ᠰᠤᠷᠪᠤᠯᠵᠢᠯᠠᠬ᠍ᠴᠢ 12 ᠳ᠋ᠤᠭᠠᠷ ᠰᠠᠷ᠎ᠠ᠎ᠶᠢᠨ 25᠎ᠤ ᠡᠳᠦᠷ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠠᠴᠠ ᠣᠢᠯᠠᠭᠠᠭᠰᠠᠨ᠎ᠢᠶᠠᠷ ᠄ ᠡᠨᠡ ᠵᠢᠯ᠎ᠦᠨ ᠲᠦᠷᠦᠭᠦᠦ 11 ᠰᠠᠷ᠎ᠠ᠎ᠳᠤ ᠪᠦᠭᠦ ᠤᠯᠤᠰ᠎ᠤᠨ ᠬᠣᠲᠠ ᠪᠠᠯᠭᠠᠰᠤᠨ᠎ᠳᠤ 2.58 ᠲᠦᠮᠡᠨ ᠬᠠᠭᠤᠴᠢᠨ ᠵᠢᠵᠢᠭ ᠰᠠᠭᠤᠭᠠᠯᠢ ᠠᠷᠠᠳ᠎ᠤᠨ ᠲᠣᠭᠣᠷᠢᠭ᠋᠎ᠢ ᠰᠢᠨ᠎ᠡ᠎ᠪᠡᠷ ᠠᠵᠢᠯ ᠡᠬᠢᠯᠡᠭᠦᠯᠵᠦ ᠥᠭᠡᠷᠡᠴᠢᠯᠡᠨ ᠰᠠᠢᠵᠢᠷᠠᠭᠤᠯᠪᠠ᠃
ᠡᠨᠡ ᠵᠢᠯ ᠪᠦᠭᠦ ᠤᠯᠤᠰ᠎ᠲᠤ ᠬᠤᠳᠠ ᠪᠠᠯᠭᠠᠰᠤᠨ᠎ᠤ 2.5 ᠲᠦᠮᠡᠨ ᠬᠠᠭᠤᠴᠢᠨ ᠵᠢᠵᠢᠭ ᠰᠠᠭᠤᠭᠠᠯᠢ ᠠᠷᠠᠳ᠎ᠤᠨ ᠲᠣᠭᠣᠷᠢᠭ᠋᠎ᠢ ᠰᠢᠨ᠎ᠡ᠎ᠪᠡᠷ ᠠᠵᠢᠯ ᠡᠬᠢᠯᠡᠭᠦᠯᠵᠦ ᠥᠭᠡᠷᠡᠴᠢᠯᠡᠨ ᠰᠠᠢᠵᠢᠷᠠᠭᠤᠯᠬᠤ᠎ᠪᠠᠷ ᠲᠥᠯᠥᠪᠯᠡᠪᠡ᠃ ᠪᠡᠭᠡᠵᠢᠩ᠂ ᠲᠢᠶᠠᠨᠵᠢᠨ᠂ ᠾᠧᠪᠧᠢ᠂ ᠥᠪᠥᠷ ᠮᠣᠩᠭᠣᠯ᠂ ᠯᠢᠶᠣᠤᠨᠢᠩ᠂ ᠭᠢᠷᠢᠨ᠂ ᠱᠠᠩᠬᠠᠢ᠂ ᠵᠢᠶᠠᠩᠰᠤ᠂ ᠵᠧᠵᠢᠶᠠᠩ᠂ ᠠᠨᠾᠦ᠋ᠢ᠂ ᠹᠦᠵᠢᠶᠠᠨ᠂ ᠵᠢᠶᠠᠩᠰᠢ᠂ ᠱᠠᠨᠳᠦ᠋ᠩ᠂ ᠭᠤᠸᠠᠩᠰᠢ᠂ ᠬᠠᠢᠨᠠᠨ᠂ ᠴᠦᠩᠴᠢᠩ᠂ ᠭᠦᠢᠵᠧᠦ᠂ ᠶᠦᠨᠨᠠᠨ᠂ ᠲᠥᠪᠡᠳ᠂ ᠱᠠᠨᠰᠢ᠂ ᠭᠠᠨᠰᠤ᠂ ᠬᠥᠬᠡᠨᠠᠭᠤᠷ ᠵᠡᠷᠭᠡ 22 ᠮᠤᠵᠢ ᠣᠷᠣᠨ ᠪᠠ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲᠤᠸᠠᠨᠦ ᠭᠢᠨ ᠬᠤᠳᠠ ᠪᠠᠯᠭᠠᠰᠤᠨ᠎ᠤ ᠬᠠᠭᠤᠴᠢᠨ ᠵᠢᠵᠢᠭ ᠰᠠᠭᠤᠭᠠᠯᠢ ᠠᠷᠠᠳ᠎ᠤᠨ ᠲᠣᠭᠣᠷᠢᠭ᠋᠎ᠢ ᠥᠭᠡᠷᠡᠴᠢᠯᠡᠨ ᠰᠠᠢᠵᠢᠷᠠᠭᠤᠯᠬᠤ ᠣᠨ᠎ᠤ ᠲᠥᠯᠥᠪᠯᠡᠭᠡ᠎ᠪᠡᠨ ᠪᠡᠶᠡᠯᠡᠭᠦᠯᠪᠡ᠃
ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠎ᠶᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠦ᠎ᠪᠡᠨ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠬᠤᠭᠤᠴᠠᠭᠠᠨ᠎ᠳᠤ ᠬᠣᠲᠠ ᠪᠠᠯᠭᠠᠰᠤᠨ᠎ᠤ ᠬᠠᠭᠤᠴᠢᠨ ᠵᠢᠵᠢᠭ ᠰᠠᠭᠤᠭᠠᠯᠢ ᠠᠷᠠᠳ᠎ᠤᠨ ᠲᠣᠭᠣᠷᠢᠭ᠋᠂ ᠬᠣᠲᠠᠨ ᠳᠣᠲᠣᠷᠠᠬᠢ ᠲᠣᠰᠬᠣᠨ ᠬᠢᠭᠡᠳ ᠨᠤᠷᠠᠬᠤ ᠠᠶᠤᠯᠲᠠᠢ ᠬᠠᠭᠤᠴᠢᠨ ᠭᠡᠷ ᠪᠠᠢᠰᠢᠩᠤᠳᠢ ᠥᠭᠡᠷᠡᠴᠢᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠯᠠᠪᠳᠠᠭᠤᠨ᠎ᠢᠶᠠᠷ ᠠᠬᠢᠭᠤᠯᠵᠤ᠂ ᠣᠯᠠᠨ ᠲᠦᠮᠡᠨ᠎ᠦ ᠲᠤᠯᠭᠠᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠢᠭ᠎ᠠ ᠠᠰᠠᠭᠤᠳᠠᠯ᠎ᠤᠳ᠎ᠢ ᠰᠢᠢᠳᠪᠦᠷᠢᠯᠡᠨ᠂ ᠠᠮᠤᠷ ᠲᠦᠪᠰᠢᠨ᠎ᠦ ᠳᠠᠯᠳᠠ ᠭᠡᠮ᠎ᠢ ᠦᠨᠡᠨ ᠬᠦ᠌ ᠠᠷᠢᠯᠭᠠᠨ᠎ᠠ᠃ ᠥᠨᠳᠥᠷ ᠪᠠᠷᠢᠮᠵᠢᠶ᠎ᠠ ᠲᠠᠢ᠂ ᠰᠠᠢᠨ ᠵᠢᠷᠤᠭᠯᠠᠨ ᠲᠥᠯᠥᠪᠯᠡᠬᠦ᠂ ᠰᠠᠢᠨ ᠮᠠᠲᠧᠷᠢᠶᠠᠯ ᠬᠡᠷᠡᠭᠯᠡᠬᠦ᠂ ᠰᠠᠢᠨ ᠪᠠᠢᠭᠤᠯᠵᠤ ᠰᠠᠢᠵᠢᠷᠠᠭᠤᠯᠬᠤ ᠰᠠᠢᠲᠤᠷ ᠠᠵᠢᠯᠯᠠᠭᠤᠯᠤᠨ ᠬᠠᠮᠠᠭᠠᠯᠠᠬᠤ 《ᠰᠠᠢᠨ ᠭᠡᠷ ᠪᠠᠢᠰᠢᠩ》᠎ᠢ ᠪᠦᠲᠦᠭᠡᠨ ᠪᠠᠢᠭᠤᠯᠬᠤ᠎ᠶᠢᠨ ᠲᠣᠭᠣᠷᠢᠨ᠎ᠳᠤ᠂ ᠰᠢᠨ᠎ᠡ᠎ᠪᠠᠷ ᠪᠠᠷᠢᠬᠤ ᠭᠡᠷ ᠪᠠᠢᠰᠢᠩ᠎ᠢ 《ᠰᠠᠢᠨ ᠭᠡᠷ ᠪᠠᠢᠰᠢᠩ》 ᠪᠣᠯᠭᠠᠨ ᠪᠠᠷᠢᠬᠤ᠎ᠪᠠᠷ ᠦᠯᠦ ᠪᠠᠷᠠᠮ ᠬᠠᠭᠤᠴᠢᠨ ᠭᠡᠷ ᠪᠠᠢᠰᠢᠩ᠎ᠢ ᠠᠯᠬᠤᠮ ᠠᠯᠬᠤᠮ᠎ᠢᠶᠠᠷ 《ᠰᠠᠢᠨ ᠭᠡᠷ ᠪᠠᠢᠰᠢᠩ》 ᠪᠣᠯᠭᠠᠨ ᠥᠭᠡᠷᠡᠴᠢᠯᠡᠨ ᠰᠠᠢᠵᠢᠷᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠶᠢᠨ ᠲᠡᠰ ᠳᠡᠪᠰᠢᠬᠦ᠎ᠶᠢ ᠲᠠᠢ᠍ᠢᠴᠢᠯᠠᠨ᠂ ᠴᠢᠨᠠᠷ ᠰᠠᠢᠲᠠᠢ ᠬᠠᠩᠭᠠᠯᠭ᠎ᠠ᠎ᠪᠠᠷ ᠠᠷᠠᠳ ᠤᠯᠠᠨ᠎ᠤ ᠣᠷᠣᠨ ᠰᠠᠭᠤᠴᠠ᠎ᠶᠢᠨ ᠤᠯᠠᠨ ᠶᠠᠩᠵᠤ᠎ᠶᠢᠨ ᠬᠡᠷᠡᠭᠴᠡᠭᠡ᠎ᠶᠢ ᠬᠠᠩᠭᠠᠨ᠎ᠠ ᠭᠡᠪᠡ᠃