ᠲᠡᠷᠢᠭᠦᠨ ᠬᠠᠭᠤᠳᠠᠰᠤ   -   ᠴᠢᠬᠤᠯᠠ ᠮᠡᠳᠡᠭᠡ
ᠪᠣᠳᠠᠲᠤ ᠠᠮᠵᠢᠯᠲᠠ ᠪᠦᠲᠦᠮᠵᠢ᠎ᠪᠡᠷ᠎ᠢᠶᠡᠨ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠦᠨ᠎ᠡ — ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠨᠢ ᠲᠥᠪ᠎ᠦᠨ ᠠᠵᠤ ᠠᠬᠤᠢᠯᠠᠯ᠎ᠤᠨ ᠠᠵᠢᠯ᠎ᠢ ᠰᠠᠢᠲᠤᠷ ᠬᠢᠬᠦ᠎ᠳᠦ ᠴᠢᠭᠯᠡᠯ᠎ᠢ ᠵᠢᠭᠠᠪᠠ
ᠨᠡᠶ᠋ᠢᠲᠡᠯᠡᠭᠰᠡᠨ ᠴᠠᠭ᠄ 2025-12-26

ᠲᠥᠪ᠎ᠦᠨ ᠠᠵᠤ ᠠᠬᠤᠢᠯᠠᠯ᠎ᠤᠨ ᠬᠠᠷᠢᠭᠤᠴᠠᠯᠭᠠᠲᠠᠳ᠎ᠤᠨ ᠬᠤᠷᠠᠯ 12 ᠰᠠᠷ᠎ᠠ᠎ᠶᠢᠨ 22 ᠎ᠤᠨ ᠡᠳᠦᠷ᠎ᠡᠴᠡ 23 ᠎ᠤ ᠡᠳᠦᠷ ᠪᠣᠯᠲᠠᠯ᠎ᠠ ᠪᠡᠭᠡᠵᠢᠩ᠎ᠳᠦ ᠬᠤᠷᠠᠯᠳᠤᠪᠠ᠃ ᠬᠤᠷᠠᠯ ᠳᠡᠭᠡᠷ᠎ᠡ ᠶᠡᠷᠦᠩᠬᠡᠢ ᠱᠦᠵᠢ ᠰᠢ᠎ᠵᠢᠨ᠎ᠫᠢᠩ᠎ᠦᠨ ᠣᠢᠷ᠎ᠠ᠎ᠳᠤ ᠲᠥᠪ᠎ᠦᠨ ᠠᠵᠤ ᠠᠬᠤᠢᠯᠠᠯ᠎ᠤᠨ ᠠᠵᠢᠯ᠎ᠳᠤ ᠥᠭᠭᠦᠭᠰᠡᠨ ᠴᠢᠬᠤᠯᠠ ᠵᠢᠭᠠᠪᠤᠷᠢ᠎ᠶᠢ ᠤᠯᠠᠮᠵᠢᠯᠠᠪᠠ᠃

ᠬᠤᠷᠠᠯ᠎ᠳᠤ ᠣᠷᠣᠯᠴᠠᠭ᠍ᠰᠠᠳ ᠪᠣᠯᠤᠨ ᠥᠷᠭᠡᠨ ᠣᠯᠠᠨ ᠲᠥᠪ᠎ᠦᠨ ᠠᠵᠤ ᠠᠬᠤᠢᠯᠠᠯ᠎ᠤᠨ ᠺᠠᠳ᠋ᠷ ᠠᠵᠢᠯᠲᠠᠨ ᠠᠵᠢᠯᠴᠢᠨ᠂ 《ᠠᠷᠪᠠᠨ ᠳᠥᠷᠪᠡᠳᠦᠭᠡᠷ ᠲᠠᠪᠤᠨ ᠵᠢᠯ》 ᠤᠳᠠᠯ ᠥᠬᠡᠶ ᠰᠡᠭᠦᠯ ᠬᠤᠷᠢᠶᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠱᠢᠨ᠎ᠡ ᠠᠶᠠᠯᠠᠯ ᠡᠬᠢᠯᠡᠬᠦ᠌ ᠵᠠᠩᠭᠢᠯᠠᠭ᠎ᠠ᠎ᠶ᠋ᠢᠨ ᠴᠠᠭ᠎ᠲᠤ᠂ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠨᠢ ᠲᠥᠪ᠎ᠦᠨ ᠠᠵᠤ ᠠᠬᠤᠢᠯᠠᠯ᠎ᠳᠤ ᠴᠢᠩ ᠰᠡᠳᠭᠢᠯ᠎ᠦᠨ ᠬᠦᠰᠡᠯ ᠨᠠᠢᠳᠠᠯᠭ᠎ᠠ ᠪᠣᠯᠤᠨ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠲᠥᠪ᠎ᠦᠨ ᠠᠵᠤ ᠠᠬᠤᠢᠯᠠᠯ᠎ᠤᠨ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠶ ᠵᠢᠭᠠᠵᠤ ᠦᠭᠴᠠᠢ᠂ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠶ᠋ᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠢᠯᠡᠳᠭᠡᠵᠡᠭᠡᠪᠡ᠃

ᠡᠳ᠋ ᠬᠥᠷᠥᠩᠭᠡ᠎ᠶ᠋ᠢᠨ ᠶᠡᠷᠦᠩᠬᠡᠶ ᠬᠡᠮᠵᠢᠶ᠎ᠠ 90 ᠲᠦᠮᠡᠨ ᠳ᠋ᠦᠩᠱᠢᠭᠤᠷ ᠲᠥᠭᠥᠷᠢᠭ᠎ᠦᠨ ᠳᠡᠭ᠌ᠲᠡᠷ᠎ᠲᠦ ᠭᠠᠷᠴᠤ᠌᠂ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠪᠡᠷ ᠠᠵᠤ ᠠᠬᠤᠶ᠎ᠶ᠋ᠢᠨ ᠶᠡᠬᠡ ᠲᠠᠯ᠎ᠠ᠎ᠶ᠋ᠢ ᠬᠦᠴᠦᠲᠡᠶ ᠲᠤᠯᠭᠠᠭᠤᠷᠢᠯᠠᠪᠠ; ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ ᠡᠭᠦᠳᠦᠯᠲᠡ ᠵᠢᠨ ᠪᠣᠭᠣᠮᠲᠠ ᠱᠢᠪᠲᠤᠯᠬᠤ᠎ᠪᠠᠷ ᠬᠦᠴᠦᠯᠡᠨ ᠴᠢᠷᠮᠠᠢᠵᠤ᠂ ᠢᠯᠠᠯᠲᠠ᠎ᠶ᠋ᠢᠨ ᠮᠡᠳᠡᠭᠡ ᠵᠠᠯᠭᠠᠭ᠎ᠠ᠎ᠪᠠᠷ ᠤᠯᠠᠮᠵᠢᠯᠠᠭ᠍ᠳᠠᠵᠤ᠂ ᠠᠵᠤ ᠦᠢᠯᠡᠰ᠎ᠦᠨ ᠬᠥᠭ᠌ᠵᠢᠯᠲᠡ ᠱᠢᠨ᠎ᠡ ᠶᠠᠰᠤ ᠴᠢᠨᠠᠷ᠎ᠢ ᠬᠥᠭᠡᠭᠡᠴᠡᠯᠳᠦᠵᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠪᠠ; ᠪᠠᠴᠢᠮ ᠪᠠᠢᠳᠠᠯ᠎ᠢ ᠠᠷᠭᠠᠴᠡᠭᠠᠵᠤ ᠠᠶᠤᠯ᠎ᠡᠴᠡ ᠠᠪᠤᠷᠬᠠᠸ᠋᠎ᠳᠤ ᠡᠮᠦᠨ᠎ᠡ᠎ᠨᠢ ᠬᠣᠱᠢᠭᠤᠷᠠᠵᠤ᠂ ᠰᠠᠭᠤᠷᠢ ᠪᠦᠲᠦᠭᠡᠭ᠌ᠳᠡᠬᠦᠨ᠎ᠦ ᠲᠣᠭ᠍ᠲᠠᠭᠤᠨ ᠬᠠᠩᠭᠠᠯᠭ᠎ᠠ᠎ᠶ᠋ᠢ ᠬᠦᠴᠦᠲᠡᠶ ᠪᠠᠲᠤᠯᠠᠪᠠ᠁ ᠱᠢᠨ᠎ᠡ ᠴᠠᠭ ᠦᠶ᠎ᠡ᠎ᠳᠦ᠂ ᠲᠥᠪ᠎ᠦᠨ ᠠᠵᠤ ᠠᠬᠤᠢᠯᠠᠯ 《ᠤᠯᠤᠰ᠎ᠤᠨ ᠶᠡᠬᠡ ᠶᠠᠪᠤᠳᠠᠯ》᠂ ᠠᠷᠠᠳ ᠲᠦᠮᠡᠨ᠎ᠦ ᠠᠩᠬᠠᠷᠴᠤ ᠪᠠᠢᠭ᠎ᠠ ᠠᠰᠠᠭᠤᠳᠠᠯ᠎ᠢ ᠬᠡᠬᠦᠳᠡᠭ ᠴᠡᠭᠡᠵᠢᠨ᠎ᠳᠡᠭᠡᠨ ᠪᠤᠳᠤᠯᠬᠢᠯᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠳᠤ ᠦᠶ᠋ᠯᠡᠴᠢᠯᠡᠬᠦ᠌᠎ᠳᠤ ᠨᠠᠩ ᠡᠷᠡᠰ ᠪᠠᠲᠤ ᠬᠦᠴᠦᠨ᠎ᠲᠡᠶ ᠪᠣᠯᠵᠠᠢ᠃

ᠶᠡᠷᠦᠩᠬᠡᠢ ᠱᠦᠵᠢ ᠰᠢ᠎ᠵᠢᠨ᠎ᠫᠢᠩ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠲᠥᠪ᠎ᠦᠨ ᠠᠵᠤ ᠠᠬᠤᠢᠯᠠᠯ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠤᠯᠤᠰ᠎ᠤᠨ ᠪᠠᠢᠯᠳᠤᠬᠤ ᠪᠤᠳᠤᠯᠭ᠎ᠠ᠎ᠳᠤ ᠢᠳᠡᠪᠬᠢᠲᠡᠢ ᠦᠢᠯᠡᠴᠢᠯᠡᠵᠦ᠍᠂ ᠤᠯᠤᠰ ᠠᠷᠠᠳ᠎ᠤᠨ ᠠᠵᠤ ᠠᠬᠤᠢ᠎ᠳᠤ ᠭᠣᠣᠯᠯᠠᠭ᠍ᠴᠢ ᠪᠠ ᠲᠤᠯᠭᠠᠭᠤᠷᠢ᠎ᠶ᠋ᠢᠨ ᠦᠢᠯᠡᠳᠦᠯ ᠦᠵᠡᠭᠦᠯᠪᠡ ᠭᠡᠵᠤ ᠭᠦᠨᠵᠡᠭᠡᠢ ᠵᠢᠭᠠᠵᠤ ᠭᠠᠷᠭᠠᠵᠠᠢ᠃

《ᠶᠡᠷᠦᠩᠬᠡᠢ ᠱᠦᠵᠢ᠎ᠶ᠋ᠢᠨ ᠭᠦᠢᠴᠡᠳ ᠨᠤᠲᠠᠯᠠᠯᠲᠠ ᠪᠣᠯ ᠪᠢᠳᠡᠨ᠎ᠳᠦ ᠥᠭ᠌ᠭᠦᠭ᠌ᠰᠡᠨ ᠲᠤᠢᠯ᠎ᠤᠨ ᠶᠡᠬᠡ ᠵᠣᠷᠢᠭ᠍ᠵᠢᠭᠤᠯᠤᠯ ᠪᠣᠯᠤᠨ᠎ᠠ》᠂ ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠡᠷᠡ ᠳᠠᠷᠤᠶ᠎ᠳᠤᠨᠢ ᠰᠤᠷᠤᠯᠴᠠᠭᠰᠠᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭ᠌ᠯᠡᠯ᠎ᠦᠨ ᠳᠤᠮᠳᠠᠳᠤ ᠤᠯᠤᠰ᠎ᠤᠨ ᠬᠥᠯᠭᠡ ᠲᠡᠢᠷᠦᠯᠲᠦ ᠰᠤᠮᠤ᠎ᠶ᠋ᠢᠨ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠲᠡᠷᠢᠭᠦᠨ ᠶᠡᠷᠦᠩᠬᠡᠶ ᠲᠦᠯᠦᠪᠯᠡᠭᠴᠢ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠸᠠᠩ ᠢᠦᠶ ᠮᠠᠰᠢ ᠤᠷᠮᠠᠱᠢᠨ ᠵᠣᠷᠢᠭ᠍ᠵᠢᠵᠠᠶ᠃ ᠲᠡᠷᠡ᠂ ᠡᠳᠡᠭᠡᠷ ᠠᠮᠵᠢᠯᠲᠠ᠎ᠶ᠋ᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠤᠭᠤᠳᠤᠨ ᠵᠠᠯᠠᠭᠤᠷ ᠢ᠋ ᠡᠵᠡᠮᠳᠡᠭ᠌ᠰᠡᠨ᠎ᠳᠦ ᠪᠠᠢᠨ᠎ᠠ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠵᠢᠨ ᠱᠢᠨᠵᠢᠯᠡᠬᠦ᠌ ᠤᠬᠠᠭᠠᠨᠴᠢ᠎ᠵᠢᠯᠤᠭᠤᠳᠤᠯᠭ᠎ᠠ᠎ᠳᠤ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠤ᠂ ᠪᠢᠳᠡ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠵᠤ᠂ ᠦᠷᠭᠦᠯᠵᠢᠯᠡᠨ ᠲᠡᠮᠡᠴᠡᠵᠦ᠍᠂ ᠬᠣᠱᠢᠭᠤᠷᠠᠯ ᠮᠡᠷᠭᠡᠵᠢᠯ᠎ᠦᠨ ᠰᠤᠳᠤᠯᠭᠠᠨ᠎ᠢ ᠭᠦᠨᠵᠡᠭᠡᠢᠷᠡᠭᠦᠯᠵᠦ᠍᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠤᠨ ᠬᠠᠷᠠᠯᠲᠠ ᠲᠡᠢᠰᠢ ᠡᠷᠡᠯᠬᠡᠭ᠌ᠯᠡᠨ ᠤᠷᠤᠭ᠍ᠰᠢᠯᠠᠨ᠎ᠠ ᠭᠡᠪᠡ᠃

ᠲᠤᠬᠠᠢ᠎ᠶ᠋ᠢᠨ ᠲᠠᠯᠠᠪᠠᠢ᠎ᠳᠤ ᠶᠡᠷᠦᠩᠬᠡᠢ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢ ᠰᠣᠨᠣᠰᠤᠭᠠᠳ᠂ ᠳᠤᠮᠳᠠᠳᠤ ᠤᠯᠤᠰ᠎ᠤᠨ ᠮᠠᠰᠢᠨ ᠮᠧᠬᠠᠨᠢᠭ᠎ᠤᠨ ᠠᠵᠤ ᠦᠢᠯᠡᠳᠪᠦᠷᠢ᠎ᠶ᠋ᠢᠨ ᠬᠣᠯᠪᠣᠭᠠᠲᠤ ᠬᠤᠷᠠᠯ᠎ᠤᠨ ᠳᠠᠷᠤᠭ᠎ᠠ ᠱᠢᠤᠢ ᠨᠢᠶᠠᠨ ᠱᠠ ᠬᠦᠨᠳᠦ ᠡᠭᠦᠷᠭᠡ ᠡᠭᠦᠷᠭᠡᠯᠡᠵᠦ᠍ ᠪᠠᠢᠬᠤ᠎ᠪᠠᠨ ᠭᠦᠨᠵᠡᠭᠡᠢ ᠮᠡᠳᠡᠷᠡᠪᠡ᠃ 《ᠶᠡᠷᠦᠩᠬᠡᠢ ᠱᠦᠵᠢ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠦᠭᠡ ᠦᠰᠦᠭ ᠪᠦᠷᠢ ᠨᠢ ᠲᠥᠪ᠎ᠦᠨ ᠠᠵᠤ ᠠᠬᠤᠢᠯᠠᠯ᠎ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ ᠪᠠᠢᠬᠤ ᠪᠠ ᠭᠦᠨ ᠬᠦᠰᠡᠯ ᠡᠷᠡᠮᠡᠯᠵᠡᠯ ᠲᠠᠯᠪᠢᠵᠤ ᠪᠠᠢᠬᠤ᠎ᠶ᠋ᠢ ᠭᠦᠢᠴᠡᠳ ᠢᠯᠡᠷᠡᠭᠦᠯᠪᠡ》᠂ ᠲᠡᠷᠡ᠂ ᠮᠠᠰᠢᠨ ᠮᠧᠬᠠᠨᠢᠭ᠎ᠤᠨ ᠠᠵᠤ ᠦᠶ᠋ᠯᠡᠳᠪᠦᠷᠢ ᠪᠣᠯ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢᠨ ᠴᠢᠬᠤᠯᠠ ᠲᠤᠯᠭᠠᠭᠤᠷᠢ ᠮᠥᠨ᠂ ᠠᠵᠢᠯ ᠲᠥᠷᠥᠯ᠎ᠦᠨ ᠳᠣᠲᠣᠷᠠᠬᠢ ᠲᠥᠪ᠎ᠦᠨ ᠠᠵᠤ ᠠᠬᠤᠢᠯᠠᠯ᠎ᠤᠳ ᠤᠯᠤᠰ᠎ᠤᠨ ᠠᠵᠤ ᠦᠶ᠋ᠯᠡᠰ᠎ᠦᠨ ᠠᠮᠤᠷ ᠲᠦᠪᠱᠢᠨ᠎ᠢ ᠪᠠᠲᠤᠯᠠᠬᠤ᠂ ᠮᠡᠷᠭᠡᠵᠢᠯ᠎ᠦᠨ ᠳᠠᠪᠱᠢᠯᠲᠠ᠎ᠶ᠋ᠢ ᠠᠬᠢᠭᠤᠯᠬᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠠᠮᠵᠢᠯᠴᠠᠭ᠎ᠠ᠎ᠶ᠋ᠢ ᠠᠬᠢᠭᠤᠯᠬᠤ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠦᠭ᠌ᠰᠡᠭᠡᠷ ᠢᠷᠡᠵᠡᠶ᠃ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠤ᠂ ᠠᠵᠢᠯ ᠲᠥᠷᠥᠯ᠎ᠦᠨ ᠵᠣᠬᠢᠶᠠᠨ ᠪᠠᠢᠭᠤᠯᠤᠯᠲᠠ ᠵᠥᠪᠯᠡᠭ᠌ᠴᠢ ᠲᠤᠰᠠᠯᠠᠭ᠍ᠴᠢ ᠪᠣᠯᠤᠨ ᠬᠥᠭᠥᠷᠭᠡ ᠬᠣᠯᠪᠣᠭᠠᠰᠤ᠎ᠶ᠋ᠢᠨ ᠦᠢᠯᠡᠳᠦᠯ᠎ᠢᠶᠡᠨ ᠦᠷᠭᠦᠯᠵᠢᠯᠡᠨ ᠢᠳᠡᠪᠬᠢᠲᠡᠶ ᠪᠠᠳᠠᠷᠠᠭᠤᠯᠵᠤ᠂ ᠠᠵᠢᠯ ᠲᠥᠷᠥᠯ᠎ᠦᠨ ᠠᠵᠤ ᠠᠬᠤᠢᠯᠠᠯ᠎ᠢ ᠬᠠᠪᠰᠤᠷᠤᠨ ᠪᠣᠳᠠᠲᠤ ᠴᠣᠭ᠍ᠴᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠬᠦ᠌ ᠭᠣᠣᠯ ᠲᠤᠯᠭᠠᠭᠤᠷᠢ ᠪᠣᠯᠭᠠᠨ᠎ᠠ ᠭᠡᠵᠠᠢ᠃

ᠶᠡᠷᠦᠩᠬᠡᠢ ᠱᠦᠵᠢ ᠰᠢ᠎ᠵᠢᠨ᠎ᠫᠢᠩ᠂ ᠱᠢᠨ᠎ᠡ ᠠᠶᠠᠨ᠎ᠳᠤ᠂ ᠲᠥᠪ᠎ᠦᠨ ᠠᠵᠤ ᠠᠬᠤᠢᠯᠠᠯ᠎ᠤᠨ ᠬᠢᠨ ᠡᠭᠦᠷᠭᠡᠯᠡᠵᠦ᠍ ᠪᠠᠢᠭ᠎ᠠ ᠡᠭᠦᠷᠭᠡ ᠬᠠᠷᠢᠭᠤᠴᠠᠯᠭ᠎ᠠ᠎ᠪᠠᠨ ᠭᠦᠢᠴᠡᠳ ᠲᠠᠨᠢᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ᠍᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠳᠤ ᠦᠢᠯᠡᠴᠢᠯᠡᠵᠦ᠍᠂ ᠨᠡᠢᠭᠡᠮ᠎ᠦᠨ ᠬᠠᠷᠢᠭᠤᠴᠠᠯᠭ᠎ᠠ᠎ᠶ᠋ᠢ ᠵᠣᠷᠢᠭ᠍ᠲᠠᠢ ᠡᠭᠦᠷᠭᠡᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

《ᠣᠳᠣᠬᠠᠨ᠎ᠳᠤ᠂ ᠳᠡᠯᠡᠬᠡᠢ᠎ᠶ᠋ᠢᠨ ᠪᠠᠢᠳᠠᠯ ᠡᠭᠡᠳᠡᠷᠡᠭᠡᠨ ᠪᠤᠳᠤᠯᠢᠶᠠᠨᠲᠠᠢ ᠪᠤᠯᠵᠤ᠂ ᠶᠡᠷᠦᠩᠬᠡᠢ ᠱᠦᠵᠢ᠎ᠶ᠋ᠢᠨ ᠳᠤᠷᠠᠳᠤᠭ᠍ᠰᠠᠨ ᠱᠢᠨ᠎ᠡ ᠱᠠᠭᠠᠷᠳᠠᠯᠭ᠎ᠠ ᠨᠢ ᠪᠤᠳᠤᠯᠢᠶᠠᠨᠲᠠᠢ ᠪᠠᠢᠳᠠᠯ ᠳᠣᠣᠷ᠎ᠠ ᠠᠵᠤ ᠠᠬᠤᠢᠯᠠᠯ᠎ᠤᠨ ᠠᠵᠢᠯ᠎ᠢᠶᠠᠨ ᠰᠠᠢᠲᠤᠷ ᠬᠢᠵᠦ᠍᠂ ᠦᠢᠯᠡᠳᠦᠯ᠎ᠢᠶᠡᠨ ᠪᠠᠳᠠᠷᠠᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠂ ᠳᠤᠮᠳᠠᠳᠤ ᠤᠯᠤᠰ᠎ᠤᠨ ᠲᠠᠷᠢᠶᠠᠯᠠᠩ᠎ᠤᠨ ᠪᠠᠩᠬᠢ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠥᠯᠥᠪᠵᠢᠭᠦᠯᠭᠡ᠎ᠶ᠋ᠢᠨ ᠬᠡᠯᠲᠡᠰ᠎ᠦᠨ ᠶᠡᠷᠦᠩᠬᠡᠶ ᠳᠠᠭᠠᠭᠠᠮᠠᠯ ᠸᠠᠩ ᠴᠢᠤᠸᠠᠨ ᠭᠠᠩ᠂ ᠮᠥᠩᠭᠥᠨ ᠭᠦᠶ᠋ᠯᠭᠡᠭᠡ ᠪᠣᠯ ᠤᠯᠤᠰ ᠠᠷᠠᠳ᠎ᠤᠨ ᠠᠵᠤ ᠠᠬᠤᠶ᠎ᠶ᠋ᠢᠨ ᠠᠮᠢᠨ ᠰᠤᠳᠠᠰᠤ ᠮᠥᠨ᠃ ᠪᠢᠳᠡ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ 《ᠭᠤᠷᠪᠠᠨ ᠦᠢᠯᠡᠴᠢᠯᠡᠭᠡ》 ᠎ᠶ᠋ᠢᠨ ᠴᠢᠭ᠌ᠯᠡᠯ᠎ᠢ ᠴᠢᠩᠭ᠎ᠠ ᠡᠵᠡᠮᠳᠡᠵᠤ᠂ ᠣᠷᠣᠨ ᠪᠠᠢᠷᠢ᠎ᠪᠠᠨ ᠲᠠᠰᠤᠷᠠᠯᠲᠠ ᠦᠭᠡᠢ ᠲᠣᠳᠣᠷᠬᠠᠢᠯᠠᠨ᠂ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠰᠡᠳᠭᠢᠮᠵᠢ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠤᠨ ᠪᠣᠳᠠᠲᠠᠢᠵᠢᠭᠤᠯᠵᠤ᠂ ᠠᠵᠢᠯ᠎ᠤᠨ ᠱᠢᠨ᠎ᠡ ᠦᠷ᠎ᠡ ᠪᠦᠲᠦᠮᠵᠢ᠎ᠪᠡᠷ ᠡᠭᠦᠷᠭᠡ ᠬᠠᠷᠢᠭᠤᠴᠠᠯᠭ᠎ᠠ᠎ᠪᠠᠨ ᠢᠯᠡᠷᠡᠭᠦᠯᠦᠨ᠎ᠡ ᠭᠡᠵᠤ ᠢᠯᠡᠳᠭᠡᠵᠠᠢ᠃

ᠬᠤᠷᠠᠯ᠎ᠤᠨ ᠠᠬᠤᠢ ᠲᠠᠯᠠᠪᠠᠢ᠎ᠳᠤ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ᠎ᠶᠢᠨ ᠤᠯᠤᠰ᠎ᠤᠨ ᠥᠮᠴᠢᠯᠡᠯ᠎ᠦᠨ ᠡᠳ᠋ ᠬᠦᠷᠦᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ᠎ᠦᠨ ᠲᠥᠯᠥᠪᠵᠢᠭᠦᠯᠭᠡ ᠬᠥᠭ᠌ᠵᠢᠯᠲᠡ᠎ᠶ᠋ᠢᠨ ᠲᠣᠪᠴᠢᠶᠠᠨ᠎ᠤ ᠳᠠᠷᠤᠭ᠎ᠠ ᠳ᠋ᠠᠢ ᠰᠢ ᠶᠡᠷᠦᠩᠬᠡᠢ ᠱᠦᠵᠢ ᠰᠢ᠎ᠵᠢᠨ᠎ᠫᠢᠩ᠎ᠦᠨ ᠳᠤᠷᠠᠳᠤᠭ᠍ᠰᠠᠨ 《ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠬᠦ᠌》᠂ 《ᠤᠯᠤᠰ᠎ᠤᠨ ᠥᠮᠴᠢᠯᠡᠯ᠎ᠦᠨ ᠠᠵᠤ ᠠᠬᠤᠢ᠎ᠶ᠋ᠢᠨ ᠪᠠᠢᠷᠢᠱᠢᠭᠤᠯᠤᠯᠲᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠬᠦ᠌》 ᠵᠡᠷᠭᠡ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠲᠡᠮᠳᠡᠭ᠌ᠯᠡᠪᠡ᠃ ᠲᠡᠷᠡ᠄ 《ᠶᠡᠷᠦᠩᠬᠡᠶ ᠱᠦᠵᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ ᠪᠣᠯ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶ᠋ᠢᠨ ᠲᠥᠪ᠎ᠦᠨ ᠠᠵᠤ ᠠᠬᠤᠢᠯᠠᠯ᠎ᠤᠨ ᠡᠯ᠎ᠡ ᠵᠦᠶ᠋ᠯ᠎ᠦᠨ ᠠᠵᠢᠯ᠎ᠤᠨ ᠶᠡᠷᠦᠩᠬᠡᠶ ᠴᠢᠭ᠌ᠯᠡᠯᠲᠡ᠂ ᠶᠡᠷᠦᠩᠬᠡᠶ ᠬᠥᠲᠥᠯᠪᠦᠷᠢ᠂ ᠶᠡᠷᠦᠩᠬᠡᠶ ᠵᠢᠷᠤᠮᠯᠠᠯ ᠮᠥᠨ᠂ ᠪᠢᠳᠡ ᠲᠥᠪ᠎ᠦᠨ ᠠᠵᠤ ᠠᠬᠤᠢᠯᠠᠯ᠎ᠤᠨ 〈ᠠᠷᠪᠠᠨ ᠲᠠᠪᠤᠳᠤᠭᠠᠷ ᠲᠠᠪᠤᠨ ᠵᠢᠯ〉᠎ᠦᠨ ᠲᠥᠯᠥᠪᠵᠢᠭᠦᠯᠭᠡ᠎ᠶ᠋ᠢ ᠴᠢᠨᠠᠷ ᠰᠠᠢᠲᠠᠶ ᠨᠠᠢᠷᠠᠭᠤᠯᠤᠨ ᠵᠣᠬᠢᠶᠠᠬᠤ᠎ᠪᠠᠷ ᠭᠠᠷᠳᠠᠴᠠ ᠪᠣᠯᠭᠠᠵᠤ᠂ ᠨᠠᠩ ᠶᠡᠬᠡ ᠬᠡᠪᠴᠢᠶ᠎ᠡ᠂ ᠨᠠᠩ ᠭᠦᠨ ᠳᠠᠪᠬᠤᠷᠭ᠎ᠠ᠂ ᠨᠠᠩ ᠥᠷᠭᠡᠨ ᠬᠦᠷᠢᠶ᠎ᠡ᠎ᠡᠴᠡ ᠤᠯᠤᠰ᠎ᠤᠨ ᠥᠮᠴᠢᠯᠡᠯ᠎ᠦᠨ ᠠᠵᠤ ᠠᠬᠤᠶ᠎ᠶ᠋ᠢᠨ ᠪᠠᠢᠷᠢᠱᠢᠯ᠎ᠢ ᠨᠢᠭᠡᠳᠦᠯᠲᠡᠶ ᠲᠥᠯᠥᠪᠵᠢᠭᠦᠯᠦᠨ ᠱᠢᠯᠢᠳᠡᠭ᠌ᠵᠢᠭᠦᠯᠦᠨ᠎ᠡ》 ᠭᠡᠵᠦ ᠢᠯᠡᠳᠭᠡᠪᠡ᠃

ᠬᠠᠬᠢᠷ ᠡᠪᠦᠯ᠎ᠦᠨ ᠤᠯᠠᠷᠢᠯ᠎ᠳᠤ᠂ ᠲᠢᠶᠠᠨᠵᠢᠨ᠎ᠤ ᠪᠢᠨ ᠬᠠᠢ ᠱᠢᠨ᠎ᠡ ᠲᠣᠭᠣᠷᠢᠭ᠎ᠤᠨ ᠨᠢᠭᠡᠨ ᠰᠠᠭᠠᠳᠠᠯ᠎ᠢ ᠱᠠᠯᠠᠪᠳᠠᠨ ᠵᠠᠰᠠᠬᠤ ᠲᠤᠬᠠᠢ᠎ᠶ᠋ᠢᠨ ᠲᠠᠯᠠᠪᠠᠢ᠎ᠳᠤ᠂ ᠤᠯᠤᠰ᠎ᠤᠨ ᠴᠠᠬᠢᠯᠭᠠᠨ ᠲᠣᠣᠷ᠎ᠤᠨ ᠲᠢᠶᠠᠨᠵᠢᠨ᠎ᠤ ᠪᠢᠨ ᠬᠠᠢ ᠴᠠᠬᠢᠯᠭᠠᠨ ᠬᠠᠩᠭᠠᠬᠤ ᠺᠣᠮᠫᠠᠨᠢ᠎ᠶ᠋ᠢᠨ ᠴᠠᠬᠢᠯᠭᠠᠨ ᠲᠤᠬᠢᠷᠠᠭᠤᠯᠬᠤ ᠱᠠᠯᠠᠪᠳᠠᠨ ᠵᠠᠰᠠᠬᠤ ᠠᠩᠬᠢ᠎ᠶ᠋ᠢᠨ ᠳᠠᠷᠤᠭ᠎ᠠ ᠵᠠᠩ ᠯᠢ ᠮᠢᠩ ᠶᠠᠷᠢᠯᠴᠠᠭᠤᠷ ᠮᠠᠱᠢᠨ ᠪᠠᠷᠢᠵᠤ᠂ ᠨᠢᠭᠡ ᠲᠠᠯ᠎ᠠ᠎ᠪᠠᠷ ᠬᠠᠮᠲᠤ ᠠᠵᠢᠯᠯᠠᠭ᠍ᠴᠢ᠎ᠪᠠᠨ ᠵᠢᠯᠣᠭᠣᠳᠤᠨ ᠲᠤᠬᠠᠢ᠎ᠶ᠋ᠢᠨ ᠴᠠᠭ᠎ᠤᠨ ᠲᠣᠭ᠎ᠠ ᠪᠠᠷᠢᠮᠲᠠ᠎ᠶ᠋ᠢ ᠲᠡᠮᠳᠡᠭ᠌ᠯᠡᠭᠦᠯᠵᠦ᠍᠂ ᠨᠦᠬᠦᠭᠡ ᠲᠠᠯ᠎ᠠ᠎ᠪᠠᠷ ᠮᠠᠱᠢᠨ ᠬᠥᠮᠦᠨ᠎ᠢ ᠵᠢᠯᠣᠭᠣᠳᠤᠨ ᠤᠲᠠᠰᠤ ᠵᠠᠯᠭᠠᠬᠤ ᠵᠡᠷᠭᠡ ᠪᠤᠳᠤᠯᠢᠶᠠᠨᠲᠠᠢ ᠠᠵᠢᠯ᠎ᠢ ᠪᠡᠶᠡᠯᠡᠭᠦᠯᠵᠦ ᠪᠠᠢᠯ᠎ᠠ᠃

ᠶᠡᠷᠦᠩᠬᠡᠢ ᠱᠦᠵᠢ ᠰᠢ᠎ᠵᠢᠨ᠎ᠫᠢᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠂ ᠵᠠᠩ ᠯᠢ ᠮᠢᠩ᠄ 《ᠤᠢ᠍ᠢᠷ᠎ᠠ᠎ᠶ᠋ᠢᠨ ᠵᠢᠯ᠎ᠡᠴᠡ᠂ ᠮᠠᠨ᠎ᠤ ᠱᠢᠨ᠎ᠡ᠎ᠶ᠋ᠢ ᠡᠭᠦᠳᠬᠦ᠌ ᠪᠦᠯᠬᠦᠮ ᠴᠠᠬᠢᠯᠭᠠᠨ ᠢ᠋ ᠵᠤᠭᠰᠤᠭᠠᠬᠤ ᠦᠭᠡᠢ ᠲᠤᠤᠷ ᠲᠤᠬᠢᠷᠠᠭᠤᠯᠬᠤ ᠮᠠᠱᠢᠨ ᠬᠥᠮᠦᠨ᠎ᠢ ᠰᠢᠨᠡᠳᠭᠡᠨ᠎ᠰᠤᠳᠤᠯᠤᠨ ᠨᠡᠬᠡᠭᠡᠬᠦ᠎ᠵᠢ ᠪᠡᠶᠡᠯᠡᠭᠦᠯᠵᠦ᠍᠂ ᠤᠯᠠᠨ ᠵᠦᠢᠯ᠎ᠦᠨ ᠠᠵᠢᠯ ᠲᠦᠷᠦᠯ᠎ᠦᠨ ᠬᠣᠭᠣᠰᠣᠨ᠎ᠢ ᠨᠥᠬᠥᠪᠥᠷᠢᠯᠡᠪᠡ》 ᠭᠡᠵᠦ ᠭᠦᠨ ᠰᠡᠳᠭᠢᠯᠭᠡ ᠲᠠᠢ ᠭᠡᠯᠡᠨ᠎ᠡ᠃ ᠲᠡᠷᠡ᠂ ᠡᠮᠦᠨ᠎ᠡ ᠹᠷᠣᠨᠲ᠎ᠲᠤ ᠰᠠᠭᠤᠷᠢᠰᠢᠭᠰᠠᠨ ᠲᠥᠪ᠎ᠦᠨ ᠠᠵᠤ ᠠᠬᠤᠢᠯᠠᠯ᠎ᠤᠨ ᠠᠵᠢᠯᠲᠠᠨ ᠠᠵᠢᠯᠴᠢᠨ ᠪᠣᠯᠤᠭ᠍ᠰᠠᠨ᠎ᠤ ᠬᠤᠪᠢ᠎ᠳᠤ᠂ ᠦᠨᠳᠦᠰᠦᠨ ᠱᠠᠲᠤᠨ᠎ᠤ ᠪᠣᠳᠠᠲᠠᠶ ᠦᠶ᠋ᠯᠡᠳᠪᠦᠷᠢᠯᠡᠯ᠎ᠦᠨ ᠠᠵᠢᠯ᠎ᠤᠨ ᠬᠡᠷᠡᠭ᠌ᠴᠡᠭᠡ᠎ᠳᠦ ᠦᠷᠭᠦᠯᠵᠢᠯᠡᠨ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠴᠦ᠍ ᠰᠤᠳᠤᠯᠤᠨ ᠨᠡᠭᠡᠭᠡᠬᠦ᠌᠎ᠪᠡᠨ ᠴᠢᠩᠭᠠᠳᠭᠠᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠥᠪᠡᠷ᠎ᠢ᠎ᠪᠡᠨ ᠬᠦᠴᠦᠷᠬᠡᠭ᠌ᠵᠢᠭᠦᠯᠬᠦ᠌᠎ᠳᠦ ᠠᠵᠤ ᠦᠶ᠋ᠯᠡᠰ᠎ᠦᠨ ᠠᠵᠢᠯᠴᠢᠨ᠎ᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠬᠡᠯᠡᠪᠡ᠃

ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠵᠢᠯ᠎ᠦᠨ ᠪᠣᠷᠣᠯᠠᠭᠤᠯᠭ᠎ᠠ᠎ᠶ᠋ᠢᠨ ᠬᠡᠮᠵᠢᠶ᠎ᠡ 100 ᠲᠦᠮᠡ᠎ᠶ᠋ᠢ ᠳᠠᠪᠠᠵᠤ᠂ ᠪᠡᠶ᠎ᠡ᠎ᠪᠡᠨ ᠳᠠᠭᠠᠭᠠᠭ᠍ᠰᠠᠨ ᠲᠦᠷᠦᠯ ᠲᠡᠮᠳᠡᠭ᠌ᠲᠦ᠍᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠶ᠎ᠡ 3000 ᠲᠦᠮᠡ᠎ᠶ᠋ᠢ ᠳᠠᠪᠠᠪᠠ᠃ 2025 ᠣᠨ᠎ᠳᠤ᠂ ᠲᠥᠪ᠎ᠦᠨ ᠱᠢᠨ᠎ᠡ᠎ᠡᠠᠵᠤ ᠠᠬᠤᠢᠯᠠᠯ ᠪᠤᠯᠬᠤ ᠳᠤᠮᠳᠠᠳᠤ ᠤᠯᠤᠰ᠎ᠤᠨ ᠴᠠᠩ ᠠᠨ ᠮᠠᠱᠢᠨ ᠲᠡᠷᠭᠡᠨ᠎ᠦ ᠪᠦᠯᠦᠭ᠌ᠯᠡᠯ ᠦᠵᠡᠰᠭᠦᠯᠡᠩᠲᠦ ᠰᠠᠢᠬᠠᠨ ᠬᠢᠷᠢ ᠪᠦᠲᠦᠮᠵᠢ᠎ᠶ᠋ᠢᠨ ᠬᠠᠭᠤᠳᠠᠰᠤ᠎ᠪᠠᠨ ᠲᠤᠱᠢᠶᠠᠪᠠ᠃

ᠶᠡᠷᠦᠩᠬᠡᠢ ᠱᠦᠵᠢ ᠰᠢ᠎ᠵᠢᠨ᠎ᠫᠢᠩ᠎ᠦᠨ ᠳᠤᠷᠠᠳᠤᠭ᠍ᠰᠠᠨ 《ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌》 ᠲᠤᠬᠠᠢ ᠳᠤᠮᠳᠠᠳᠤ ᠤᠯᠤᠰ᠎ᠤᠨ ᠴᠠᠩ ᠠᠨ ᠮᠠᠱᠢᠨ ᠲᠡᠷᠭᠡᠨ᠎ᠦ ᠪᠦᠯᠦᠭ᠌ᠯᠡᠯ᠎ᠦᠨ ᠬᠡᠷᠡᠭ ᠮᠡᠳᠡᠭ᠌ᠴᠢᠳ᠎ᠦᠨ ᠳᠠᠷᠤᠭ᠎ᠠ ᠵᠦ᠍ ᠬᠤᠸᠠ ᠷᠦᠩ ᠭᠦᠨᠵᠡᠭᠡᠢ ᠣᠢᠯᠠᠭᠠᠯᠲᠠ᠎ᠲᠠᠶ ᠪᠣᠯᠵᠠᠢ᠃ 《ᠪᠠᠢᠭᠤᠯᠤᠯ ᠲᠣᠭ᠍ᠲᠠᠴᠠ᠎ᠶ᠋ᠢᠨ ᠥᠭᠡᠷᠡᠴᠢᠯᠡᠯᠲᠡ ᠪᠣᠯ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠵᠠᠩᠭᠢᠯᠠᠭ᠎ᠠ ᠪᠣᠯᠤᠨ᠎ᠠ》᠃ ᠲᠡᠷᠡ᠂ ᠳᠤᠮᠳᠠᠳᠤ ᠤᠯᠤᠰ᠎ᠤᠨ ᠴᠠᠩ ᠠᠨ ᠮᠠᠱᠢᠨ ᠲᠡᠷᠭᠡᠨ᠎ᠦ ᠪᠦᠯᠦᠭ᠌ᠯᠡᠯ᠎ᠦᠨ ᠮᠡᠨᠳᠦᠯᠡᠭ᠌ᠰᠡᠨ᠎ᠨᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠤᠭ᠍ᠰᠠᠨ᠎ᠤ ᠠᠴᠢ ᠲᠤᠰᠠ ᠶᠤᠮ᠂ ᠲᠠᠷᠠᠭᠠᠴᠢ᠎ᠶ᠋ᠢᠨ ᠠᠯᠬᠤᠮ᠎ᠳᠤ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠭᠦᠨ ᠳᠠᠪᠬᠤᠷᠭ᠎ᠠ᠎ᠶ᠋ᠢᠨ ᠠᠰᠠᠭᠤᠳᠠᠯ᠎ᠢ ᠱᠢᠶ᠋ᠳᠪᠦᠷᠢᠯᠡᠵᠦ᠍᠂ ᠪᠥᠬᠥ᠌ ᠪᠥᠮᠪᠥᠷᠴᠡᠭ᠎ᠦᠨ ᠥᠷᠢᠰᠥᠯᠳᠦᠬᠦ᠌ ᠬᠦᠴᠦᠨ᠎ᠲᠡᠶ᠂ ᠪᠡᠶ᠎ᠡ᠎ᠪᠡᠨ ᠳᠠᠭᠠᠭᠠᠭ᠍ᠰᠠᠨ ᠭᠤᠤᠯᠯᠠᠬᠤ ᠮᠡᠷᠭᠡᠵᠢᠯ᠎ᠲᠡᠶ ᠳᠡᠯᠡᠬᠡᠶ᠎ᠶ᠋ᠢᠨ ᠲᠡᠷᠢᠭᠦᠨ ᠵᠡᠷᠭᠡ᠎ᠶᠢᠨ ᠮᠠᠱᠢᠨ ᠲᠡᠷᠭᠡᠨ᠎ᠦ ᠪᠦᠯᠦᠭ᠌ᠯᠡᠯ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠎ᠠ ᠭᠡᠵᠦ᠍ ᠢᠯᠡᠳᠭᠡᠪᠡ᠃

ᠰᠤᠩᠭᠠᠷᠢ ᠮᠦᠷᠡᠨ ᠨᠣᠨ ᠮᠥᠷᠡᠨ᠎ᠦ ᠲᠠᠯ᠎ᠠ ᠭᠠᠵᠠᠷ᠎ᠤᠨ ᠵᠢᠭᠡᠬᠦᠨ ᠰᠠᠯᠬᠢᠨ᠎ᠳᠤ᠂ ᠲᠣᠰᠣ ᠰᠣᠷᠣᠬᠤ ᠮᠠᠱᠢᠨ ᠡᠳᠦᠷ ᠰᠥᠨᠢ ᠵᠣᠭ᠍ᠰᠣᠯ ᠦᠭᠡᠢ ᠠᠵᠢᠯᠯᠠᠨ᠎ᠠ᠃ ᠲᠦᠷᠦᠭᠦᠬᠡᠨ᠂ ᠳᠤᠮᠳᠠᠳᠤ ᠤᠯᠤᠰ᠎ᠤᠨ ᠴᠢᠯᠠᠭᠤᠨ ᠲᠣᠰᠣᠨ᠎ᠤ ᠳ᠋ᠠᠴᠢᠩ᠎ᠤᠨ ᠬᠥ᠋ ᠯᠦᠩ ᠵᠠᠨᠠᠷ᠎ᠤᠨ ᠲᠣᠰᠣᠨ᠎ᠤ ᠵᠢᠯ᠎ᠦᠨ ᠭᠠᠷᠤᠯᠲᠠ ᠨᠢᠭᠡᠨᠲᠡ ᠵᠠᠭᠤᠨ ᠲᠦᠮᠡᠨ ᠲᠣᠨ᠎ᠢ ᠳᠠᠪᠠᠵᠤ᠂ ᠯᠤᠲᠤ ᠶᠡᠬᠡ ᠡᠨᠧᠷᠭᠢ᠎ᠶ᠋ᠢᠨ ᠳᠠᠯᠳᠠ ᠬᠦᠴᠦᠨ᠎ᠢ ᠢᠯᠡᠷᠡᠭᠦᠯᠪᠡ᠃

ᠡᠨᠧᠷᠭᠢ᠎ᠶ᠋ᠢᠨ ᠠᠮᠤᠷ ᠲᠦᠪᠱᠢᠨ ᠪᠦᠬᠦ᠌ ᠲᠠᠯ᠎ᠠ᠎ᠳᠤ ᠬᠣᠯᠪᠣᠭ᠍ᠳᠠᠨ᠎ᠠ᠃ ᠶᠡᠷᠦᠩᠬᠡᠢ ᠱᠦᠵᠢ ᠰᠢ᠎ᠵᠢᠨ᠎ᠫᠢᠩ᠎ᠦᠨ ᠳᠤᠷᠠᠳᠤᠭ᠍ᠰᠠᠨ 《ᠲᠦᠷᠪᠡᠨ ᠬᠤᠪᠢᠰᠭᠠᠯ᠂ ᠨᠢᠭᠡ ᠬᠠᠮᠲᠤᠷᠠᠯᠴᠠᠭ᠎ᠠ》᠎ᠶᠢᠨ ᠡᠨᠧᠷᠭᠢ᠎ᠶ᠋ᠢᠨ ᠠᠮᠤᠷ ᠲᠦᠪᠱᠢᠨ᠎ᠦ ᠱᠢᠨ᠎ᠡ ᠪᠠᠢᠯᠳᠤᠬᠤ ᠪᠤᠳᠤᠯᠭ᠎ᠠ᠎ᠶ᠋ᠢᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠴᠢᠯᠠᠭᠤᠨ ᠲᠤᠰᠤ ᠤᠢ᠍ᠢᠷ᠎ᠠ᠎ᠶ᠋ᠢᠨ ᠵᠢᠯ᠎ᠳᠦ ᠥᠨᠳᠥᠷ ᠪᠦᠲᠦᠮᠵᠢᠲᠡᠢ᠎ᠪᠡᠷ ᠬᠠᠢᠨ ᠱᠢᠨᠵᠢᠯᠡᠬᠦ᠌᠂ ᠦᠷ᠎ᠡ ᠠᠱᠢᠭ᠎ᠢᠶᠠᠷ ᠨᠡᠭᠡᠭᠡᠨ ᠬᠥᠭ᠌ᠵᠢᠭᠦᠯᠬᠦ᠌᠎ᠶ᠋ᠢ ᠶᠡᠬᠡ᠎ᠪᠡᠷ ᠠᠬᠢᠭᠤᠯᠵᠤ᠂ ᠴᠢᠯᠠᠭᠤᠨ ᠲᠤᠰᠤ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠭᠠᠷᠤᠯᠲᠠ ᠤᠳᠠᠭ᠎ᠠ ᠳᠠᠷᠠᠭᠠᠯᠠᠨ ᠱᠢᠨ᠎ᠡ ᠲᠡᠮᠳᠡᠭ᠌ᠯᠡᠯ᠎ᠢ ᠡᠭᠦᠳᠴᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢᠨ 《ᠨᠢᠷᠤᠭᠤ ᠲᠤᠯᠭᠠᠭᠤᠷᠢ》᠎ᠶᠢᠨ ᠦᠢᠯᠡᠳᠦᠯ᠎ᠢ ᠪᠠᠳᠠᠷᠠᠭᠤᠯᠪᠠ᠃

《ᠶᠡᠷᠦᠩᠬᠡᠢ ᠱᠦᠵᠢ ᠲᠥᠪ᠎ᠦᠨ ᠠᠵᠤ ᠠᠬᠤᠢᠯᠠᠯ᠎ᠢ 〈ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌ ᠬᠡᠷᠡᠭ᠌ᠲᠡᠢ〉 ᠭᠡᠵᠦ᠍ ᠱᠠᠭᠠᠷᠳᠠᠪᠠ᠂ ᠪᠢᠳᠡ ᠡᠭᠦᠨ᠎ᠳᠦ ᠲᠤᠭᠤᠱᠢᠯᠠᠭ᠍ᠳᠠᠵᠤ ᠪᠠᠢᠭ᠎ᠠ ᠭᠦᠨ ᠭᠦᠨᠵᠡᠭᠡᠢ ᠶᠣᠰᠣ ᠤᠴᠢᠷ᠎ᠢ ᠦᠷᠭᠦᠯᠵᠢᠯᠡᠨ ᠭᠦᠨᠵᠡᠭᠡᠢ ᠣᠢᠯᠠᠭᠠᠵᠤ᠂ ᠤᠯᠤᠰ᠎ᠤᠨ ᠳᠣᠲᠣᠭᠠᠳᠤ᠎ᠶ᠋ᠢᠨ ᠴᠢᠯᠠᠭᠤᠨ ᠲᠤᠰᠤ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠴᠢᠩᠭᠠᠳᠭᠠᠬᠤ᠂ ᠱᠢᠨ᠎ᠡ ᠡᠨᠧᠷᠭᠢ᠎ᠶ᠋ᠢᠨ ᠲᠤᠬᠠᠢᠯᠠᠭ᠍ᠰᠠᠨ ᠠᠵᠢᠯ᠎ᠢ ᠲᠦᠷᠭᠡᠨ ᠪᠠᠢᠷᠢᠱᠢᠭᠤᠯᠬᠤ᠂ ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠵᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ᠂ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠬᠤ ᠰᠠᠨᠠᠭᠠᠴᠢᠯᠠᠭᠠᠲᠤ ᠡᠷᠬᠡ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠳᠡᠨ᠎ᠡ》 ᠭᠡᠵᠦ᠍ ᠳᠤᠮᠳᠠᠳᠤ ᠤᠯᠤᠰ᠎ᠤᠨ ᠴᠢᠯᠠᠭᠤᠨ ᠲᠤᠰᠤ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠬᠤᠪᠢᠴᠠᠭᠠᠲᠦ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠵᠠᠬᠢᠷᠤᠭ᠍ᠴᠢ ᠾᠧ ᠵᠢᠶᠠᠩ ᠴᠤᠸᠠᠨ ᠬᠡᠯᠡᠪᠡ᠃

ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠃ 《ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ ᠤᠯᠠᠮ ᠬᠦᠨᠳᠦ ᠪᠣᠯᠬᠤ ᠲᠤᠳᠤᠮ ᠨᠠᠮ᠎ᠤᠨ ᠤᠳᠤᠷᠢᠳᠤᠯᠭ᠎ᠠ᠎ᠶ᠋ᠢ ᠤᠯᠠᠮ ᠴᠢᠩᠭᠠᠳᠭᠠᠨ ᠰᠠᠢᠵᠢᠷᠠᠭᠤᠯᠬᠤ ᠴᠢᠬᠤᠯᠠᠲᠠᠢ ᠭᠡᠳᠡᠭ᠎ᠢ ᠱᠢᠨ᠎ᠡ ᠴᠠᠭ ᠦᠶ᠎ᠡ᠎ᠡᠴᠡ ᠨᠠᠭᠠᠱᠢᠬᠢ ᠦᠢᠯᠡᠳᠦᠯᠭᠡ ᠭᠡᠷᠡᠴᠢᠯᠡᠪᠡ》᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠨᠠᠮ᠎ᠤᠨ ᠰᠤᠷᠭᠠᠭᠤᠯᠢ (ᠤᠯᠤᠰ᠎ᠤᠨ ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)᠎ᠶᠢᠨ ᠫᠷᠤᠹᠸᠰᠰᠤᠷ ᠬᠠᠨ ᠪᠦᠦ ᠵᠢᠶᠠᠩ᠂ ᠲᠠᠷᠠᠭᠠᠴᠢ᠎ᠶ᠋ᠢᠨ ᠠᠯᠬᠤᠮ᠎ᠳᠤ᠂ ᠲᠥᠪ᠎ᠦᠨ ᠠᠵᠤ ᠠᠬᠤᠢᠯᠠᠯ ᠨᠠᠮ᠎ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠪᠠᠨ ᠲᠠᠰᠤᠷᠠᠯᠲᠠ ᠥᠬᠡᠶ ᠪᠣᠳᠠᠲᠠᠢᠵᠢᠭᠤᠯᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠥᠭ ᠰᠦᠨᠡᠰᠦ᠎ᠪᠡᠨ ᠱᠤᠭᠤᠬᠤ᠎ᠶ᠋ᠢ ᠪᠠᠷᠢᠮᠲᠠᠯᠠᠨ᠂ ᠨᠠᠮ᠎ᠤᠨ ᠪᠠᠢᠭᠤᠯᠤᠯᠲᠠ᠎ᠶ᠋ᠢᠨ ᠠᠵᠢᠯ ᠪᠠ ᠦᠶ᠋ᠯᠡᠳᠪᠦᠷᠢᠯᠡᠯ ᠡᠵᠡᠩᠨᠡᠯᠲᠡ᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠯᠠᠪᠲᠠᠶ ᠲᠥᠪ᠎ᠦᠨ ᠠᠵᠤ ᠠᠬᠤᠢᠯᠠᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠂ ᠲᠤᠱᠢᠶᠠᠯ ᠬᠠᠷᠢᠭᠤᠴᠠᠯᠭ᠎ᠠ᠎ᠪᠠᠨ ᠨᠠᠩ ᠰᠠᠢᠲᠤᠷ ᠡᠭᠦᠷᠭᠡᠯᠡᠬᠦ᠌᠎ᠳᠦ ᠬᠦᠴᠦᠲᠡᠶ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠬᠤ ᠪᠣᠯᠤᠨ᠎ᠠ ᠭᠡᠵᠤ ᠢᠯᠡᠳᠭᠡᠪᠡ᠃

ᠰᠢᠨᠬᠤᠸᠠ ᠬᠣᠷᠢᠶ᠎ᠠ᠎ᠶᠢᠨ ᠰᠤᠷᠪᠤᠯᠵᠢᠯᠠᠭᠴᠢ ᠸᠠᠩ ᠰᠢ   ᠸᠠᠩ ᠶᠤᠸᠠᠢ ᠶᠠᠩ

ᠢᠷᠡᠯᠲᠡ᠄    