ᠲᠡᠷᠢᠭᠦᠨ ᠬᠠᠭᠤᠳᠠᠰᠤ   -   ᠴᠢᠬᠤᠯᠠ ᠮᠡᠳᠡᠭᠡ
《ᠵᠣᠬᠢᠶᠠᠮᠠᠯ ᠣᠶᠤᠨ ᠴᠢᠳᠠᠪᠤᠷᠢ +》᠎ᠶᠢ ᠬᠥᠭ᠌ᠵᠢᠯᠲᠡ᠎ᠶ᠋ᠢᠨ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠰᠤᠭᠠᠢ
ᠨᠡᠶ᠋ᠢᠲᠡᠯᠡᠭᠰᠡᠨ ᠴᠠᠭ᠄ 2025-12-29

ᠲᠦᠷᠦᠭᠦᠬᠡᠨ ᠬᠤᠷᠠᠯᠳᠤᠭ᠍ᠰᠠᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠭᠣᠣᠯᠳᠠᠯᠭ᠎ᠠ᠎ᠲᠠᠶ ᠡᠭᠦᠷᠭᠡ᠎ᠳᠦ 《〈ᠵᠣᠬᠢᠶᠠᠮᠠᠯ ᠤᠶᠤᠨ ᠴᠢᠳᠠᠪᠤᠷᠢ +〉᠎ᠶᠢ ᠭᠦᠨᠵᠡᠭᠡᠢᠷᠡᠭᠦᠯᠦᠨ ᠥᠷᠭᠡᠳᠭᠡᠬᠦ᠌》᠎ᠶᠢ ᠲᠣᠳᠣᠷᠬᠠᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ ᠳ᠋ᠡᠬᠢ 《〈ᠵᠣᠬᠢᠶᠠᠮᠠᠯ ᠤᠶᠤᠨ ᠴᠢᠳᠠᠪᠤᠷᠢ +〉 ᠠᠵᠢᠯᠯᠠᠭ᠎ᠠ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌》 ᠲᠠᠢ ᠠᠪᠴᠠᠯᠳᠤᠭᠤᠯᠪᠠ᠃ ᠵᠣᠬᠢᠶᠠᠮᠠᠯ ᠤᠶᠤᠨ ᠴᠢᠳᠠᠪᠤᠷᠢ ᠪᠣᠯᠤᠨ ᠠᠵᠤ ᠦᠢᠯᠡᠰ᠎ᠦᠨ ᠬᠥᠭ᠌ᠵᠢᠯᠲᠡ᠂ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠨᠡᠢᠭᠡᠮ᠎ᠦᠨ ᠵᠠᠰᠠᠯᠲᠠ ᠥᠷᠭᠡᠨ ᠭᠦᠨᠵᠡᠭᠡᠢ ᠠᠭᠤᠰᠤᠯᠴᠠᠵᠤ᠂ ᠮᠢᠩᠭᠠᠨ ᠲᠦᠮᠡᠨ ᠠᠵᠢᠯ ᠲᠦᠷᠦᠯ᠎ᠳᠦ ᠪᠦᠬᠦ ᠲᠠᠯ᠎ᠠ᠎ᠪᠠᠷ ᠬᠦᠴᠦᠨ ᠨᠡᠮᠡᠷᠢᠯᠡᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ᠌ ᠪᠣᠯᠤᠨ᠎ᠠ᠃

ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ ᠲᠦᠷᠭᠡᠨ ᠤᠯᠠᠷᠢᠨ ᠬᠤᠪᠢᠷᠠᠵᠤ ᠪᠠᠢᠭ᠎ᠠ ᠠᠬᠤᠢ ᠪᠠᠢᠳᠠᠯ ᠳᠣᠣᠷ᠎ᠠ᠂ ᠵᠣᠬᠢᠶᠠᠮᠠᠯ ᠤᠶᠤᠨ ᠴᠢᠳᠠᠪᠤᠷᠢ ᠪᠣᠯ ᠱᠢᠨ᠎ᠡ᠎ᠶ᠋ᠢ ᠡᠭᠦᠳᠬᠦ᠌ ᠬᠡᠯᠬᠢᠶ᠎ᠠ ᠪᠣᠯᠤᠨ ᠠᠵᠤ ᠦᠢᠯᠡᠰ᠎ᠦᠨ ᠬᠡᠯᠬᠢᠶ᠎ᠠ᠎ᠶ᠋ᠢ ᠬᠣᠯᠪᠣᠬᠤ ᠵᠠᠩᠭᠢᠯᠠᠭ᠎ᠠ᠎ᠶ᠋ᠢᠨ ᠬᠥᠭᠥᠷᠭᠡ ᠮᠥᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠬᠥᠳᠡᠯᠭᠡᠭᠦᠷ ᠮᠥᠨ᠃ ᠰᠠᠭᠤᠷᠢ ᠰᠤᠳᠤᠯᠭᠠᠨ᠎ᠢᠶᠠᠷ ᠦᠨᠳᠦᠰᠦ ᠰᠠᠭᠤᠷᠢ᠎ᠶ᠋ᠢ ᠪᠡᠬᠢᠵᠢᠭᠦᠯᠵᠦ᠍᠂ ᠠᠵᠤ ᠦᠢᠯᠡᠰ᠎ᠦᠨ ᠠᠭᠤᠰᠤᠯᠴᠠᠯ᠎ᠢᠶᠠᠷ ᠬᠥᠳᠡᠯᠭᠡᠬᠦ᠌ ᠡᠨᠧᠷᠭᠢ᠎ᠶ᠋ᠢ ᠪᠠᠳᠠᠷᠠᠭᠤᠯᠵᠤ᠂ 《ᠵᠣᠬᠢᠶᠠᠮᠠᠯ ᠤᠶᠤᠨ ᠴᠢᠳᠠᠪᠤᠷᠢ +》 ᠨᠢ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠬᠥᠭ᠌ᠵᠢᠭᠦᠯᠬᠦ᠌ ᠳᠤᠮᠳᠠ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠠᠢᠨ᠎ᠠ᠃

ᠵᠣᠬᠢᠶᠠᠮᠠᠯ ᠣᠶᠤᠨ ᠴᠢᠳᠠᠪᠤᠷᠢ ᠪᠣᠯᠤᠨ ᠣᠯᠠᠨ ᠬᠦᠷᠢᠶ᠎ᠡ ᠴᠠᠷᠠᠭ᠎ᠠ ᠨᠠᠩ ᠭᠦᠨᠵᠡᠭᠡᠶ ᠠᠭᠤᠰᠤᠯᠴᠠᠵᠤ᠂ ᠤᠯᠠᠮᠵᠢᠯᠠᠯᠲᠤ ᠠᠵᠤ ᠦᠶ᠋ᠯᠡᠰ᠎ᠢ ᠥᠭᠡᠷᠡᠴᠢᠯᠡᠨ ᠲᠠᠰ ᠳᠡᠪᠱᠢᠭᠦᠯᠬᠦ᠌᠎ᠳᠦ ᠬᠦᠴᠦᠨ ᠨᠡᠮᠡᠷᠢᠯᠡᠵᠤ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠤᠵᠠᠭᠠᠢᠷᠠᠭᠤᠯᠬᠤ ᠪᠠ ᠢᠷᠡᠭᠡᠳᠦᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠤᠷᠤᠯᠳᠤᠭᠠᠨ᠎ᠤ ᠵᠠᠮ᠎ᠢ ᠨᠡᠭᠡᠭᠡᠵᠦ᠍᠂ ᠮᠡᠷᠭᠡᠵᠢᠯ᠎ᠦᠨ ᠬᠤᠪᠢᠰᠤᠭ᠍ᠴᠢ ᠬᠡᠮᠵᠢᠭ᠌ᠳᠡᠬᠦᠨ᠎ᠢ ᠠᠵᠤ ᠦᠶ᠋ᠯᠡᠰ᠎ᠦᠨ ᠨᠡᠮᠡᠭ᠌ᠳᠡᠯ ᠬᠡᠮᠵᠢᠭᠳᠡᠬᠦᠨ ᠪᠣᠯᠭᠠᠵᠤ᠂ ᠠᠬᠤᠶ ᠪᠠᠢᠳᠠᠯ᠎ᠤᠨ ᠳᠠᠪᠠᠭᠤᠯᠢᠭ᠎ᠢ ᠥᠷᠢᠰᠥᠯᠳᠦᠭᠡᠨ᠎ᠦ ᠳᠠᠪᠠᠭᠤᠯᠢᠭ ᠪᠣᠯᠭᠠᠨ ᠬᠤᠪᠢᠷᠠᠭᠤᠯᠬᠤ ᠪᠣᠯᠤᠨ᠎ᠠ᠃ ᠱᠢᠨ᠎ᠡ᠎ᠶ᠋ᠢ ᠡᠭᠦᠳᠬᠦ᠌᠎ᠪᠡᠷ ᠬᠡᠷᠡᠭ᠌ᠯᠡᠯᠳᠡ᠎ᠶᠢ ᠳᠠᠢᠴᠢᠯᠠᠬᠤ᠂ ᠬᠡᠷᠡᠭ᠌ᠯᠡᠯᠳᠡ᠎ᠪᠠᠷ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ ᠰᠠᠢ᠌ᠨ ᠣᠷᠴᠢᠯ ᠳᠤᠮᠳᠠ᠂ 《ᠵᠣᠬᠢᠶᠠᠮᠠᠯ ᠤᠶᠤᠨ ᠴᠢᠳᠠᠪᠤᠷᠢ +》 ᠭᠦᠨᠵᠡᠭᠡᠢᠷᠡᠨ ᠪᠣᠳᠠᠲᠠᠢᠵᠢᠵᠤ᠂ ᠱᠢᠨ᠎ᠡ ᠰᠠᠭᠤᠷᠢ ᠲᠥᠬᠥᠭᠡᠷᠦᠮᠵᠢ᠂ ᠱᠢᠨ᠎ᠡ ᠮᠡᠷᠭᠡᠵᠢᠯ᠎ᠦᠨ ᠱᠢᠰᠲ᠋ᠧᠮ᠂ ᠱᠢᠨ᠎ᠡ ᠠᠵᠤ ᠦᠢᠯᠡᠰ᠎ᠦᠨ ᠠᠮᠢ ᠠᠬᠤᠶ᠂ ᠱᠢᠨ᠎ᠡ ᠠᠵᠢᠯ ᠣᠯᠭᠣᠯᠲᠠ᠎ᠶ᠋ᠢᠨ ᠪᠠᠢᠷᠢ ᠲᠠᠰᠤᠷᠠᠯᠲᠠ ᠦᠭᠡᠢ ᠪᠤᠢ ᠪᠤᠯᠬᠤ᠎ᠶᠢ ᠠᠬᠢᠭᠤᠯᠵᠤ᠂ ᠥᠷᠭᠡᠨ ᠤᠯᠠᠨ ᠠᠷᠠᠳ ᠲᠦᠮᠡᠨ᠎ᠳᠦ ᠵᠣᠬᠢᠶᠠᠮᠠᠯ ᠤᠶᠤᠨ ᠴᠢᠳᠠᠪᠤᠷᠢ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠡᠳ᠋ᠯᠡᠭᠦᠯᠬᠦ᠌ ᠪᠣᠯᠤᠨ᠎ᠠ᠃

ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠡᠴᠡ 《ᠵᠣᠬᠢᠶᠠᠮᠠᠯ ᠣᠶᠤᠨ ᠴᠢᠳᠠᠪᠤᠷᠢ᠎ᠶ᠋ᠢᠨ ᠵᠠᠰᠠᠯᠲᠠ᠎ᠶ᠋ᠢ ᠲᠡᠭᠦᠯᠳᠡᠷᠵᠢᠭᠦᠯᠬᠦ ᠬᠡᠷᠡᠭᠳᠠᠢ》 ᠭᠡᠵᠦ᠍ ᠳᠤᠷᠠᠳᠴᠤ᠌᠂ ᠢᠯᠡ ᠲᠣᠳᠣ ᠳᠣᠬᠢᠶ᠎ᠠ ᠭᠠᠷᠭᠠᠪᠠ᠃ ᠵᠠᠰᠠᠯᠲᠠ ᠨᠢ ᠤᠳᠠᠭᠠᠰᠢᠷᠠᠭᠤᠯᠤᠬᠴᠢ ᠪᠢᠰᠢ᠂ ᠬᠠᠷᠢᠨ ᠲᠣᠭ᠍ᠲᠠᠪᠤᠷᠢᠵᠢᠭᠤᠯᠤᠭ᠍ᠴᠢ ᠪᠣᠯᠤᠨ ᠠᠮᠤᠷ ᠲᠦᠪᠱᠢᠨ᠎ᠦ ᠲᠣᠣᠷ ᠪᠣᠯᠤᠨ᠎ᠠ᠃ ᠪᠤᠳᠤᠯᠳᠠ᠎ᠶᠢᠨ ᠠᠷᠭ᠎ᠠ᠎ᠶ᠋ᠢ ᠳᠠᠩᠰᠠᠯᠠᠬᠤ᠎ᠡᠴᠡ ᠨᠡᠢᠯᠡᠮᠡᠯ ᠠᠭᠤᠯᠭ᠎ᠠ᠎ᠳᠦ ᠲᠡᠮᠳᠡᠭ ᠬᠠᠳᠠᠬᠤ ᠬᠦᠷᠲᠡᠯ᠎ᠡ᠂ 《ᠵᠣᠬᠢᠶᠠᠮᠠᠯ ᠣᠶᠤᠨ ᠴᠢᠳᠠᠪᠤᠷᠢ᠎ᠶ᠋ᠢᠨ ᠠᠮᠤᠷ ᠲᠦᠪᠱᠢᠨ᠎ᠦ ᠵᠠᠰᠠᠯᠲᠠ᠎ᠶ᠋ᠢᠨ ᠪᠣᠷᠣ ᠲᠥᠯᠥᠪ》᠎ᠤᠨ 1.0 ᠬᠡᠪᠯᠡᠯ᠎ᠠᠴᠠ 2.0 ᠬᠡᠪᠯᠡᠯ ᠬᠦᠷᠲᠡᠯ᠎ᠡ᠂ ᠮᠡᠷᠭᠡᠵᠢᠯ᠎ᠦᠨ ᠲᠠᠯ᠎ᠠ᠎ᠪᠠᠷ ᠦᠷᠭᠦᠯᠵᠢᠯᠡᠨ ᠱᠢᠨ᠎ᠡ᠎ᠶ᠋ᠢ ᠡᠭᠦᠳᠴᠦ᠍ ᠱᠢᠪᠲᠤᠯᠤᠯᠲᠠ ᠭᠠᠷᠭᠠᠬᠤ᠎ᠶ᠋ᠢᠨ ᠬᠠᠮᠲᠤ᠂ ᠬᠤᠯᠪᠤᠭᠳᠠᠯ ᠪᠥᠬᠥᠶ ᠲᠠᠯ᠎ᠠ᠎ᠶᠢᠨ ᠬᠢᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠲᠥᠷᠥ᠎ᠶ᠋ᠢᠨ ᠪᠣᠳᠣᠯᠭ᠎ᠠ ᠲᠦᠷᠢᠮ᠂ ᠬᠡᠷᠡᠭ᠌ᠯᠡᠯᠳᠡ᠎ᠶᠢᠨ ᠵᠢᠷᠤᠮᠵᠢᠯ᠂ ᠶᠣᠰᠣ ᠰᠤᠷᠲᠠᠬᠤᠨ᠎ᠤ ᠪᠠᠷᠢᠮᠵᠢᠶ᠎ᠠ᠎ᠶ᠋ᠢ ᠱᠠᠯᠠᠪᠳᠠᠨ ᠲᠣᠭ᠍ᠲᠠᠭᠠᠨ ᠲᠡᠭᠦᠯᠳᠡᠷᠵᠢᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶ᠋ᠢᠨ ᠡᠷᠡᠭᠦᠯ᠎ᠢᠶᠡᠷ ᠬᠥᠭ᠌ᠵᠢᠬᠦ᠌᠎ᠳᠦ ᠴᠢᠭ᠌ᠯᠡᠯ᠎ᠢ ᠲᠣᠳᠣᠷᠬᠠᠢᠯᠠᠨ᠂ ᠣᠷᠣᠨ ᠵᠠᠶ᠎ᠶ᠋ᠢ ᠭᠦᠶ᠋ᠴᠡᠳ ᠦᠯᠡᠳᠡᠭᠡᠵᠦ᠍᠂ ᠰᠠᠭᠤᠷᠢ᠎ᠶ᠋ᠢ ᠪᠠᠲᠤ ᠪᠠᠬᠢ ᠲᠠᠯᠪᠢᠪᠠ᠃

《ᠵᠣᠬᠢᠶᠠᠮᠠᠯ ᠣᠶᠤᠨ ᠴᠢᠳᠠᠪᠤᠷᠢ +》 ᠨᠢ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠡᠴᠡ ᠦᠶ᠋ᠯᠡᠳᠪᠦᠷᠢ᠎ᠶ᠋ᠢᠨ ᠲᠠᠰᠤᠭ᠂ ᠤᠯᠠᠨ ᠲᠦᠮᠡᠨ᠎ᠦ ᠳᠤᠮᠳᠠ ᠣᠷᠣᠬᠤ᠎ᠳᠤ ᠣᠯᠠᠨ ᠡᠱᠢᠲᠦ ᠭᠤᠤᠯ ᠴᠣᠭ᠍ᠴᠠ᠎ᠶ᠋ᠢᠨ ᠠᠳᠠᠯᠢ ᠴᠢᠭ᠌ᠯᠡᠯ᠎ᠢᠶᠡᠷ ᠬᠦᠴᠦᠯᠡᠬᠦ᠌᠎ᠡᠴᠡ ᠰᠠᠯᠵᠤ ᠴᠢᠳᠠᠬᠤ ᠥᠬᠡᠶ ᠶᠤᠮ᠃ ᠵᠠᠰᠠᠭ᠎ᠤᠨ ᠣᠷᠳᠣᠨ ᠣᠷᠴᠢᠨ ᠨᠦᠬᠦᠴᠡᠯ᠎ᠢ ᠡᠭᠦᠳᠴᠦ᠍᠂ ᠡᠳ᠋ ᠬᠦᠷᠦᠩᠭᠡ ᠡᠵᠡᠮᠰᠢᠭᠴᠢᠳ ᠲᠡᠪᠴᠢᠶᠡᠷᠢ᠎ᠲᠡᠶ᠂ ᠠᠵᠤ ᠠᠬᠤᠢᠯᠠᠯ ᠵᠣᠷᠢᠭ᠍ᠲᠠᠢ᠎ᠪᠠᠷ ᠱᠢᠨ᠎ᠡ᠎ᠶ᠋ᠢ ᠡᠭᠦᠳᠴᠦ᠍᠂ ᠵᠠᠬ᠎ᠠ ᠳᠡᠯᠭᠡᠭᠦᠷ ᠠᠯᠳᠠᠭ᠎ᠠ ᠪᠤᠷᠤᠭᠤ᠎ᠶᠢ ᠠᠭᠤᠴᠢᠯᠠᠵᠤ᠂ ᠬᠢᠨᠠᠯᠲᠠ ᠬᠠᠮᠢᠶᠠᠷᠤᠯᠲᠠ ᠤᠯᠠᠭᠠᠨ ᠱᠤᠭᠤᠮ᠎ᠢ ᠰᠠᠬᠢᠵᠤ᠂ ᠨᠡᠢᠭᠡᠮ ᠪᠠᠭ᠍ᠲᠠᠭᠠᠮᠵᠢᠲᠠᠢ ᠪᠠᠢᠵᠤ᠂ ᠲᠦᠷᠢᠮ᠎ᠦᠨ ᠱᠢᠨ᠎ᠡ ᠡᠭᠦᠳᠦᠯᠲᠡ᠎ᠪᠡᠷ ᠲᠣᠭ᠍ᠲᠡᠴᠡ᠎ᠶ᠋ᠢᠨ ᠬᠠᠷᠰᠢ ᠰᠠᠭᠠᠳ᠎ᠢ ᠠᠷᠢᠯᠭᠠᠵᠤ᠂ ᠮᠡᠷᠭᠡᠵᠢᠯ᠎ᠦᠨ ᠱᠢᠨ᠎ᠡ ᠡᠭᠦᠳᠦᠯᠲᠡ᠎ᠪᠡᠷ ᠵᠠᠩᠭᠢᠯᠠᠭ᠎ᠠ᠎ᠶ᠋ᠢᠨ ᠪᠣᠭᠣᠮᠢ᠎ᠶ᠋ᠢ ᠱᠢᠪᠲᠤᠯᠵᠤ᠂ ᠠᠬᠤᠢ ᠪᠠᠢᠳᠠᠯ᠎ᠤᠨ ᠱᠢᠨ᠎ᠡ ᠡᠭᠦᠳᠦᠯᠲᠡ᠎ᠪᠡᠷ ᠬᠡᠷᠡᠭ᠌ᠯᠡᠯᠳᠡ᠎ᠶᠢᠨ ᠵᠠᠭᠠᠭ ᠬᠢᠵᠠᠭᠠᠷ᠎ᠢ ᠥᠷᠭᠡᠳᠭᠡᠪᠡᠯ᠂ 《ᠵᠣᠬᠢᠶᠠᠮᠠᠯ ᠤᠶᠤᠨ ᠴᠢᠳᠠᠪᠤᠷᠢ +》 ᠯᠠᠪᠲᠠᠢ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠡᠨᠧᠷᠭᠢ ᠪᠣᠯᠤᠨ ᠱᠢᠨ᠎ᠡ ᠳᠠᠪᠠᠭᠤᠯᠢᠭ᠎ᠢ ᠦᠷᠭᠦᠯᠵᠢᠯᠡᠨ ᠪᠤᠢ ᠪᠣᠯᠭᠠᠬᠤ ᠪᠣᠯᠤᠨ᠎ᠠ᠃ 

 

ᠢᠷᠡᠯᠲᠡ᠄ ᠥᠪᠥᠷ ᠮᠣᠩᠭᠣᠯ᠎ᠤᠨ ᠡᠳᠦᠷ᠎ᠦᠨ ᠰᠣᠨᠢᠨ