ᠺᠦᠸᠠᠲ ᠺᠢᠯᠣᠮᠧᠲᠷ᠎ᠲᠤ ᠬᠦᠷᠴᠦ᠂ ᠲᠥᠷᠥᠯ ᠵᠦᠢᠯ ᠬᠡᠷᠡᠭᠵᠢᠭᠦᠯᠦᠭᠰᠡᠨ ᠣᠷᠣᠨ ᠪᠦᠰᠡ᠎ᠶᠢᠨ ᠬᠥᠷᠥᠰᠥ ᠰᠢᠷᠣᠢ᠎ᠶᠢᠨ ᠢᠳᠡᠭᠳᠡᠯ᠎ᠦᠨ ᠬᠦᠴᠦᠯᠡᠴᠡ 15-20 ᠵᠠᠭᠤᠨ᠎ᠤ ᠴᠡᠭ᠎ᠢᠶᠡᠷ ᠪᠠᠭᠤᠷᠠᠭᠠᠳ ᠠᠮᠢ ᠠᠬᠤᠢ᠎ᠶᠢᠨ ᠰᠢᠰᠲᠧᠮ᠎ᠦᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢᠯᠡᠳᠲᠡ ᠴᠢᠩᠭᠠᠷᠠᠪᠠ᠃ ᠡᠭᠦᠨ᠎ᠳᠦ᠂ ᠰᠢᠷ᠎ᠠ ᠬᠥᠷᠥᠰᠥᠲᠦ ᠥᠨᠳᠥᠷᠯᠢᠭ᠎ᠦᠨ ᠭᠠᠵᠠᠷ ᠣᠷᠣᠨ᠎ᠳᠤ ᠨᠦᠯᠦᠮᠡᠯ ᠭᠠᠵᠠᠷ᠎ᠤᠨ ᠬᠠᠰᠢᠯᠭ᠎ᠠ᠎ᠶᠢ 7000 ᠰᠢᠬᠠᠮ ᠰᠢᠨ᠎ᠡ᠎ᠪᠡᠷ ᠪᠠᠢᠭᠤᠯᠤᠭᠰᠠᠨ ᠪᠠ ᠥᠭᠡᠷᠡᠴᠢᠯᠡᠨ ᠪᠠᠢᠭᠤᠯᠵᠤ᠂ ᠬᠠᠲᠤᠨ ᠭᠣᠣᠯ᠎ᠳᠤ ᠡᠯᠡᠰᠦ ᠰᠢᠪᠠᠷ ᠤᠷᠤᠰᠤᠨ ᠣᠷᠣᠬᠤ᠎ᠶᠢ ᠪᠦᠲᠦᠮᠵᠢᠲᠡᠶ ᠪᠠᠭᠠᠰᠬᠠᠵᠠᠢ᠃ ᠠᠮᠤ ᠪᠤᠳᠠᠭᠠᠨ᠎ᠤ ᠠᠮᠤᠷ ᠲᠦᠪᠰᠢᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ 400 ᠲᠦᠮᠡᠨ ᠮᠦ᠍ ᠬᠥᠲᠥᠯ᠎ᠦᠨ ᠲᠠᠷᠢᠶᠠᠨ ᠭᠠᠵᠠᠷ᠎ᠢ ᠶᠡᠷᠦᠩᠬᠡᠢᠯᠡᠨ ᠵᠠᠰᠠᠵᠤ᠂ ᠵᠡᠭᠦᠨ ᠬᠣᠢᠲᠤ᠎ᠶᠢᠨ ᠬᠠᠷ᠎ᠠ ᠬᠥᠷᠥᠰᠥᠲᠦ ᠣᠷᠣᠨ᠎ᠤ 3.8 ᠲᠦᠮᠡᠨ ᠢᠳᠡᠭᠳᠡᠯ᠎ᠦᠨ ᠭᠤᠤ᠎ᠶᠢ ᠵᠠᠰᠠᠪᠠ᠃ ᠳ᠋ᠠᠨ ᠵᠢᠶᠠᠩ ᠺᠧᠦ ᠴᠥᠭᠥᠷᠥᠮ᠎ᠦᠨ ᠣᠷᠣᠨ ᠵᠢᠴᠢ ᠲᠡᠭᠦᠨ᠎ᠦ ᠳᠡᠭᠡᠳᠦ ᠤᠷᠤᠰᠬᠠᠯ᠎ᠳᠤ ᠠᠮᠢ ᠠᠬᠤᠢ᠎ᠶᠢᠨ ᠴᠡᠪᠡᠷᠰᠢᠭᠦᠯᠦᠭᠰᠡᠨ ᠵᠢᠵᠢᠭ ᠰᠠᠪᠠ ᠭᠠᠵᠠᠷ᠎ᠢ ᠪᠦᠲᠦᠭᠡᠨ ᠪᠠᠢᠭᠤᠯᠵᠤ᠂ 《ᠲᠤᠩᠭᠠᠯᠠᠭ ᠤᠰᠤ᠎ᠶᠢ ᠥᠨᠢᠳᠡ ᠤᠮᠠᠷᠠᠰᠢ ᠬᠦᠷᠭᠡᠬᠦ》᠎ᠶᠢ ᠦᠨᠡᠨ ᠬᠦ᠌ ᠪᠠᠲᠤᠯᠠᠨ᠎ᠠ᠃ 

 

 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ